ᠬᠡᠷᠡᠭ ᠢᠶᠠᠷ ᠰᠡᠷᠭᠡᠶᠢᠯᠡᠬᠦ ᠶᠢ ᠠᠬᠢᠭᠤᠯᠬᠤ᠂ ᠠᠮᠤᠷ ᠲᠦᠪᠰᠢᠨ ᠢ ᠬᠠᠮᠠᠭᠠᠯᠠᠬᠤ - ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠰᠡᠷᠡᠮᠵᠢᠯᠡᠭᠦᠯᠬᠦ ᠬᠥᠮᠦᠵᠢᠯ ᠤᠨ ᠰᠠᠷ᠎ᠠ︾᠎ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/25
        ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠰᠠᠭᠤᠷᠢ ᠮᠥᠩᠭᠦ ᠶᠢᠨ ᠪᠡᠯᠡ ᠮᠥᠩᠭᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠤᠯᠤᠰ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠪᠤᠭᠤᠲᠤ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ︽︿ᠪᠤᠭᠤᠲᠤ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠰᠠᠭᠤᠷᠢ ᠮᠥᠩᠭᠦ ᠶᠢᠨ ᠪᠡᠯᠡ ᠮᠥᠩᠭᠦ ᠶᠢᠨ ᠠᠮᠤᠷ ᠲᠦᠪᠰᠢᠨ ᠤ ᠰᠡᠷᠡᠮᠵᠢᠯᠡᠭᠦᠯᠬᠦ ᠬᠥᠮᠦᠵᠢᠯ ᠤᠨ ᠰᠠᠷ᠎ᠠ ᠶᠢᠨ ᠠᠵᠢᠯᠯᠠᠭ᠎ᠠ ᠶᠢᠨ ᠲᠥᠰᠥᠯ﹀᠎ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾᠎ ᠤᠨ ᠱᠠᠭᠠᠷᠳᠠᠯᠭ᠎ᠠ ᠶᠢ ᠦᠨᠳᠦᠰᠦᠯᠡᠨ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2023 ᠣᠨ ᠤ 12 ᠰᠠᠷ᠎ᠠ ᠶᠢᠨ 20᠎ ᠤ ᠡᠳᠦᠷ  ᠶᠢᠨ ᠵᠧᠩ ᠲᠣᠮᠣ ᠠᠰᠠᠷ ᠤᠨ A ᠰᠠᠭᠤᠳᠠᠯ ᠳᠤ 436 ᠬᠤᠷᠠᠯ ᠤᠨ ᠭᠡᠷ ᠲᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠤ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠡᠮᠵᠢᠯᠡᠭᠦᠯᠬᠦ ᠬᠥᠮᠦᠵᠢᠯ ᠤᠨ ᠰᠠᠷ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠶᠡᠭᠡ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠪᠥᠬᠦ ᠺᠠᠳ᠋ᠷ ᠠᠵᠢᠯᠲᠠᠨ ᠵᠢᠴᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢᠨ ᠨᠡᠶᠢᠭᠡᠮ ᠤᠨ ᠳᠠᠭᠠᠳᠬᠠᠯ ᠤᠨ ᠠᠵᠢᠯᠲᠠᠨ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠤ ᠨᠡᠶᠢᠭᠡᠮ ᠤᠨ ᠳᠠᠭᠠᠳᠬᠠᠯ ᠤᠨ ᠬᠠᠪᠰᠤᠷᠤᠨ ᠬᠠᠮᠢᠶᠠᠷᠬᠤ ᠠᠵᠢᠯᠲᠠᠨ ᠨᠡᠶᠢᠲᠡ 60 ᠭᠠᠷᠤᠢ ᠬᠥᠮᠥᠨ ᠣᠷᠣᠯᠴᠠᠵᠠᠢ᠃
1703066858902028160.jpg
        ᠲᠣᠰ ᠤᠳᠠᠭᠠᠨ ᠤ ︽ᠰᠡᠷᠡᠮᠵᠢᠯᠡᠭᠦᠯᠬᠦ ᠬᠥᠮᠦᠵᠢᠯ ᠤᠨ ᠰᠠᠷ᠎ᠠ︾᠎ ᠶᠢᠨ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠨᠢ ︽ᠬᠡᠷᠡᠭ ᠢᠶᠠᠷ ᠰᠡᠷᠭᠡᠶᠢᠯᠡᠯᠲᠡ ᠶᠢ ᠠᠬᠢᠭᠤᠯᠬᠤ᠂ ᠠᠮᠤᠷ ᠲᠦᠪᠰᠢᠨ ᠢ ᠬᠠᠮᠠᠭᠠᠯᠠᠬᠤ︾᠎ ᠪᠠᠷ ᠭᠤᠣᠯ ᠰᠡᠳᠦᠪ ᠪᠣᠯᠭᠠᠵᠤ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽︿ᠨᠡᠶᠢᠭᠡᠮ ᠤᠨ ᠪᠠᠲᠤᠯᠠᠭ᠎ᠠ ᠶᠢᠨ ᠭᠤᠣᠯᠯᠠᠭᠴᠢ ᠬᠦᠴᠦᠨ﹀᠎ ᠤ ᠬᠥᠮᠥᠨ ᠤ ᠠᠮᠢᠳᠤᠷᠠᠯ ᠤᠨ ᠤᠷᠪᠠᠵᠤ ᠰᠢᠯᠵᠢᠬᠦ﹀᠂ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠬᠦ ᠶᠢᠨ ᠬᠠᠮᠲᠤ ᠰᠤᠳᠤᠯᠤᠨ ᠶᠠᠷᠢᠯᠴᠠᠵᠤ᠂ ᠡᠨᠡ ᠬᠤᠭᠤᠴᠠᠭᠠᠨ ᠳᠤ ᠮᠠᠨ ᠤ ᠲᠣᠪᠴᠢᠶ᠎ᠠ ᠶᠢᠨ ᠤᠳᠤᠷᠢᠳᠤᠯᠭ᠎ᠠ ᠵᠢᠴᠢ ᠴᠢᠳᠠᠪᠤᠷᠢᠲᠠᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠥᠪ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠤᠨ ᠲᠤᠰᠬᠠᠢ ᠰᠡᠳᠦᠪᠲᠦ ᠪᠠᠶᠢᠳᠠᠯ ᠤᠨ ᠵᠠᠳᠠᠯᠤᠯᠲᠠ ᠬᠢᠵᠦ᠂ ᠦᠵᠡᠯ ᠰᠠᠨᠠᠭᠠᠨ ᠤ ᠶᠡᠭᠡ ᠬᠥᠮᠦᠵᠢᠯ᠂ ᠠᠶᠤᠯ ᠲᠦᠭᠰᠢᠭᠦᠷᠢ ᠶᠢ ᠶᠡᠭᠡ ᠪᠠᠷ ᠵᠢᠭᠰᠠᠭᠠᠨ ᠪᠠᠶᠢᠴᠠᠭᠠᠬᠤ᠂ ᠬᠡᠷᠡᠭ ᠢ ᠶᠡᠭᠡ ᠪᠠᠷ ᠪᠠᠶᠢᠴᠠᠭᠠᠨ ᠰᠢᠢᠳᠪᠦᠷᠢᠯᠡᠬᠦ᠂ ᠠᠰᠠᠭᠤᠳᠠᠯ ᠢ ᠶᠡᠭᠡ ᠪᠠᠷ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠢ ᠦᠷᠭᠦᠯᠵᠢᠯᠡᠨ ᠥᠷᠨᠢᠭᠦᠯᠵᠦ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ ᠶᠤᠮ᠃        ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠭᠤᠤ ᠯᠢ ᠱᠧᠩ ᠨᠥᠬᠦᠷ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠪᠠ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠰᠠᠭᠤᠷᠢ ᠮᠥᠩᠭᠦᠨ ᠤ ᠠᠮᠤᠷ ᠲᠦᠪᠰᠢᠨ ᠤ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠨᠥᠳᠥᠷ ᠵᠠᠷᠯᠠᠨ ᠮᠡᠳᠡᠭᠳᠡᠭᠰᠡᠨ ᠬᠡᠷᠡᠭ ᠠᠴᠠ ᠰᠤᠷᠭᠠᠮᠵᠢ ᠠᠪᠴᠤ᠂ ᠬᠡᠷᠡᠭ ᠤᠨ ᠪᠠᠶᠢᠳᠠᠯ ᠪᠠ ᠬᠡᠷᠡᠭ ᠡᠭᠦᠰᠦᠭᠰᠡᠨ ᠰᠢᠯᠲᠠᠭᠠᠨ ᠢ ᠭᠦᠨᠵᠡᠭᠡᠢ ᠵᠠᠳᠠᠯᠵᠤ᠂ ᠬᠠᠤᠯᠢ ᠴᠠᠭᠠᠵᠠ ᠶᠣᠰᠣ ᠳᠦᠷᠢᠮ ᠤᠨ ᠤᠬᠠᠮᠰᠠᠷ ᠢᠶᠠᠨ ᠴᠢᠩᠭᠠᠳᠬᠠᠨ᠎ᠠ᠄ ᠨᠢᠭᠡ ᠳᠤ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠪᠠ ᠰᠡᠷᠡᠮᠵᠢᠯᠡᠭᠦᠯᠬᠦ ᠬᠥᠮᠦᠵᠢᠯ ᠤᠨ ᠠᠵᠢᠯ ᠢ ᠴᠢᠩᠭᠠᠳᠬᠠᠵᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ ᠰᠡᠷᠭᠡᠶᠢᠯᠡᠨ ᠡᠵᠡᠮᠳᠡᠬᠦ ᠰᠠᠭᠤᠷᠢ ᠮᠥᠩᠭᠦ ᠶᠢᠨ ᠠᠶᠤᠯ ᠲᠦᠭᠰᠢᠭᠦᠷᠢ ᠶᠢ ᠨᠡᠶᠢᠭᠡᠮ ᠤᠨ ᠲᠣᠭᠲᠠᠭᠤᠨ ᠳᠤ ᠬᠤᠯᠪᠣᠭᠳᠠᠬᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠳᠤ ᠬᠤᠯᠪᠣᠭᠳᠠᠬᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠴᠢᠩᠭ᠎ᠠ ᠠᠳᠬᠤᠨ ᠪᠣᠳᠠᠲᠠᠢ ᠰᠠᠶᠢᠲᠤᠷ ᠠᠳᠬᠤᠵᠤ᠂ ᠠᠶᠤᠯ ᠲᠦᠭᠰᠢᠭᠦᠷᠢ ᠶᠢ ᠰᠢᠢᠳᠪᠦᠷᠢᠯᠡᠬᠦ ᠭᠠᠵᠠᠷ ᠦᠭᠡᠢ ᠪᠠᠶᠢᠬᠤ᠂ ᠴᠠᠭ ᠢᠮᠠᠭᠲᠠ ᠰᠡᠷᠭᠡᠭ ᠴᠢᠨᠠᠷ ᠪᠠ ᠤᠬᠠᠮᠰᠠᠷᠲᠤ ᠴᠢᠨᠠᠷ ᠢ ᠪᠤᠢ ᠪᠣᠯᠭᠠᠬᠤ ᠬᠡᠷᠡᠭᠲᠡᠢ︔ ᠬᠤᠶᠠᠷ ᠲᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠶᠢ ᠡᠮᠬᠢᠯᠡᠵᠦ᠂ ᠰᠡᠷᠭᠡᠶᠢᠯᠡᠯᠲᠡ ᠶᠢ ᠰᠠᠶᠢᠲᠤᠷ ᠬᠢᠵᠦ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠲᠤᠬᠠᠶᠢᠯᠠᠭᠰᠠᠨ ᠠᠵᠢᠯ ᠤᠨ ᠵᠦᠢᠯᠡᠰ ᠤᠨ ᠨᠠᠷᠢᠨ ᠲᠠᠩᠰᠠ ᠶᠢ ᠲᠣᠳᠣᠷᠬᠠᠶᠢᠯᠠᠵᠤ᠂ ᠲᠤᠬᠠᠶᠢᠯᠠᠭᠰᠠᠨ ᠠᠵᠢᠯ ᠤᠨ ᠶᠠᠪᠤᠴᠠ ᠶᠢ ᠰᠢᠯᠤᠭᠤᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢᠨ ᠡᠬᠡ ᠲᠠᠩᠰᠠ ᠶᠢ ᠪᠠᠶᠢᠭᠤᠯᠵᠤ᠂ ᠭᠤᠷᠪᠠᠨ ᠱᠠᠲᠤᠨ ᠤ ᠬᠢᠨᠠᠨ ᠵᠥᠪᠰᠢᠶᠡᠷᠡᠬᠦ ᠳᠦᠷᠢᠮ ᠵᠢᠴᠢ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠪᠠᠶᠢᠷᠢ ᠡᠭᠡᠯᠵᠢᠯᠡᠭᠦᠯᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ︔ ᠭᠤᠷᠪᠠ ᠳᠤ ᠲᠤᠷᠰᠢᠯᠭ᠎ᠠ ᠪᠠᠨ ᠳ᠋ᠦᠩᠨᠡᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ︽ᠰᠡᠷᠡᠮᠵᠢᠯᠡᠭᠦᠯᠬᠦ ᠬᠥᠮᠦᠵᠢᠯ ᠤᠨ ᠰᠠᠷ᠎ᠠ︾᠎ ᠶᠢᠨ ᠠᠵᠢᠯᠯᠠᠭ᠎ᠠ ᠶᠢᠨ ᠦᠷ᠎ᠡ ᠪᠦᠲᠦᠮᠵᠢ ᠶᠢ ᠴᠡᠭᠴᠡᠯᠡᠨ ᠰᠠᠶᠢᠵᠢᠷᠠᠭᠤᠯᠬᠤ ᠳᠡᠭᠡᠷ᠎ᠡ ᠨᠠᠶᠢᠳᠠᠪᠤᠷᠢᠵᠢᠭᠤᠯᠵᠤ᠂ ᠰᠠᠭᠤᠷᠢ ᠮᠥᠩᠭᠦ ᠶᠢᠨ ᠪᠡᠯᠡ ᠮᠥᠩᠭᠦ ᠵᠡᠷᠭᠡ ᠡᠯ᠎ᠡ ᠭᠤᠭᠴᠤᠭ᠎ᠠ ᠶᠢᠨ ᠤᠯᠠᠭᠠᠨ ᠱᠤᠭᠤᠮ᠂ ᠬᠤᠷᠢᠭ᠎ᠠ ᠱᠤᠭᠤᠮ ᠢ ᠤᠯᠠᠮ ᠨᠢᠭᠡ ᠠᠯᠬᠤᠮ ᠲᠣᠳᠣᠷᠬᠠᠶᠢᠯᠠᠨ᠂ ᠦᠨᠳᠦᠰᠦ ᠰᠤᠷᠪᠤᠯᠵᠢ ᠶᠢ ᠭᠦᠨᠵᠡᠭᠡᠢ ᠠᠭᠤᠳᠠᠯᠵᠤ᠂ ᠬᠡᠮ ᠰᠣᠭᠤᠭ ᠢ ᠣᠨᠣᠪᠴᠢᠲᠠᠶ ᠡᠷᠢᠵᠦ᠂ ᠳᠦᠷᠢᠮ ᠢ ᠲᠡᠭᠦᠯᠳᠡᠷᠵᠢᠭᠦᠯᠦᠨ᠂ ᠠᠯᠳᠠᠰᠢ ᠭᠠᠷᠬᠤ ᠶᠢ ᠬᠤᠷᠢᠭᠯᠠᠵᠤ᠂ ᠪᠠᠶᠢᠩᠭᠤ ᠶᠢᠨ ᠰᠡᠷᠡᠮᠵᠢᠯᠡᠭᠦᠯᠬᠦ ᠬᠥᠮᠦᠵᠢᠯ ᠤᠨ ᠲᠣᠭᠲᠠᠴᠠ ᠶᠢ ᠪᠠᠶᠢᠭᠤᠯᠤᠨ᠂ ᠲᠥᠪᠯᠡᠷᠡᠭᠦᠯᠦᠨ ᠰᠡᠷᠡᠮᠵᠢᠯᠡᠭᠦᠯᠬᠦ ᠬᠥᠮᠦᠵᠢᠯ ᠢ ᠡᠳᠦᠷ ᠲᠤᠲᠤᠮ ᠤᠨ ᠠᠵᠢᠯ ᠳᠤ ᠠᠭᠤᠰᠬᠠᠪᠠ᠃        ᠲᠣᠰ ᠤᠳᠠᠭᠠᠨ ᠤ ︽ᠰᠡᠷᠡᠮᠵᠢᠯᠡᠭᠦᠯᠬᠦ ᠬᠥᠮᠦᠵᠢᠯ ᠤᠨ ᠰᠠᠷ᠎ᠠ︾᠎ ᠶᠢᠨ ᠠᠵᠢᠯᠯᠠᠭ᠎ᠠ ᠪᠠᠷ ᠳᠠᠮᠵᠢᠭᠤᠯᠤᠨ ᠬᠤᠷᠠᠯ ᠳᠤ ᠣᠷᠣᠯᠴᠠᠭᠰᠠᠨ ᠪᠥᠬᠦ ᠬᠥᠮᠥᠰ ᠲᠤ ᠰᠡᠷᠡᠮᠵᠢ ᠥᠭᠴᠦ᠂ ᠪᠢᠰᠢᠷᠡᠨ ᠵᠢᠷᠦᠬᠡᠰᠢᠶᠡᠬᠦ ᠶᠢ ᠮᠡᠳᠡᠵᠦ᠂ ᠬᠠᠤᠯᠢ ᠰᠠᠬᠢᠯᠭ᠎ᠠ ᠶᠢ ᠴᠢᠩᠳᠠᠯᠠᠵᠤ᠂ ᠬᠤᠷᠢᠭ᠎ᠠ ᠱᠤᠭᠤᠮ ᠢ ᠰᠠᠬᠢᠵᠤ᠂ ᠲᠣᠰ ᠪᠡᠶ᠎ᠡ ᠶᠢᠨ ᠥᠪᠡᠷ ᠢ ᠪᠠᠨ ᠱᠠᠭᠠᠷᠳᠠᠬᠤ ᠤᠬᠠᠮᠰᠠᠷ᠂ ᠬᠠᠤᠯᠢ ᠴᠠᠭᠠᠵᠠ ᠰᠠᠬᠢᠯᠭ᠎ᠠ ᠪᠠᠲᠤ ᠶᠢᠨ ᠤᠬᠠᠮᠰᠠᠷ ᠢ ᠴᠢᠩᠭᠠᠳᠬᠠᠪᠠ᠃ ︽ᠰᠡᠷᠡᠮᠵᠢᠯᠡᠭᠦᠯᠬᠦ ᠬᠥᠮᠦᠵᠢᠯ ᠤᠨ ᠰᠠᠷ᠎ᠠ︾᠎ ᠶᠢᠨ ᠠᠵᠢᠯᠯᠠᠭ᠎ᠠ ᠨᠢ ᠪᠠᠰᠠ ᠡᠳᠦᠷ ᠤᠨ ᠳᠠᠷᠠᠭ᠎ᠠ ᠳᠦᠷᠢᠮᠵᠢᠭᠦᠯᠬᠦ᠂ ᠪᠠᠶᠢᠩᠭᠤ ᠶᠢᠨ ᠴᠢᠨᠠᠷᠲᠠᠢ ᠰᠡᠷᠡᠮᠵᠢᠯᠡᠭᠦᠯᠬᠦ ᠬᠥᠮᠦᠵᠢᠯ ᠥᠷᠨᠢᠭᠦᠯᠬᠦ ᠳᠤ ᠰᠠᠭᠤᠷᠢ ᠲᠠᠯᠪᠢᠵᠤ᠂ ᠳᠠᠭᠠᠳᠬᠠᠯ ᠢ ᠮᠡᠬᠡᠯᠡᠬᠦ᠂ ᠳᠠᠭᠠᠳᠬᠠᠯ ᠢ ᠲᠤᠬᠤᠵᠤ ᠠᠪᠬᠤ ᠪᠤᠶᠤ ᠡᠯ᠎ᠡ ᠲᠦᠷᠦᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠰᠠᠭᠤᠷᠢ ᠮᠥᠩᠭᠦ ᠶᠢᠨ ᠪᠡᠯᠡ ᠮᠥᠩᠭᠦ ᠶᠢ ᠨᠡᠭᠦᠯᠭᠡᠨ ᠬᠡᠷᠡᠭᠯᠡᠵᠦ ᠡᠵᠡᠯᠡᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠴᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠢᠯᠵᠠᠷᠠᠯ ᠪᠠ ᠲᠥᠪ ᠪᠤᠰᠤ ᠰᠤᠷᠲᠠᠯ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠰᠠᠭᠤᠷᠢ ᠮᠥᠩᠭᠦ ᠶᠢᠨ ᠪᠡᠯᠡ ᠮᠥᠩᠭᠦ ᠶᠢᠨ ᠠᠮᠤᠷ ᠲᠦᠪᠰᠢᠨ ᠤ ᠰᠡᠷᠡᠮᠵᠢᠯᠡᠭᠦᠯᠬᠦ ᠬᠥᠮᠦᠵᠢᠯ ᠢ ᠳᠦᠷᠢᠮᠵᠢᠭᠦᠯᠬᠦ᠂ ᠪᠠᠶᠢᠩᠭᠤᠵᠢᠭᠤᠯᠤᠨ ᠬᠥᠭᠵᠢᠭᠦᠯᠬᠦ ᠶᠢ ᠠᠬᠢᠭᠤᠯᠵᠤ᠂ ᠤᠯᠤᠰ ᠤᠨ ᠰᠠᠭᠤᠷᠢ ᠮᠥᠩᠭᠦ ᠶᠢᠨ ᠠᠮᠤᠷ ᠲᠦᠪᠰᠢᠨ ᠤ ᠠᠵᠢᠯᠯᠠᠭᠠᠨ ᠢ ᠬᠠᠮᠠᠭᠠᠯᠠᠪᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号