【ᠦᠨᠳᠦᠰᠦᠨ ᠱᠠᠲᠤᠨ ᠤ ᠵᠡᠮᠳᠡᠭᠴᠦᠳ ᠦᠨ ᠨᠡᠶᠢᠭᠡᠮᠯᠢᠭ ᠦᠨ ᠬᠥᠳᠡᠯᠦᠩᠭᠦᠢ ᠪᠠᠶᠢᠳᠠᠯ】ᠪᠠᠢ ᠼᠤᠤ ᠭᠧᠦ ᠲᠣᠰᠬᠤᠨ ᠤ ᠵᠡᠮᠳᠡᠭᠴᠦᠳ ᠤᠨ ᠨᠡᠶᠢᠭᠡᠮᠯᠢᠭ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/25
        12 ᠰᠠᠷ᠎ᠠ ᠶᠢᠨ 4᠎ ᠤ ᠡᠳᠦᠷ ᠤᠨ ᠦᠳᠡ ᠶᠢᠨ ᠡᠮᠦᠨ᠎ᠡ᠂ ᠢᠷᠭᠡᠨ ᠤ ᠬᠠᠤᠯᠢ ᠶᠢᠨ ᠪᠢᠴᠢᠭ ᠢ ᠰᠤᠷᠤᠯᠴᠠᠨ ᠲᠤᠭᠤᠰᠢᠯᠠᠭᠤᠯᠵᠤ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠪᠡᠳᠬᠡᠷ ᠵᠤᠤ ᠪᠠᠯᠭᠠᠰᠤᠨ ᠤ ᠪᠠᠢ ᠼᠤᠤ ᠭᠧᠦ ᠲᠣᠰᠬᠤᠨ ᠤ ᠵᠡᠮᠳᠡᠭᠴᠦᠳ ᠤᠨ ᠨᠡᠶᠢᠭᠡᠮᠯᠢᠭ ᠪᠣᠯᠣᠨ ᠰᠢᠭᠤᠶᠢᠲᠤ ᠲᠣᠭᠤᠷᠢᠭ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠥᠷᠲᠡᠭᠡᠨ ᠤ ᠺᠠᠳ᠋ᠷ ᠠᠵᠢᠯᠲᠠᠨ ᠪᠠᠢ ᠼᠤᠤ ᠭᠧᠦ ᠲᠣᠰᠬᠤᠨ ᠤ ᠠᠷᠠᠳ ᠤᠨ ᠵᠥᠪᠯᠡᠯ ᠳᠤ ᠢᠷᠭᠡᠨ ᠤ ᠬᠠᠤᠯᠢ ᠶᠢᠨ ᠪᠢᠴᠢᠭ ᠢ ᠵᠡᠮᠳᠡᠭᠴᠦᠳ ᠤᠨ ᠠᠮᠢᠳᠤᠷᠠᠯ ᠤᠨ ᠠᠵᠢᠯᠯᠠᠭ᠎ᠠ ᠥᠷᠨᠢᠭᠦᠯᠪᠡ᠃
1703214435158051226.png
        ᠲᠤᠰ ᠤᠳᠠᠭᠠᠨ ᠤ ᠠᠵᠢᠯᠯᠠᠭ᠎ᠠ ᠨᠢ ᠵᠡᠮᠳᠡᠭᠴᠦᠳ ᠵᠢᠴᠢ ᠭᠡᠷ ᠪᠦᠯᠢ ᠶᠢᠨ ᠬᠢᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠎ ᠢ 50 ᠭᠠᠷᠤᠢ ᠬᠤᠪᠢ ᠲᠠᠷᠬᠠᠭᠠᠭᠰᠠᠨ ᠪᠥᠭᠡᠳ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠢᠬᠦ ᠶᠢᠨ ᠬᠠᠮᠲᠤ ᠵᠡᠮᠳᠡᠭᠴᠦᠳ ᠵᠢᠴᠢ ᠭᠡᠷ ᠪᠦᠯᠢ ᠶᠢᠨ ᠬᠢᠨ ᠲᠠᠢ ᠬᠠᠮᠲᠤ ᠪᠠᠷ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠸᠢᠳᠢᠤ᠋ ᠶᠢ ᠰᠣᠨᠢᠷᠬᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠵᠡᠮᠳᠡᠭᠴᠦᠳ ᠵᠢᠴᠢ ᠭᠡᠷ ᠪᠦᠯᠢ ᠶᠢᠨ ᠬᠢᠨ ᠢ ᠢᠳᠡᠪᠬᠢᠲᠡᠢ ᠬᠥᠲᠥᠯᠥᠨ ᠵᠢᠯᠤᠭᠤᠳᠴᠤ ᠪᠠᠶᠢᠭᠠᠳ ᠦᠨᠳᠦᠰᠦᠨ ᠬᠠᠤᠯᠢ ᠶᠢᠨ ᠤᠬᠠᠮᠰᠠᠷ ᠢ ᠪᠤᠢ ᠪᠣᠯᠭᠠᠵᠤ᠂ ᠦᠨᠳᠦᠰᠦᠨ ᠬᠠᠤᠯᠢ ᠶᠢᠨ ᠦᠵᠡᠯᠲᠡ ᠶᠢ ᠴᠢᠩᠭᠠᠳᠬᠠᠵᠤ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠵᠤ᠂ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠤᠬᠠᠮᠰᠠᠷ ᠢ ᠴᠢᠩᠭᠠᠳᠬᠠᠬᠤ ᠶᠢᠨ ᠬᠠᠮᠲᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠵᠡᠷᠭᠡ ᠬᠠᠷᠢᠯᠴᠠᠨ ᠬᠥᠳᠡᠯᠦᠯᠴᠡᠬᠦ ᠠᠷᠭ᠎ᠠ ᠬᠡᠯᠪᠡᠷᠢ ᠪᠠᠷ ᠳᠠᠮᠵᠢᠭᠤᠯᠤᠨ᠂ ᠵᠡᠮᠳᠡᠭᠴᠦᠳ ᠤᠨ ᠠᠮᠢᠳᠤᠷᠠᠯ ᠳᠤ ᠨᠢᠭᠲᠠ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠠᠰᠠᠭᠤᠳᠠᠯ ᠤᠨ ᠲᠣᠭᠤᠷᠢᠨ ᠳᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠵᠦᠢᠯ ᠵᠤᠷᠪᠤᠰ ᠤᠨ ᠬᠠᠨᠳᠤᠯᠭᠠᠲᠤ ᠴᠢᠨᠠᠷᠲᠠᠢ ᠲᠠᠶᠢᠯᠤᠮᠵᠢ ᠬᠢᠵᠡᠢ᠃
1703214467706075258.png
        ᠲᠣᠰ ᠤᠳᠠᠭᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠳᠤ ᠬᠠᠤᠯᠢ ᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠵᠡᠮᠳᠡᠭᠴᠦᠳ ᠤᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠤ ᠬᠠᠤᠯᠢ ᠪᠠᠷ ᠵᠠᠰᠠᠬᠤ ᠰᠠᠭᠤᠷᠢ ᠶᠢ ᠤᠯᠠᠮ ᠨᠢᠭᠡ ᠠᠯᠬᠤᠮ ᠲᠠᠯᠪᠢᠵᠤ ᠥᠭᠴᠡᠢ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号