ᠭᠤᠷᠪᠠᠨ ᠠᠷᠭ᠎ᠠ ᠬᠡᠮᠵᠢᠶ᠎ᠡ ᠠᠪᠴᠤ ᠪᠠᠶᠢᠭᠠᠳ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠳᠦᠷᠢᠮ︾ ᠎ ᠢ ᠭᠦᠨᠵᠡᠭᠡᠢ ᠤᠬᠠᠭᠤᠯᠤᠨ᠎ᠠ
ᠨᠡᠶᠢᠲᠡᠯᠡᠭᠰᠡᠨ ᠴᠠᠭ᠄
2023/12/25
        ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ᠂ ᠨᠢᠭᠡ ᠲᠠᠯ᠎ᠠ ᠨᠢ ᠠᠵᠤ ᠠᠬᠤᠢ ᠶᠢᠨ ᠬᠥᠭᠵᠢᠯᠲᠡ ᠲᠠᠢ ᠬᠤᠯᠪᠣᠯᠳᠤᠵᠤ᠂ ᠨᠥᠭᠦᠭᠡ ᠲᠠᠯ᠎ᠠ ᠨᠢ ᠠᠷᠠᠳ ᠤᠨ ᠠᠮᠢᠳᠤᠷᠠᠯ ᠤᠨ ᠠᠵᠤ ᠠᠮᠢᠳᠤᠷᠠᠯ ᠲᠠᠢ ᠬᠤᠯᠪᠣᠭᠳᠠᠵᠤ ᠪᠠᠶᠢᠳᠠᠭ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠳᠦᠷᠢᠮ︾᠎ ᠢ ᠬᠡᠷᠡᠭᠵᠢᠭᠦᠯᠦᠭᠰᠡᠨ ᠠᠴᠠ ᠨᠠᠰᠢ᠂ ᠰᠢᠭᠤᠶᠢᠲᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠢ ᠲᠥᠯᠥᠪᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠳᠦᠷᠢᠮ︾᠎ ᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠬᠡᠷᠡᠭᠵᠢᠭᠦᠯᠬᠦ ᠶᠢ ᠯᠠᠪᠳᠠᠭᠤᠨ ᠪᠠᠲᠤᠲᠠᠢ ᠪᠦᠲᠦᠮᠵᠢᠲᠡᠶ ᠠᠬᠢᠭᠤᠯᠪᠠ᠃
1703066279379020442.jpg
        ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠢ ᠲᠥᠯᠥᠪᠯᠡᠨ᠎ᠡ᠃ ᠤᠳᠤᠷᠢᠳᠬᠤ ᠺᠠᠳ᠋ᠷ ᠲᠦᠷᠦᠭᠦᠯᠡᠨ ᠬᠠᠤᠯᠢ ᠶᠣᠰᠣᠭᠠᠷ ᠪᠡᠶ᠎ᠡ ᠪᠠᠨ ᠱᠠᠭᠠᠷᠳᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠲᠤᠰᠬᠠᠢ ᠰᠡᠳᠦᠪ ᠢᠶᠠᠷ ᠰᠤᠷᠤᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠠᠵᠢᠯᠲᠠᠨ ᠤ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠡᠭᠦᠨ ᠤ ᠬᠠᠮᠲᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠤᠨ ᠪᠥᠬᠦ ᠠᠵᠢᠯᠲᠠᠨ ᠠᠵᠢᠯᠴᠢᠨ ᠤ ᠠᠵᠢᠯ ᠣᠯᠭᠤᠯᠲᠠ ᠶᠢᠨ ᠨᠣᠷᠮ᠎ᠠ ᠶᠢ ᠴᠢᠷᠮᠠᠶᠢᠨ ᠳᠡᠭᠡᠭᠰᠢᠯᠡᠭᠦᠯᠬᠦ ᠶᠢᠨ ᠬᠠᠮᠲᠤ᠂ ᠲᠣᠰ ᠪᠡᠶ᠎ᠡ ᠶᠢᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠠᠵᠢᠯ ᠣᠯᠭᠤᠯᠲᠠ ᠶᠢᠨ ᠬᠦᠷᠢᠶᠡᠨ ᠤ ᠵᠠᠩᠭᠢᠯᠠᠭ᠎ᠠ ᠶᠢᠨ ᠭᠤᠭᠴᠤᠭ᠎ᠠ ᠪᠠ ᠲᠣᠪᠣᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠪᠣᠳᠠᠲᠤ ᠠᠵᠢᠯᠯᠠᠭ᠎ᠠ ᠪᠠᠷ ᠢᠶᠠᠨ ︽ᠳᠦᠷᠢᠮ︾᠎ ᠤᠨ ᠱᠠᠭᠠᠷᠳᠠᠯᠭ᠎ᠠ ᠶᠢ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃        ᠭᠤᠣᠯ ᠰᠡᠳᠦᠪ ᠢ ᠡᠵᠡᠮᠳᠡᠵᠦ᠂ ᠭᠤᠯᠳᠤᠯᠭ᠎ᠠ ᠶᠢ ᠳᠣᠪᠤᠶᠢᠯᠭᠠᠵᠤ᠃ ᠠᠵᠢᠯ ᠣᠯᠭᠤᠬᠤ ᠦᠢᠯᠡᠴᠢᠯᠡᠭᠡᠨ ᠤ ᠲᠠᠯ᠎ᠠ ᠪᠠᠷ᠂ ᠭᠠᠷᠳᠠᠨ ᠬᠢᠬᠦ ᠴᠡᠭ ᠢᠶᠠᠨ ᠣᠨᠣᠪᠴᠢᠲᠠᠶ ᠣᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠳᠦᠷᠢᠮ︾᠎ ᠢ ᠠᠵᠤ ᠠᠬᠤᠶᠢᠯᠠᠯ᠂ ᠬᠥᠳᠡᠭᠡ ᠲᠣᠰᠬᠤᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠵᠡᠷᠭᠡ ᠳᠤ ᠭᠤᠣᠯᠳᠠᠯᠭ᠎ᠠ ᠲᠠᠢ ᠤᠬᠠᠭᠤᠯᠭ᠎ᠠ ᠥᠷᠨᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠳᠦᠷᠢᠮ︾᠎ ᠤᠨ ᠨᠡᠶᠢᠭᠡᠮ ᠤᠨ ᠲᠤᠬᠠᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃
1703066279443090162.jpg
        ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠬᠡᠯᠪᠡᠷᠢ ᠶᠢ ᠪᠠᠶᠠᠯᠢᠭᠵᠢᠭᠤᠯᠤᠨ᠎ᠠ᠃ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾᠎ ᠶᠢᠨ ᠬᠡᠯᠪᠡᠷᠢ ᠪᠠᠷ ᠤᠬᠠᠭᠤᠯᠭ᠎ᠠ ᠶᠢ ᠢᠳᠡᠪᠬᠢᠲᠡᠢ ᠥᠷᠨᠢᠭᠦᠯᠪᠡ᠃ ᠰᠦᠯᠵᠢᠶᠡᠨ ᠳᠡᠭᠡᠷ᠎ᠡ᠂ ᠸᠢᠴᠠᠲ ᠤᠨ ᠨᠡᠶᠢᠲᠡ ᠶᠢᠨ ᠳ᠋ᠤᠭᠠᠷ᠂ ᠸᠢᠴᠠᠲ ᠤᠨ ᠴᠤᠭᠯᠠᠷᠠᠯ ᠵᠡᠷᠭᠡ ᠶᠢ ᠠᠰᠢᠭᠯᠠᠨ ᠭᠠᠷᠠᠭ ᠪᠦᠷᠢ ᠲᠣᠭᠲᠠᠮᠠᠯ ᠬᠤᠭᠤᠴᠠᠭ᠎ᠠ ᠲᠠᠢ ᠪᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠳᠦᠷᠢᠮ︾᠎ ᠤᠨ ᠠᠭᠤᠯᠭ᠎ᠠ ᠶᠢ ᠨᠡᠶᠢᠲᠡᠯᠡᠪᠡ︔ ᠰᠦᠯᠵᠢᠶᠡᠨ ᠭᠠᠳᠠᠨ᠎ᠠ᠂ ︽12.4 ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠰᠠᠷ᠎ᠠ︾᠎ ᠶᠢᠨ ᠠᠵᠢᠯᠯᠠᠭ᠎ᠠ ᠵᠢᠴᠢ ᠲᠤᠬᠠᠢ ᠶᠢᠨ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ᠂ ᠲᠥᠪ ᠤᠨ ᠲᠣᠭᠲᠠᠮᠠᠯ ᠬᠤᠷᠠᠯ ᠵᠡᠷᠭᠡ ᠬᠡᠯᠪᠡᠷᠢ ᠪᠠᠷ ᠤᠬᠠᠭᠤᠯᠭ᠎ᠠ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠦᠨ᠂ ᠣᠯᠠᠨ ᠲᠦᠮᠡᠨ ᠳᠤ ᠬᠠᠤᠯᠢ ᠶᠢ ᠣᠶᠢᠯᠠᠭᠠᠭᠤᠯᠵᠤ ᠬᠠᠤᠯᠢ ᠶᠢ ᠬᠡᠷᠡᠭᠯᠡᠭᠦᠯᠦᠨ᠎ᠡ᠃ ᠡᠭᠦᠨ ᠤ ᠬᠠᠮᠲᠤ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠢᠩᠬᠢᠮ ᠳᠤ ᠠᠰᠠᠭᠤᠨ ᠯᠠᠪᠯᠠᠬᠤ ᠴᠣᠩᠬᠤ ᠭᠠᠷᠭᠠᠵᠤ᠂ ᠤᠯᠠᠨ ᠲᠦᠮᠡᠨ ᠳᠤ ᠠᠵᠢᠯ ᠣᠯᠭᠤᠯᠲᠠ ᠶᠢᠨ ᠲᠦᠷᠦ ᠶᠢᠨ ᠪᠣᠳᠣᠯᠭ᠎ᠠ ᠵᠢᠴᠢ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠪᠡ᠃       
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号