ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠪᠣᠯᠪᠠᠰᠤᠷᠠᠯ ᠢ ᠡᠬᠢᠯᠡᠭᠦᠯᠵᠦ ᠶᠡᠷᠦᠩᠬᠡᠢ ᠱᠦᠵᠢ ᠰᠢ ᠶᠢᠨ ᠫᠢᠩ ᠤᠨ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2023/12/25
        ᠶᠡᠷᠦᠩᠬᠡᠢ ᠱᠦᠵᠢ ᠰᠢ ᠶᠢᠨ ᠫᠢᠩ ᠦᠨ︽ᠠᠷᠠᠳ ᠲᠦᠮᠡᠨ ᠢ ᠳᠡᠭᠡᠳᠦᠯᠡᠵᠦ᠂ ᠠᠮᠢ ᠨᠠᠰᠤ ᠶᠢ ᠳᠡᠭᠡᠳᠦᠯᠡᠬᠦ︾ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠭᠤᠵᠤ᠂ ᠠᠳᠡᠯ ᠭᠠᠷᠬᠤ ᠨᠣᠷᠮ᠎ᠠ ᠶᠢ ᠪᠠᠭᠤᠷᠠᠭᠤᠯᠤᠨ᠂ ᠠᠵᠤ ᠠᠬᠤᠢ ᠨᠡᠶᠢᠭᠡᠮ ᠦᠨ ᠲᠣᠭᠲᠠᠭᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 2023 ᠣᠨ ᠤ 12 ᠰᠠᠷ᠎ᠠ ᠶᠢᠨ 19  ᠤ ᠡᠳᠦᠷ᠂ ᠪᠤᠭᠤᠲᠤ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠦᠨ ᠪᠠᠲᠤᠯᠠᠭ᠎ᠠ ᠶᠢᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠦᠨ ᠪᠠᠲᠤᠯᠠᠭ᠎ᠠ ᠶᠢᠨ ᠲᠣᠪᠴᠢᠶ᠎ᠠ ᠠᠴᠠ ᠬᠠᠮᠲᠤᠷᠠᠨ ᠡᠷᠬᠢᠯᠡᠭᠰᠡᠨ ᠪᠤᠭᠤᠲᠤ ᠬᠤᠲᠠ ᠶᠢᠨ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠪᠣᠯᠪᠠᠰᠤᠷᠠᠯ ︵ᠰᠢᠭᠤᠶᠢᠲᠤ ᠲᠣᠭᠤᠷᠢᠭ ᠤᠨ ᠲᠤᠰᠭᠠᠢ ᠲᠠᠯᠠᠪᠠᠢ︶ ᠡᠬᠢᠯᠡᠪᠡ᠃ ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠭᠤᠴᠠᠭ᠎ᠠ ᠨᠢ ᠬᠤᠶᠠᠷ ᠡᠳᠦᠷ ᠪᠣᠯᠣᠨ᠎ᠠ᠂ ᠨᠡᠶᠢᠲᠡ 120 ᠬᠥᠮᠥᠨ ᠬᠡᠷᠡᠭᠯᠡᠬᠦ ᠨᠢᠭᠡᠴᠡ ᠶᠢᠨ ᠬᠠᠷᠢᠭᠤᠴᠠᠯᠭᠠᠲᠠᠨ᠂ ᠠᠮᠤᠷ ᠲᠦᠪᠰᠢᠨ ᠤ ᠬᠠᠷᠢᠭᠤᠴᠠᠯᠭᠠᠲᠠᠨ ᠪᠠ ᠬᠥᠮᠥᠨ ᠤ ᠬᠦᠴᠦᠨ ᠤ ᠲᠤᠰᠬᠠᠢ ᠲᠤᠰᠢᠶᠠᠯᠲᠠᠨ ᠰᠤᠷᠤᠯᠴᠠᠯᠭ᠎ᠠ ᠪᠣᠯᠪᠠᠰᠤᠷᠠᠭᠤᠯᠤᠯ ᠳᠤ ᠣᠷᠣᠯᠴᠠᠵᠠᠢ᠃
1703066525079067848.jpg
        ᠲᠣᠰ ᠤᠳᠠᠭᠠᠨ ᠤ ᠪᠣᠯᠪᠠᠰᠤᠷᠠᠭᠤᠯᠤᠯ ᠢ ᠲᠤᠰᠬᠠᠢ ᠮᠡᠷᠭᠡᠵᠢᠯᠲᠡᠨ ᠢᠶᠠᠷ ᠬᠢᠴᠢᠶᠡᠯᠯᠡᠭᠦᠯᠬᠦ᠂ ᠬᠢᠴᠢᠶᠡᠯ ᠤᠨ ᠲᠠᠩᠬᠢᠮ ᠢᠶᠠᠷ ᠬᠠᠷᠢᠯᠴᠠᠨ ᠬᠥᠳᠡᠯᠦᠯᠴᠡᠬᠦ᠂ ᠲᠤᠬᠠᠢ ᠶᠢᠨ ᠲᠠᠯᠠᠪᠤᠷ ᠲᠤ ᠰᠢᠯᠭᠠᠬᠤ᠂ ᠰᠦᠯᠵᠢᠶᠡᠨ ᠳᠡᠭᠡᠷ᠎ᠡ ᠬᠢᠴᠢᠶᠡᠯ ᠣᠷᠣᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠶᠠᠪᠤᠭᠳᠠᠭᠤᠯᠪᠠ᠃ ᠰᠤᠷᠤᠯᠴᠠᠯᠭ᠎ᠠ ᠪᠠᠷ ᠳᠠᠮᠵᠢᠭᠠᠳ᠂ ᠰᠤᠷᠤᠭᠴᠢᠳ ᠤᠨ ᠦᠵᠡᠯ ᠰᠠᠨᠠᠭ᠎ᠠ᠂ ᠣᠨᠣᠯ ᠤᠨ ᠲᠠᠯ᠎ᠠ ᠪᠠᠷ᠂ ᠦᠢᠯᠡᠳᠦᠯᠭᠡ ᠶᠢᠨ ᠲᠠᠯ᠎ᠠ ᠪᠠᠷ ᠴᠥᠮ ᠣᠯᠣᠯᠲᠠ ᠪᠠ ᠳᠡᠭᠡᠭᠰᠢᠯᠡᠯᠲᠡ ᠲᠠᠢ ᠪᠣᠯᠭᠠᠵᠤ᠂ ᠠᠵᠢᠯ ᠤᠨ ᠳᠤᠮᠳᠠ ᠪᠠᠨ ᠲᠣᠰ ᠤᠳᠠᠭᠠᠨ ᠤ ᠪᠣᠯᠪᠠᠰᠤᠷᠠᠭᠤᠯᠤᠯ ᠤᠨ ᠨᠥᠯᠥᠭᠡᠯᠡᠬᠦ ᠦᠢᠯᠡᠳᠦᠯ ᠢ ᠢᠳᠡᠪᠬᠢᠲᠡᠢ ᠪᠠᠳᠠᠷᠠᠭᠤᠯᠤᠨ᠂ ᠥᠷᠭᠡᠨ ᠣᠯᠠᠨ ᠠᠵᠢᠯᠲᠠᠨ ᠠᠵᠢᠯᠴᠢᠨ ᠢ ᠬᠠᠪᠰᠤᠷᠤᠨ ︽ᠨᠠᠮᠠᠶᠢ ᠤᠷᠢᠳᠴᠢᠯᠠᠨ ᠰᠡᠷᠭᠡᠶᠢᠯᠡᠬᠦ︾ ᠠᠴᠠ ︽ᠪᠢ ᠤᠷᠢᠳᠴᠢᠯᠠᠨ ᠰᠡᠷᠭᠡᠶᠢᠯᠡᠬᠦ︾᠂ ︽ᠪᠢ ᠤᠷᠢᠳᠴᠢᠯᠠᠨ ᠰᠡᠷᠭᠡᠶᠢᠯᠡᠬᠦ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠪᠡ︔ ᠬᠥᠮᠥᠨ ᠬᠡᠷᠡᠭᠯᠡᠬᠦ ᠨᠢᠭᠡᠴᠡ ᠶᠢᠨ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠪᠠ ᠠᠵᠤ ᠠᠬᠤᠶᠢᠯᠠᠯ ᠤᠨ ᠠᠯᠤᠰ ᠬᠡᠲᠦ ᠶᠢᠨ ᠬᠥᠭᠵᠢᠯᠲᠡ ᠲᠠᠢ ᠨᠢᠭᠲᠠ ᠬᠤᠯᠪᠣᠭ᠎ᠠ ᠲᠠᠢ ᠴᠢᠬᠤᠯᠠ ᠴᠢᠨᠠᠷ ᠤᠨ ᠲᠤᠬᠠᠢ ᠭᠦᠨᠵᠡᠭᠡᠢ ᠲᠠᠨᠢᠯᠲᠠ ᠪᠠ ᠳᠡᠭᠡᠭᠰᠢᠯᠡᠯᠲᠡ ᠲᠠᠢ ᠪᠣᠯᠭᠠᠵᠤ᠂ ᠠᠵᠢᠯ ᠠᠴᠠ ᠪᠣᠯᠤᠭᠰᠠᠨ ᠭᠡᠮᠲᠦᠯ᠂ ᠠᠵᠢᠯ ᠤᠨ ᠨᠥᠯᠥᠭᠡᠨ ᠤ ᠡᠪᠡᠳᠴᠢᠨ ᠡᠭᠦᠰᠬᠦ ᠶᠢ ᠡᠬᠢ ᠡᠭᠦᠰᠦᠯ ᠠᠴᠠ ᠨᠢ ᠤᠷᠢᠳᠴᠢᠯᠠᠨ ᠰᠡᠷᠡᠮᠵᠢᠯᠡᠭᠦᠯᠪᠡ᠃ ᠲᠣᠰ ᠤᠳᠠᠭᠠᠨ ᠤ ᠪᠣᠯᠪᠠᠰᠤᠷᠠᠭᠤᠯᠤᠯ ᠨᠢ ᠥᠷᠭᠡᠨ ᠣᠯᠠᠨ ᠠᠵᠢᠯᠲᠠᠨ ᠠᠵᠢᠯᠴᠢᠨ ᠤ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠤᠬᠠᠮᠰᠠᠷ ᠢ ᠴᠢᠩᠭᠠᠷᠠᠭᠤᠯᠵᠤ᠂ ᠮᠠᠨ ᠤ ᠲᠣᠭᠤᠷᠢᠭ ᠤᠨ ᠬᠥᠮᠥᠨ ᠬᠡᠷᠡᠭᠯᠡᠬᠦ ᠨᠢᠭᠡᠴᠡ ᠶᠢᠨ ᠡᠷᠡᠭᠦᠯ ᠮᠡᠨᠳᠦ ᠠᠮᠤᠷ ᠲᠦᠪᠰᠢᠨ ᠬᠥᠭᠵᠢᠯᠲᠡ ᠶᠢ ᠬᠠᠮᠠᠭᠠᠯᠠᠵᠤ᠂ ᠭᠠᠷ ᠬᠤᠯᠪᠣᠨ ᠠᠮᠤᠷ ᠠᠮᠤᠭᠤᠯᠠᠩ ᠰᠢᠭᠤᠶᠢᠲᠤ ᠮᠣᠳᠣ᠂ ᠦᠵᠡᠰᠬᠦᠯᠡᠩᠲᠦ ᠰᠠᠶᠢᠬᠠᠨ ᠰᠢᠭᠤᠶᠢᠲᠤ ᠴᠢᠯᠠᠭᠤᠨ ᠮᠡᠬᠡᠯᠡᠨ ᠬᠤᠳᠠᠯᠳᠤᠬᠤ ᠶᠢ ᠬᠠᠮᠲᠤᠪᠠᠷ ᠪᠠᠶᠢᠭᠤᠯᠬᠤ ᠳᠤ ᠰᠠᠭᠤᠷᠢ ᠲᠠᠯᠪᠢᠵᠤ ᠥᠭᠴᠡᠢ᠃
1703066496487051864.jpg
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号