ᠰᠢᠭᠤᠶᠢᠲᠤ ᠲᠣᠭᠤᠷᠢᠭ ᠤᠨ ᠣᠯᠠᠨ ᠤᠯᠤᠰ ᠤᠨ ᠵᠡᠮᠳᠡᠭᠴᠦᠳ ᠤᠨ ᠡᠳᠦᠷ  ᠤᠨ ᠤᠬᠠᠭᠤᠯᠭ᠎ᠠ ᠶᠢᠨ ᠠᠵᠢᠯᠯᠠᠭ᠎ᠠ ᠬᠥᠳᠡᠭᠡ ᠲᠣᠰᠭᠤᠨ ᠳᠤ ᠣᠷᠣᠪᠠ
ᠨᠡᠶᠢᠲᠡᠯᠡᠭᠰᠡᠨ ᠴᠠᠭ᠄
2023/12/21
        11 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ 32 ᠳ᠋ᠤᠭᠠᠷ ︽ᠳᠡᠯᠡᠬᠡᠢ ᠶᠢᠨ ᠵᠡᠮᠳᠡᠭᠴᠦᠳ ᠤᠨ ᠡᠳᠦᠷ︾ ᠬᠦᠷᠴᠦ ᠢᠷᠡᠬᠦ ᠲᠠᠰᠢᠷᠠᠮ ᠢᠶᠠᠷ᠂ ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠪᠡᠳᠬᠡᠷ ᠵᠣᠣ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ ᠲᠠᠢ ᠬᠠᠮᠲᠤᠷᠠᠨ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ᠪᠠᠳ ᠺᠠᠷ ᠵᠣᠣ ᠪᠠᠯᠭᠠᠰᠤᠨ ᠤ ᠭᠠᠩ ᠹᠠᠩ ᠳ᠋ᠢ ᠲᠣᠰᠬᠤᠨ ᠳᠤ ᠬᠦᠷᠴᠦ ᠵᠡᠮᠳᠡᠭᠴᠦᠳ ᠢ ᠬᠠᠪᠰᠤᠷᠤᠨ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
1702886789346078256.jpg
        ᠵᠡᠮᠳᠡᠭᠴᠦᠳ ᠤᠨ ᠬᠤᠯᠪᠣᠭ᠎ᠠ ᠶᠢᠨ ᠺᠠᠳ᠋ᠷᠴᠤᠳ ᠵᠡᠮᠳᠡᠭᠴᠦᠳ ᠢ ᠲᠤᠰᠠᠯᠠᠵᠤ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠵᠢᠴᠢ ᠨᠡᠶᠢᠭᠡᠮ ᠲᠣᠭᠤᠷᠢᠭ ᠤᠨ ᠡᠷᠡᠭᠦᠯᠵᠢᠯ ᠤᠨ ᠮᠡᠳᠡᠯᠭᠡ ᠶᠢᠨ ᠭᠠᠷ ᠳᠡᠪᠲᠡᠷ᠂ ᠵᠡᠮᠳᠡᠭᠴᠦᠳ ᠤᠨ ᠪᠠᠲᠤᠯᠠᠭ᠎ᠠ ᠶᠢᠨ ᠬᠠᠤᠯᠢ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ ᠲᠦᠮᠡᠨ ᠤ ᠲᠥᠷᠥ ᠶᠢᠨ ᠪᠣᠳᠣᠯᠭ᠎ᠠ ᠶᠢ ᠮᠡᠳᠡᠬᠦ ᠨᠣᠷᠮ᠎ᠠ ᠶᠢ ᠳᠡᠭᠡᠭᠰᠢᠯᠡᠭᠦᠯᠪᠡ᠃ ᠡᠷᠡᠭᠦᠯᠵᠢᠭᠦᠯᠬᠦ ᠮᠡᠳᠡᠯᠭᠡ ᠶᠢ ᠲᠦᠭᠡᠮᠡᠯᠵᠢᠭᠦᠯᠬᠦ ᠪᠠᠷ ᠳᠠᠮᠵᠢᠭᠤᠯᠤᠨ᠂ ᠲᠤᠬᠠᠢ ᠶᠢᠨ ᠭᠠᠵᠠᠷ ᠤᠨ ᠵᠡᠮᠳᠡᠭᠴᠦᠳ ᠨᠢᠭᠡᠪᠦᠷᠢ ᠳᠤ ᠴᠥᠮ ᠪᠦᠲᠦᠮᠵᠢᠲᠡᠶ ᠡᠷᠡᠭᠦᠯᠵᠢᠭᠦᠯᠬᠦ ᠶᠢ ᠬᠠᠮᠢᠶᠠᠷᠬᠤ ᠠᠷᠭ᠎ᠠ ᠶᠢ ᠣᠶᠢᠯᠠᠭᠠᠭᠤᠯᠬᠤ ᠶᠢᠨ ᠬᠠᠮᠲᠤ ᠡᠷᠡᠭᠦᠯᠵᠢᠭᠦᠯᠬᠦ ᠬᠡᠷᠡᠭᠴᠡᠭᠡ ᠲᠠᠢ ᠵᠡᠮᠳᠡᠭᠴᠦᠳ ᠢ ᠰᠠᠨᠠᠭᠤᠯᠬᠤ ᠪᠠ ᠳᠠᠶᠢᠴᠢᠯᠠᠵᠤ ᠬᠠᠯᠠᠭᠤᠨ ᠳᠤᠯᠠᠭᠠᠨ ᠭᠡᠷ ᠣᠷᠣᠨ ᠳᠤ ᠣᠴᠢᠭᠤᠯᠤᠨ ᠬᠠᠮᠢᠶ᠎ᠠ ᠪᠦᠬᠦᠢ ᠪᠠᠭᠠᠵᠢ ᠬᠡᠷᠡᠭᠰᠡᠯ ᠳᠤ ᠡᠷᠡᠭᠦᠯᠵᠢᠭᠦᠯᠬᠦ ᠪᠣᠯᠪᠠᠰᠤᠷᠠᠯ ᠥᠷᠨᠢᠭᠦᠯᠬᠦ ᠬᠡᠷᠡᠭᠲᠡᠢ᠃        ᠲᠣᠰ ᠤᠳᠠᠭᠠᠨ ᠤ ᠵᠡᠮᠳᠡᠭᠴᠦᠳ ᠢ ᠲᠤᠰᠠᠯᠠᠵᠤ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠨᠢ ᠮᠠᠯᠴᠢᠨ ᠲᠠᠷᠢᠶᠠᠴᠢᠨ ᠲᠦᠮᠡᠨ ᠳᠤ ᠨᠡᠶᠢᠲᠡ 100 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠬᠤᠶᠢᠰᠢᠳᠠ ᠬᠥᠳᠡᠭᠡ ᠲᠣᠰᠬᠤᠨ ᠤ ᠵᠡᠮᠳᠡᠭᠴᠦᠳ ᠢ ᠨᠠᠩ ᠰᠠᠶᠢᠲᠤᠷ ᠬᠥᠲᠥᠯᠥᠨ ᠵᠢᠯᠤᠭᠤᠳᠴᠤ ᠭᠡᠷ ᠠᠴᠠ ᠨᠢ ᠭᠠᠷᠭᠠᠵᠤ ᠨᠡᠶᠢᠭᠡᠮ ᠳᠤ ᠠᠭᠤᠰᠤᠯᠴᠠᠭᠤᠯᠬᠤ ᠳᠤ ᠰᠠᠭᠤᠷᠢ ᠲᠠᠯᠪᠢᠵᠤ ᠥᠭᠴᠡᠢ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号