ᠠᠮᠤᠷ ᠲᠦᠪᠰᠢᠨ ᠤ ᠬᠥᠮᠦᠵᠢᠯ ᠢ ᠰᠤᠯᠠᠷᠠᠭᠤᠯᠬᠤ ᠦᠭᠡᠢ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠵᠣᠭᠰᠤᠭᠠᠬᠤ ᠦᠭᠡᠢ
ᠨᠡᠶᠢᠲᠡᠯᠡᠭᠰᠡᠨ ᠴᠠᠭ᠄
2023/12/27
        ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯᠲᠠᠨ ᠤ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠪᠠ ᠠᠶᠤᠯᠭᠦᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 12 ᠰᠠᠷ᠎ᠠ ᠶᠢᠨ 25᠎ ᠤ ᠡᠳᠦᠷ᠂ ᠪᠡᠳᠬᠡᠷ ᠵᠤᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠬᠤᠶᠠᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ᠃
1703669449716060253.jpg
        ᠬᠤᠷᠠᠯ ᠳᠡᠭᠡᠷ᠎ᠡ᠂ ︽ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ - ᠠᠮᠢ ᠨᠠᠰᠤ ᠲᠠᠶᠢᠱᠠᠨ ᠠᠭᠤᠯᠠᠨ ᠠᠴᠠ ᠬᠦᠨᠳᠦ︾᠂ ︽ᠰᠢᠨ᠎ᠡ ︿ᠠᠶᠤᠯᠭᠦᠢ ᠦᠢᠯᠡᠳᠪᠦᠷᠢᠯᠡᠯ ᠤᠨ ᠬᠠᠤᠯᠢ﹀︾᠎ ᠶᠢᠨ ᠸᠢᠳᠢᠤ᠋ ᠶᠢ ᠬᠠᠮᠲᠤᠪᠠᠷ ᠦᠵᠡᠵᠦ᠂ 2023 ᠣᠨ ᠤ ᠰᠢᠨ᠎ᠡ ︽ᠠᠶᠤᠯᠭᠦᠢ ᠦᠢᠯᠡᠳᠪᠦᠷᠢᠯᠡᠯ ᠤᠨ ᠬᠠᠤᠯᠢ︾᠎ ᠶᠢ ᠰᠤᠷᠤᠯᠴᠠᠪᠠ᠃ ᠪᠡᠳᠭᠡᠷ ᠵᠤᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠳᠠᠷᠤᠭ᠎ᠠ ᠵᠠᠨ ᠯᠢ ᠮᠢᠨ ᠴᠢᠬᠤᠯᠠᠴᠢᠯᠠᠭᠰᠠᠨ ᠨᠢ᠂ ᠨᠢᠭᠡ ᠳᠤ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠮᠤᠷ ᠲᠦᠪᠰᠢᠨ ᠤ ᠬᠥᠮᠦᠵᠢᠯ ᠢ ᠴᠢᠨᠠᠭᠰᠢᠳᠠ ᠴᠢᠩᠭᠠᠳᠬᠠᠬᠤ ᠬᠡᠷᠡᠭᠲᠡᠢ᠃ ᠠᠶᠤᠯ ᠦᠭᠡᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠠᠶᠤᠯ ᠦᠭᠡᠢ ᠶᠢᠨ ᠮᠡᠳᠡᠯᠭᠡ ᠶᠢ ᠶᠡᠬᠡᠪᠡᠷ ᠤᠬᠠᠭᠤᠯᠤᠨ ᠲᠦᠭᠡᠮᠡᠯᠵᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠪᠣᠯᠪᠠᠰᠤᠷᠠᠭᠤᠯᠤᠯ ᠤᠨ ᠠᠵᠢᠯ ᠢ ᠦᠨᠡᠨᠬᠦ ᠰᠠᠶᠢᠲᠤᠷ ᠠᠳᠬᠤᠵᠤ᠂ ︽ᠨᠠᠳᠠ ᠪᠠᠷ ᠠᠮᠤᠷ ᠲᠦᠪᠰᠢᠨ ᠪᠠᠶᠢᠯᠭᠠᠬᠤ︾᠎ ᠠᠴᠠ ︽ᠥᠪᠡᠷ ᠤᠨ ᠠᠮᠤᠷ ᠲᠦᠪᠰᠢᠨ ᠪᠠᠶᠢᠬᠤ︾ ᠲᠡᠰᠢ ᠬᠤᠪᠢᠷᠠᠭᠤᠯᠬᠤ ᠶᠢ ᠲᠦᠷᠭᠡᠳᠬᠡᠬᠦ ᠬᠡᠷᠡᠭᠲᠡᠢ᠃ ᠠᠮᠤᠷ ᠲᠦᠪᠰᠢᠨ ᠤ ᠤᠷ᠎ᠠ ᠴᠢᠳᠠᠪᠤᠷᠢ ᠪᠠᠷ ᠠᠮᠢ ᠨᠠᠰᠤ ᠶᠢ ᠪᠠᠲᠤᠯᠠᠵᠤ᠂ ᠨᠡᠶᠢᠲᠡᠯᠢᠭ ᠬᠡᠷᠡᠭ ᠢᠶᠠᠷ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠲᠡᠭᠦᠨ ᠤ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠨᠠᠭᠰᠢᠳᠠ ᠴᠢᠩᠭᠠᠳᠬᠠᠬᠤ ᠬᠡᠷᠡᠭᠲᠡᠢ᠃ ᠰᠠᠯᠠᠭ᠎ᠠ ᠲᠠᠰᠤᠭ ᠥᠪᠡᠷ ᠎ ᠢ ᠪᠠᠨ ᠪᠠᠶᠢᠴᠠᠭᠠᠬᠤ᠂ ᠬᠠᠷᠢᠯᠴᠠᠨ ᠪᠠᠶᠢᠴᠠᠭᠠᠬᠤ ᠪᠠ ᠭᠤᠣᠯᠳᠠᠯᠭ᠎ᠠ ᠲᠠᠢ ᠰᠤᠭᠤᠴᠠᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠵᠤ᠂ ᠲᠣᠭᠲᠠᠮᠠᠯ ᠬᠤᠭᠤᠴᠠᠭ᠎ᠠ ᠲᠠᠢ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠤᠶᠠᠯᠳᠤᠭᠤᠯᠤᠨ᠂ ᠢᠯᠡ ᠪᠠᠷ ᠪᠠᠶᠢᠴᠠᠭᠠᠬᠤ ᠪᠠ ᠳᠠᠯᠳᠠ ᠠᠴᠠ ᠰᠤᠷᠪᠤᠯᠵᠢᠯᠠᠬᠤ ᠶᠢ ᠬᠠᠷᠢᠯᠴᠠᠨ ᠤᠶᠠᠯᠳᠤᠭᠤᠯᠵᠤ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠨ᠂ ᠵᠣᠬᠢᠬᠤ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠲᠣᠭᠲᠠᠭᠠᠬᠤ ᠬᠡᠷᠡᠭᠲᠡᠢ᠃ ᠭᠤᠷᠪᠠ ᠳᠤ᠂ ᠪᠦᠬᠦ ᠬᠤᠷᠢᠶᠠᠨ ᠤ ᠠᠵᠢᠯᠲᠠᠳ ᠴᠥᠮ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠬᠤᠯᠠᠴᠢᠯᠠᠵᠤ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢᠶᠠᠨ ᠳᠡᠭᠡᠭᠰᠢᠯᠡᠭᠦᠯᠵᠦ᠂ ᠭᠤᠣᠯ ᠰᠡᠳᠦᠪᠲᠦ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠤᠯᠠᠨ ᠲᠦᠮᠡᠨ ᠤ ᠬᠠᠷᠠᠭᠠᠰᠤ ᠠᠴᠠ ᠡᠭᠦᠰᠴᠦ᠂ ᠡᠪᠡᠳᠴᠢᠲᠡᠨ ᠤ ᠠᠮᠤᠷ ᠲᠦᠪᠰᠢᠨ ᠪᠣᠯ ᠮᠠᠨ ᠤ ᠠᠮᠤᠷ ᠲᠦᠪᠰᠢᠨ᠂ ᠡᠷᠡᠭᠦᠯ ᠬᠠᠮᠠᠭᠠᠯᠠᠯ ᠤᠨ ᠬᠤᠷᠢᠶᠠᠨ ᠤ ᠠᠮᠤᠷ ᠲᠦᠪᠰᠢᠨ ᠪᠣᠯ ᠳᠠᠷᠤᠢ ᠮᠠᠨ ᠤ ᠠᠮᠤᠷ ᠲᠦᠪᠰᠢᠨ ᠪᠣᠯᠣᠨ᠎ᠠ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠠᠵᠢᠯ ᠪᠣᠯᠣᠨ ᠠᠮᠢᠳᠤᠷᠠᠯ ᠤᠨ ᠨᠠᠷᠢᠨ ᠵᠦᠢᠯᠡᠰ ᠲᠤ ᠨᠠᠶᠢᠳᠠᠪᠤᠷᠢᠵᠢᠭᠤᠯᠬᠤ ᠨᠢ ᠯᠠᠪᠲᠠᠢ ᠶᠤᠮ᠃
