ᠣᠨ ᠤ ᠲᠤᠰᠢᠶᠠᠯ ᠤᠨ ᠮᠡᠳᠡᠭᠦᠯᠦᠯᠲᠡ ᠪᠠᠨ ᠳᠤᠷᠠᠳᠴᠤ᠂ ᠠᠮᠵᠢᠯᠲᠠ ᠪᠦᠲᠦᠮᠵᠢ ᠪᠠᠨ ᠢᠯᠡᠷᠡᠭᠦᠯᠵᠦ ᠵᠥᠷᠢᠶ᠎ᠡ ᠪᠠᠨ ᠡᠷᠢᠵᠦ ᠴᠢᠭᠯᠡᠯ ᠢᠶᠠᠨ ᠲᠣᠳᠣᠷᠬᠠᠶᠢᠯᠠᠵᠤ ᠪᠦᠬᠦ ᠬᠦᠴᠦᠨ ᠢᠶᠠᠷ ᠢᠶᠠᠨ ᠡᠷᠡᠯᠬᠡᠭᠯᠡᠨ ᠤᠷᠤᠭᠰᠢᠯᠠᠵᠤ ᠬᠤᠰᠢᠭᠤᠴᠢ ᠪᠣᠯᠬᠤ ᠪᠠᠷ ᠴᠢᠷᠮᠠᠶᠢᠵᠤ ᠰᠢᠨ᠎ᠡ ᠬᠠᠭᠤᠳᠠᠰᠤ ᠶᠢ ᠪᠢᠴᠢᠭᠯᠡᠨᠡᠮ᠃
ᠨᠡᠶᠢᠲᠡᠯᠡᠭᠰᠡᠨ ᠴᠠᠭ᠄
2023/12/25
         ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ 2023 ᠣᠨ ᠤ ᠠᠵᠢᠯ ᠢ ᠪᠦᠬᠦ ᠲᠠᠯ᠎ᠠ ᠪᠠᠷ ᠡᠷᠭᠢᠴᠡᠭᠦᠯᠦᠨ ᠳ᠋ᠦᠩᠨᠡᠵᠦ᠂ ᠠᠵᠢᠯ ᠬᠢᠵᠦ ᠦᠢᠯᠡᠰ ᠪᠣᠰᠬᠠᠬᠤ᠂ ᠲᠡᠷᠢᠭᠦᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠣᠷᠢᠭ ᠰᠠᠨᠠᠭ᠎ᠠ ᠶᠢ ᠬᠥᠭᠵᠢᠭᠡᠵᠦ᠂ ᠠᠳᠠᠯᠢᠳᠬᠠᠬᠤ ᠰᠤᠷᠤᠯᠴᠠᠬᠤ ᠬᠥᠭᠡᠭᠡᠵᠦ ᠭᠦᠢᠴᠡᠬᠦ ᠬᠠᠪᠰᠤᠷᠬᠤ ᠳᠠᠪᠠᠭᠤ ᠠᠵᠢᠯ ᠤᠨ ᠠᠭᠤᠷ ᠠᠮᠢᠰᠬᠤᠯ ᠢ ᠪᠤᠢ ᠪᠣᠯᠭᠠᠪᠠ᠃ 12 ᠰᠠᠷ᠎ᠠ ᠶᠢᠨ 15᠎ ᠤ ᠡᠳᠦᠷ ᠤᠨ ᠦᠳᠡ ᠶᠢᠨ ᠬᠤᠶᠢᠨ᠎ᠠ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠣᠨ ᠤ ᠲᠤᠰᠢᠶᠠᠯ ᠤᠨ ᠮᠡᠳᠡᠭᠦᠯᠦᠯᠲᠡ ᠬᠢᠬᠦ ᠶᠡᠭᠡ ᠬᠤᠷᠠᠯ ᠬᠤᠷᠠᠯᠳᠤᠭᠤᠯᠵᠤ᠂ ᠲᠣᠰ ᠤᠳᠠᠭᠠᠨ ᠤ ᠲᠤᠰᠢᠶᠠᠯ ᠤᠨ ᠮᠡᠳᠡᠭᠦᠯᠦᠯᠲᠡ ᠶᠢᠨ ᠶᠡᠭᠡ ᠬᠤᠷᠠᠯ ᠠᠴᠠ ᠰᠢᠭᠤᠶᠢᠲᠤ ᠲᠣᠭᠤᠷᠢᠭ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠵᠢᠴᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠵᠠᠰᠠᠭ ᠤᠨ ᠣᠷᠳᠣᠨ ᠤ ᠠᠯᠪᠠᠨ ᠭᠡᠷ ᠲᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠤᠳᠤᠷᠢᠳᠤᠯᠭ᠎ᠠ ᠵᠢᠴᠢ ᠬᠡᠰᠡᠭ ᠦᠢᠯᠡᠴᠢᠯᠡᠬᠦ ᠡᠲᠡᠭᠡᠳ ᠤᠨ ᠲᠥᠯᠥᠭᠡᠯᠡᠭᠴᠢ ᠶᠢ ᠤᠷᠢᠵᠤ ᠬᠤᠷᠠᠯ ᠳᠤ ᠰᠤᠯᠠ ᠣᠷᠣᠯᠴᠠᠭᠤᠯᠵᠤ᠂ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠪᠠᠶᠢᠭᠤᠯᠭ᠎ᠠ ᠶᠢᠨ ᠡᠯ᠎ᠡ ᠲᠠᠰᠤᠭ ︵ᠲᠠᠰᠤᠭ︶᠎ ᠤᠨ ᠳᠠᠷᠤᠭ᠎ᠠ᠂ ᠪᠥᠬᠦ ᠨᠠᠮ ᠤᠨ ᠭᠡᠰᠢᠭᠦᠨ ᠺᠠᠳ᠋ᠷ ᠬᠤᠷᠠᠯ ᠳᠤ ᠣᠷᠣᠯᠴᠠᠭᠤᠯᠪᠠ᠃
