ᠴᠠᠯᠢᠩ ᠥᠭᠭᠦᠭᠰᠡᠨ︕ 2023 ᠣᠨ ᠳᠤ ᠰᠢᠭᠤᠶᠢᠲᠤ ᠲᠣᠭᠤᠷᠢᠭ ᠤᠨ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠢ ᠲᠠᠬᠢᠨ ᠬᠠᠷᠭᠤᠭᠤᠯᠤᠨ ᠪᠤᠳᠤᠬᠤ ᠶᠢᠨ ᠬᠠᠮᠲᠤ ᠨᠥᠬᠦᠪᠦᠷᠢᠯᠡᠨ᠎ᠡ
ᠨᠡᠶᠢᠲᠡᠯᠡᠭᠰᠡᠨ ᠴᠠᠭ᠄
2023/12/25
        ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠰᠢᠭᠤᠶᠢᠲᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2023 ᠣᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠵᠢᠯ ᠠᠴᠠ ᠪᠠᠨ ᠠᠮᠠᠷᠠᠭᠰᠠᠳ ᠲᠤ ᠤᠷᠢᠳᠴᠢᠯᠠᠨ ᠣᠯᠭᠤᠬᠤ ᠬᠠᠷᠠᠭᠠᠯᠵᠠᠯ ᠢ ᠳᠠᠬᠢᠨ ᠪᠤᠳᠤᠬᠤ ᠠᠵᠢᠯ ᠢ ᠴᠠᠭ ᠲᠤᠬᠠᠢ ᠳᠤᠨᠢ ᠥᠷᠨᠢᠭᠦᠯᠵᠦ᠂ 12 ᠰᠠᠷ᠎ᠠ ᠶᠢᠨ ᠡᠬᠢ ᠪᠠᠷ ᠨᠢᠭᠡᠨᠲᠡ ᠬᠢᠨᠠᠨ ᠬᠠᠷᠭᠤᠭᠤᠯᠵᠤ᠂ ᠤᠷᠢᠳᠴᠢᠯᠠᠨ ᠲᠠᠷᠬᠠᠭᠠᠭᠰᠠᠨ ᠬᠥᠮᠥᠰ ᠤᠨ ᠵᠢᠩᠬᠢᠨᠢ ᠬᠠᠷᠠᠭᠠᠯᠵᠠᠯ ᠵᠢᠴᠢ ᠬᠠᠷᠠᠭᠠᠯᠵᠠᠯ ᠤᠨ ᠵᠥᠷᠢᠶ᠎ᠡ ᠶᠢ 12 ᠰᠠᠷ᠎ᠠ ᠶᠢᠨ ᠰᠡᠭᠦᠯᠴᠢ ᠪᠠᠷ ᠪᠣᠳᠠᠲᠠᠢ ᠭᠠᠵᠠᠷ ᠲᠤᠨᠢ ᠲᠠᠷᠬᠠᠭᠠᠪᠠ᠃
1703066656154038119.jpg
        ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠠᠵᠢᠯ ᠠᠴᠠ ᠪᠠᠨ ᠠᠮᠠᠷᠠᠭᠰᠠᠳ ᠤᠨ ᠣᠯᠭᠤᠮᠵᠢ ᠶᠢ ᠤᠷᠢᠳᠴᠢᠯᠠᠨ ᠲᠠᠷᠬᠠᠭᠠᠬᠤ ᠠᠵᠢᠯ ᠢ ᠦᠨᠡᠨᠬᠦ ᠰᠢᠢᠳᠪᠦᠷᠢᠯᠡᠪᠡ᠃ ᠠᠵᠢᠯ ᠠᠴᠠ ᠪᠠᠨ ᠪᠠᠭᠤᠵᠤ ᠠᠮᠠᠷᠠᠭᠰᠠᠨ ᠣᠯᠭᠤᠮᠵᠢ ᠶᠢ ᠤᠷᠢᠳᠴᠢᠯᠠᠨ ᠣᠯᠭᠤᠭᠰᠠᠨ ᠤ ᠳᠠᠷᠠᠭ᠎ᠠ᠂ ᠲᠤᠰ ᠵᠢᠯ ᠤᠨ ᠪᠣᠳᠣᠵᠤ ᠣᠯᠭᠤᠬᠤ ᠰᠠᠭᠤᠷᠢ ᠲᠤᠭ᠎ᠠ ᠪᠣᠯᠣᠨ ᠳᠠᠩᠰᠠ ᠲᠡᠮᠳᠡᠭᠯᠡᠬᠦ ᠬᠦᠦ ᠶᠢᠨ ᠨᠣᠷᠮ᠎ᠠ ᠶᠢ ᠨᠡᠶᠢᠲᠡᠯᠡᠬᠦ ᠮᠥᠷᠲᠡᠭᠡᠨ ᠡᠶᠢᠮᠦᠷᠬᠦ ᠲᠥᠷᠥᠯ ᠤᠨ ᠬᠥᠮᠥᠰ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠲᠤᠰᠢᠶᠠᠬᠤ ᠶᠢ ᠪᠡᠶᠡᠯᠡᠭᠦᠯᠬᠦ ᠳᠤ᠂ ᠬᠠᠮᠤᠭ ᠤᠨ ᠰᠢᠨ᠎ᠡ ᠰᠠᠭᠤᠷᠢ ᠲᠣᠭᠠᠨ ᠤ ᠶᠣᠰᠣᠭᠠᠷ ᠤᠷᠢᠳᠴᠢᠯᠠᠨ ᠲᠠᠷᠬᠠᠭᠠᠭᠰᠠᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠪᠠ ᠢᠯᠭᠠᠷᠠᠭᠤᠯᠤᠨ ᠪᠣᠳᠣᠵᠤ᠂ ᠵᠥᠷᠢᠶ᠎ᠡ ᠶᠢᠨ ᠬᠡᠰᠡᠭ  ᠢ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠰ ᠤᠨ ᠨᠡᠶᠢᠭᠡᠮ ᠤᠨ ᠳᠠᠭᠠᠳᠬᠠᠯ ᠤᠨ ᠺᠠᠷᠲ ᠲᠤ ᠥᠪᠡᠷ ᠲᠡᠭᠡᠨ ᠨᠥᠬᠦᠵᠦ ᠣᠯᠭᠤᠬᠤ ᠬᠡᠷᠡᠭᠲᠡᠢ᠂ ᠬᠤᠪᠢ ᠬᠥᠮᠥᠨ ᠶᠠᠮᠠᠷᠪᠠ ᠭᠠᠷᠳᠠᠮ ᠭᠦᠢᠴᠡᠳᠬᠡᠬᠦ ᠴᠢᠬᠤᠯᠠ ᠦᠭᠡᠢ᠃ 2024 ᠣᠨ ᠤ 1 ᠰᠠᠷ᠎ᠠ ᠠᠴᠠ ᠡᠬᠢᠯᠡᠨ ᠬᠢᠨᠠᠨ ᠵᠥᠪᠰᠢᠶᠡᠷᠡᠭᠦᠯᠬᠦ ᠭᠠᠷᠳᠠᠮ ᠢ ᠨᠢᠭᠡᠨᠲᠡ ᠪᠡᠶᠡᠯᠡᠭᠦᠯᠦᠭᠰᠡᠨ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠰ ᠲᠤ ᠨᠠᠰᠤᠵᠢᠯ ᠤᠨ ᠠᠰᠠᠷᠠᠮᠵᠢ ᠶᠢ ᠤᠷᠢᠳᠴᠢᠯᠠᠨ ᠣᠯᠭᠤᠬᠤ ᠣᠯᠭᠤᠮᠵᠢ ᠶᠢ ᠴᠠᠭ ᠲᠤᠬᠠᠢ ᠳᠤᠨᠢ ᠪᠤᠳᠤᠵᠤ ᠣᠯᠭᠤᠵᠤ᠂ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠰ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠪᠠᠨ ᠴᠠᠭ ᠲᠤᠬᠠᠢ ᠳᠤᠨᠢ ᠣᠯᠬᠤ ᠶᠢ ᠦᠨᠡᠨᠬᠦ ᠪᠠᠲᠤᠯᠠᠨ᠎ᠠ᠃
1703066656182056698.jpg
        ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠢ ᠤᠷᠢᠳᠴᠢᠯᠠᠨ ᠲᠠᠷᠬᠠᠭᠠᠵᠤ ᠳᠠᠬᠢᠨ ᠪᠤᠳᠤᠬᠤ ᠠᠵᠢᠯ ᠢᠶᠠᠷ ᠳᠠᠮᠵᠢᠭᠤᠯᠤᠨ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠤᠷᠢᠳᠴᠢᠯᠠᠨ ᠲᠠᠷᠬᠠᠭᠠᠵᠤ ᠳᠠᠬᠢᠨ ᠪᠤᠳᠤᠬᠤ ᠠᠵᠢᠯ ᠤᠨ ᠬᠠᠮᠢᠶ᠎ᠠ ᠪᠦᠬᠦᠢ ᠲᠤᠷᠰᠢᠯᠭ᠎ᠠ ᠶᠢ ᠳ᠋ᠦᠩᠨᠡᠵᠦ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ︽ᠪᠠᠲᠤᠯᠠᠨ ᠣᠯᠭᠤᠬᠤ︾ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号