        12 ᠰᠠᠷ᠎ᠠ ᠶᠢᠨ 25᠎ ᠤ ᠡᠳᠦᠷ ᠤᠨ ᠦᠳᠡ ᠶᠢᠨ ᠬᠤᠶᠢᠨ᠎ᠠ᠂ ᠪᠡᠳᠬᠡᠷ ᠵᠤᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠢ ᠵᠢᠶᠦ᠋ᠨ ᠰᠢᠶᠠ ᠳᠤᠭᠤᠶᠢᠯᠠᠩ ᠳᠠᠭᠠᠭᠤᠯᠤᠨ ᠬᠠᠷᠢᠶ᠎ᠠ ᠣᠷᠣᠨ ᠤ ᠭᠠᠩ ᠹᠠᠩ ᠳ᠋ᠢ᠂ ᠭᠠᠩ ᠹᠠᠩ ᠳ᠋ᠢ ᠵᠢᠴᠢ ᠪᠠᠢ ᠼᠣᠣ ᠭᠧᠦ ᠲᠣᠰᠬᠤᠨ ᠵᠡᠷᠭᠡ ᠭᠤᠷᠪᠠᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠪᠡ᠃ ᠭᠤᠣᠯᠳᠠᠭᠤ ᠭᠠᠯ ᠤᠨᠲᠠᠷᠠᠭᠠᠬᠤ᠂ ᠭᠠᠯ ᠬᠡᠷᠡᠭᠯᠡᠬᠦ᠂ ᠤᠰᠤ ᠬᠠᠩᠭᠠᠬᠤ᠂ ᠴᠠᠬᠢᠯᠭᠠᠨ ᠬᠡᠷᠡᠭᠯᠡᠬᠦ ᠵᠢᠴᠢ ᠡᠮ ᠤᠨ ᠵᠦᠢᠯ ᠵᠡᠷᠭᠡ ᠬᠡᠳᠦᠨ ᠲᠠᠯ᠎ᠠ ᠪᠠᠷ ᠪᠠᠶᠢᠴᠠᠭᠠᠯᠲᠠ ᠬᠢᠵᠦ᠂ ᠡᠯ᠎ᠡ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠬᠠᠷᠢᠭᠤᠴᠠᠯᠭᠠᠲᠠᠨ ᠳᠤ᠂ ᠡᠪᠦᠯ ᠤᠨ ᠤᠯᠠᠷᠢᠯ ᠤᠨ ᠬᠠᠬᠢᠷ ᠬᠦᠢᠲᠡᠨ ᠭᠠᠩ ᠬᠠᠭᠤᠷᠠᠢ ᠪᠣᠯᠬᠤᠷ ᠥᠪᠡᠷ ᠤᠨ ᠪᠠᠶᠢᠴᠠᠭᠠᠯᠲᠠ ᠶᠢᠨ ᠳᠠᠪᠲᠠᠮᠵᠢ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠤ ᠬᠥᠪᠴᠢ ᠶᠢ ᠴᠢᠩᠭᠠᠯᠠᠵᠤ᠂ ᠤᠷᠢᠳᠴᠢᠯᠠᠨ ᠰᠡᠷᠭᠡᠶᠢᠯᠡᠬᠦ ᠠᠵᠢᠯ ᠢ ᠡᠮᠦᠨ᠎ᠡ ᠨᠢ ᠬᠢᠵᠦ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠡᠪᠡᠳᠴᠢᠨ ᠦᠵᠡᠭᠦᠯᠬᠦ ᠡᠪᠡᠳᠴᠢᠲᠡᠨ ᠪᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠵᠠᠬᠢᠪᠠ᠃        ᠲᠠᠷᠠᠭᠠᠴᠢ ᠶᠢᠨ ᠠᠯᠬᠤᠮ ᠳᠤ᠂  ᠪᠡᠳᠬᠡᠷ ᠵᠤᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︽ᠴᠠᠭ ᠢᠮᠠᠭᠲᠠ ᠲᠠᠯᠪᠢᠵᠤ ᠳᠡᠶᠢᠯᠬᠦ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠵᠢᠭᠰᠠᠭᠠᠨ ᠪᠠᠶᠢᠴᠠᠭᠠᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠵᠤ᠂ ᠥᠪᠡᠷ ᠢ ᠪᠠᠨ ᠪᠠᠶᠢᠴᠠᠭᠠᠨ ᠦᠵᠡᠬᠦ ᠶᠢ ᠪᠦᠬᠦ ᠲᠠᠯ᠎ᠠ ᠪᠠᠷ ᠥᠷᠨᠢᠭᠦᠯᠵᠦ᠂ ᠭᠦᠨᠵᠡᠭᠡᠢ ᠰᠤᠳᠤᠯᠤᠨ ᠨᠠᠷᠢᠯᠢᠭᠵᠢᠭᠤᠯᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠴᠤᠬᠤᠶᠢᠵᠤ ᠪᠠᠶᠢᠭ᠎ᠠ ᠱᠠᠲᠤᠨ ᠳᠤ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠵᠤ᠂ ᠠᠶᠤᠯᠭᠦᠢ ᠦᠢᠯᠡᠳᠪᠦᠷᠢᠯᠡᠯ ᠤᠨ ᠵᠢᠭᠰᠠᠭᠠᠨ ᠪᠠᠶᠢᠴᠠᠭᠠᠬᠤ ᠠᠵᠢᠯ ᠤᠨ ᠲᠠᠰᠤᠷᠠᠯᠳᠡ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠪᠠᠲᠤᠯᠠᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号