        ᠬᠤᠷᠠᠯ ᠳᠡᠭᠡᠷ᠎ᠡ᠂ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠡᠯ᠎ᠡ ᠲᠠᠰᠤᠭ ︵ᠲᠠᠰᠤᠭ︶᠂ ᠬᠤᠶᠠᠳᠤᠭᠠᠷ ᠳᠡᠰ ᠤᠨ ᠨᠢᠭᠡᠴᠢ ᠶᠢᠨ ᠬᠠᠷᠢᠭᠤᠴᠠᠯᠭᠠᠲᠠᠨ 2023 ᠣᠨ ᠤ ᠠᠵᠢᠯ ᠤᠨ ᠠᠬᠢᠴᠠ ᠪᠠ ᠦᠷ᠎ᠡ ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ᠂ 2024 ᠣᠨ ᠤ ᠠᠵᠢᠯ ᠤᠨ ᠰᠡᠳᠬᠢᠴᠡ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢᠨ ᠲᠣᠭᠤᠷᠢᠨ ᠳᠤ ᠲᠤᠰᠢᠶᠠᠯ ᠤᠨ ᠮᠡᠳᠡᠭᠦᠯᠦᠯᠲᠡ ᠬᠢᠵᠦ᠂ ᠬᠤᠷᠠᠯ ᠳᠡᠭᠡᠷ᠎ᠡ ᠲᠤᠰᠢᠶᠠᠯ ᠤᠨ ᠮᠡᠳᠡᠭᠦᠯᠦᠯᠲᠡ ᠳᠡᠭᠡᠨ ᠨᠢᠭᠡᠳ ᠨᠢᠭᠡ ᠪᠠᠷ ᠦᠨᠡᠯᠡᠯᠲᠡ ᠬᠢᠵᠦ᠂ ᠠᠮᠵᠢᠯᠲᠠ ᠪᠠᠨ ᠨᠤᠲᠠᠯᠠᠵᠤ᠂ ᠵᠥᠷᠢᠶ᠎ᠡ ᠪᠠᠨ ᠵᠢᠭᠠᠨ ᠭᠠᠷᠭᠠᠵᠤ᠂ ᠬᠦᠰᠡᠯ ᠡᠷᠡᠮᠡᠯᠵᠡᠯ ᠢᠶᠠᠨ ᠳᠤᠷᠠᠳᠪᠠ᠃ ᠦᠢᠯᠡᠴᠢᠯᠡᠬᠦ ᠡᠲᠡᠭᠡᠳ ᠤᠨ ᠲᠥᠯᠥᠭᠡᠯᠡᠭᠴᠢ ᠳᠡᠰ ᠳᠠᠷᠠᠭᠠᠯᠠᠨ ᠶᠠᠷᠢᠶ᠎ᠠ ᠲᠠᠯᠪᠢᠵᠤ᠂ ᠲᠡᠳᠡ 2023 ᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠮᠡᠳᠡᠷᠡᠵᠦ ᠪᠠᠶᠢᠬᠤ ᠪᠠᠨ ᠢᠯᠡᠳᠬᠡᠬᠦ ᠶᠢᠨ ᠬᠠᠮᠲᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠷᠠᠳ ᠤᠨ ᠠᠮᠢᠳᠤᠷᠠᠯ ᠤᠨ ᠴᠢᠬᠤᠯᠠ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ ᠠᠷᠠᠳ ᠣᠯᠠᠨ ᠲᠠᠢ ᠢᠯᠡᠭᠦᠬᠡᠨ ᠰᠡᠳᠬᠢᠯ ᠲᠠᠯᠪᠢᠨ ᠰᠣᠨᠣᠰᠴᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠯᠤᠭ᠎ᠠ ᠢᠯᠡᠭᠦᠬᠡᠨ ᠨᠡᠪᠲᠡᠷᠡᠯᠴᠡᠨ ᠬᠠᠷᠢᠯᠴᠠᠵᠤ᠂ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠤᠭᠤᠳᠴᠤ᠂ ᠬᠤᠶᠠᠷ ᠲᠠᠯ᠎ᠠ ᠶᠢ ᠬᠠᠪᠰᠤᠷᠤᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠨᠢ ᠬᠠᠮᠲᠤ ᠪᠠᠷ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠵᠡᠢ᠃ ᠲᠣᠰ ᠤᠳᠠᠭᠠᠨ ᠤ ᠲᠤᠰᠢᠶᠠᠯ ᠤᠨ ᠮᠡᠳᠡᠭᠦᠯᠦᠯᠲᠡ ᠶᠢᠨ ᠶᠡᠭᠡ ᠬᠤᠷᠠᠯ ᠢᠶᠠᠷ ᠳᠡᠮᠵᠢᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠬᠢᠭᠡᠳ ᠲᠥᠯᠥᠭᠡᠯᠡᠭᠴᠢᠳ ᠤᠨ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠠᠵᠢᠯ ᠤᠨ ᠦᠷ᠎ᠡ ᠪᠦᠲᠦᠮᠵᠢ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢᠶᠠᠯᠠᠪᠤᠷᠢ ᠬᠠᠩᠭᠠᠭᠰᠠᠨ ᠪᠠᠶᠢᠨ᠎ᠠ᠃
1703066393736084274.jpg
        ᠬᠤᠷᠠᠯ ᠠᠴᠠ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠣᠨ᠎ᠠ᠂ ᠮᠠᠨ ᠤ ᠲᠣᠪᠴᠢᠶ᠎ᠠ ᠰᠢᠨ᠎ᠡ ᠲᠡᠦᠬᠡᠨ ᠴᠢᠭᠯᠡᠯ ᠪᠣᠯᠣᠨ ᠴᠠᠭ ᠦᠶ᠎ᠡ ᠶᠢᠨ ᠠᠶᠠᠯᠠᠯ ᠤᠨ ᠲᠡᠮᠳᠡᠭ ᠲᠤ ᠰᠠᠭᠤᠷᠢᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠠᠵᠢᠯ ᠣᠯᠭᠤᠯᠲᠠ ᠦᠢᠯᠡᠰ ᠪᠣᠰᠬᠠᠬᠤ᠂ ᠨᠡᠶᠢᠭᠡᠮ ᠤᠨ ᠪᠠᠲᠤᠯᠠᠭ᠎ᠠ᠂ ᠴᠢᠳᠠᠪᠤᠷᠢᠲᠠᠨ ᠠᠵᠢᠯᠲᠠᠨ ᠤ ᠶᠠᠪᠤᠳᠠᠯ᠂ ᠬᠥᠳᠡᠯᠮᠦᠷᠢ ᠶᠢᠨ ᠬᠠᠷᠢᠴᠠᠭ᠎ᠠ ᠵᠡᠷᠭᠡ ᠠᠷᠠᠳ ᠤᠯᠠᠨ ᠤ ᠠᠩᠬᠠᠷᠴᠤ ᠪᠠᠶᠢᠭ᠎ᠠ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠷᠭᠦᠯᠵᠢᠯᠡᠨ ᠬᠦᠴᠦᠯᠡᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠠᠵᠢᠯ ᠤᠨ ᠳᠤᠮᠳᠠ ᠣᠯᠣᠭᠰᠠᠨ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠬᠢᠨᠠᠮᠠᠭᠠᠢ ᠳ᠋ᠦᠩᠨᠡᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠥᠷᠨᠢᠭᠦᠯᠬᠦ ᠪᠦᠲᠦᠮᠵᠢᠲᠡᠶ ᠠᠷᠭ᠎ᠠ ᠵᠠᠮ ᠢ ᠢᠳᠡᠪᠬᠢᠲᠡᠢ ᠰᠦᠪᠡᠭᠴᠢᠯᠡᠨ ᠥᠷᠨᠢᠭᠦᠯᠵᠦ᠂ ᠭᠤᠣᠯᠳᠠᠯᠭ᠎ᠠ ᠲᠠᠢ ᠠᠵᠢᠯ ᠢ ᠴᠥᠬᠦᠷᠡᠰᠢ ᠦᠭᠡᠢ ᠪᠣᠳᠠᠲᠠᠢ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠡᠯ᠎ᠡ ᠵᠦᠢᠯ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ︽ᠨᠢᠭᠡ ᠰᠦᠯᠵᠢᠶ᠎ᠡ ᠪᠠᠷ ᠭᠦᠢᠴᠡᠳᠬᠡᠬᠦ︾᠂ ︽ᠨᠢᠭᠡ ᠴᠣᠩᠬᠤᠪᠴᠢ ᠪᠠᠷ ᠭᠦᠢᠴᠡᠳᠬᠡᠬᠦ︾ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠪᠡ᠃ ᠡᠯ᠎ᠡ ᠠᠮᠠᠰᠠᠷ ᠨᠢ ᠵᠢᠯ ᠤᠨ ᠡᠴᠦᠰ ᠵᠢᠯ ᠤᠨ ᠡᠬᠢᠨ ᠤ ᠡᠨᠡ ᠬᠦ ᠣᠨᠴᠠᠭᠠᠶ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠤ ᠰᠠᠭᠤᠷᠢᠯᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠤᠨ ᠠᠷᠠᠳ ᠤᠨ ᠰᠠᠨᠠᠭ᠎ᠠ ᠳᠤ ᠨᠡᠶᠢᠴᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠦᠨᠡᠨ ᠬᠦ ᠠᠬᠢᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠵᠢᠯᠴᠢᠨ ᠬᠡᠷᠡᠭᠯᠡᠬᠦ ᠶᠢ ᠪᠠᠲᠤᠯᠠᠬᠤ᠂ ᠨᠡᠶᠢᠭᠡᠮ ᠤᠨ ᠪᠠᠲᠤᠯᠠᠭ᠎ᠠ ᠶᠢᠨ ᠬᠠᠷᠠᠭᠠᠯᠵᠠᠯ ᠤᠨ ᠪᠠᠲᠤᠯᠠᠭ᠎ᠠ᠂ ᠴᠠᠯᠢᠩ ᠥᠷᠢᠲᠦᠬᠦ ᠶᠢ ᠦᠨᠳᠦᠰᠦᠨ ᠠᠴᠠ ᠎ ᠨᠢ ᠵᠠᠰᠠᠬᠤ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠳᠤ ᠨᠢᠭᠡᠨ ᠰᠢᠯᠢᠳᠡᠭ ᠲᠣᠭᠤᠷᠢᠭ  ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃
1703066393700056697.jpg
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号