ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠶᠢᠨ ᠮᠡᠳᠡᠭᠡ ᠶᠢ | ᠦᠨᠳᠦᠰᠦᠯᠡᠪᠡᠯ᠂ 11ᠰᠠᠷ᠎ᠠ ᠳᠤ ᠲᠤᠬᠠᠶ ᠶᠢᠨ ᠭᠠᠵᠠᠷ ᠤᠨ JN.1 ᠬᠤᠪᠢᠯᠪᠤᠷᠢ ᠸᠢᠷᠦ᠋ᠰ ᠢ ᠠᠩᠬ᠎ᠠ ᠤᠳᠠᠭ᠎ᠠ | ᠢᠯᠡᠷᠡᠭᠦᠯᠦᠭᠰᠡᠨ ᠠᠴᠠ ᠨᠠᠰᠢ᠂ 12ᠰᠠᠷ᠎ᠠ ᠶᠢᠨ 10 ᠤ ᠡᠳᠦᠷ ᠪᠣᠯᠲᠠᠯ᠎ᠠ᠂ ᠮᠠᠨ ᠤ ᠤᠯᠤᠰ ᠤᠨ ᠲᠤᠬᠠᠶ ᠶᠢᠨ | ᠭᠠᠵᠠᠷ ᠤᠨ JN.1 ᠬᠤᠪᠢᠯᠪᠤᠷᠢ ᠸᠢᠷᠦ᠋ᠰ ᠲᠤ ᠨᠡᠷᠪᠡᠭᠳᠡᠭᠰᠡᠨᠡᠪᠡᠳᠴᠢᠳᠡᠨ ᠢ ᠨᠡᠶᠢᠲᠡ 7 ᠶᠢ ᠰᠢᠯᠭᠠᠨ | ᠪᠠᠶᠢᠴᠠᠭᠠᠵᠤ ᠤᠯᠪᠠ᠃ ᠬᠡᠳᠦ᠋ᠢᠪᠡᠷ ᠣᠳᠣᠬᠠᠨ ᠳᠤ JN.1ᠬᠤᠪᠢᠯᠪᠤᠷᠢ ᠸᠢᠷᠦ᠋ᠰ ᠨᠢ ᠮᠠᠨ ᠤ ᠤᠯᠤᠰ ᠲᠤ | ᠳᠡᠯᠭᠡᠷᠡᠵᠦ ᠪᠠᠶᠢᠭ᠎ᠠ ᠲᠦᠪᠰᠢᠨ ᠢᠶᠠᠷ ᠲᠦᠢᠯ ᠤᠨ ᠳᠤᠤᠷ᠎ᠠ ᠪᠠᠶᠢᠭ᠎ᠠ ᠪᠣᠯᠪᠠᠴᠤ᠂ ᠲᠠᠷᠠᠭ᠎ᠠ ᠪᠠᠷ ᠣᠯᠠᠨ ᠤᠯᠤᠰ ᠲᠤ | ᠳᠡᠯᠭᠡᠷᠡᠵᠦ ᠪᠠᠶᠢᠭ᠎ᠠ ᠬᠤᠪᠢᠯᠪᠤᠷᠢ ᠸᠢᠷᠦ᠋ᠰ ᠪᠣᠯᠤᠨ ᠭᠠᠳᠠᠨ᠎ᠠ ᠠᠴᠠ ᠣᠷᠣᠵᠤ ᠢᠷᠡᠭᠰᠡᠨᠡᠪᠡᠳᠴᠢᠳᠡᠨ ᠤ | ᠨᠥᠯᠥᠭᠡ ᠶᠢ ᠬᠦᠷᠳᠡᠭᠦ ᠠᠴᠠ ᠪᠤᠯᠵᠤ᠂ JN.1ᠬᠤᠪᠢᠯᠪᠤᠷᠢ ᠸᠢᠷᠦ᠋ᠰ ᠨᠢ ᠤᠯᠤᠰ ᠤᠨ ᠳᠣᠲᠣᠭᠠᠳᠤ ᠳᠤ ᠳᠡᠯᠭᠡᠷᠡᠵᠦ | ᠮᠡᠳᠡᠬᠦ ᠶᠢ ᠦᠭᠡᠶᠢᠰᠬᠡᠬᠦ ᠵᠢᠨᠠᠷᠭ᠎ᠠ ᠥᠬᠡᠶ ᠶᠤᠮ᠃ ᠮᠠᠨ ᠤ ᠤᠯᠤᠰ ᠤᠨ ᠣᠳᠣᠬᠢ ᠱᠠᠲᠤᠨ ᠳᠠᠬᠢ ᠭᠤᠤᠯ ᠪᠣᠯᠬᠤ | ᠸᠢᠷᠦ᠋ᠰ ᠨᠢ ᠮᠥᠨ ᠯᠡ EG5 ᠵᠢᠴᠢ ᠳᠡᠳ᠋ ᠰᠠᠯᠪᠤᠷᠢ ᠸᠢᠷᠦ᠋ᠰ ᠪᠣᠯᠤᠨ᠎ᠠ᠃ | JN.1 ᠬᠤᠪᠢᠯᠪᠤᠷᠢ ᠸᠢᠷᠦ᠋ᠰ ᠪᠣᠯ ᠰᠢᠨ᠎ᠡ ᠲᠢᠲᠢᠮᠯᠢᠭ ᠸᠢᠷᠦ᠋ᠰ ᠤᠨᠤᠮᠢᠺᠷᠤᠨ BA.2.86 | ᠬᠤᠪᠢᠯᠪᠤᠷᠢ ᠸᠢᠷᠦ᠋ᠰ ᠤᠨ ᠬᠤᠶᠠᠳᠤᠭᠠᠷ ᠦᠶ᠎ᠡ ᠶᠢᠨ ᠳᠡᠳ᠋ ᠰᠠᠯᠪᠤᠷᠢ ᠸᠢᠷᠦ᠋ᠰ ᠪᠤᠯᠬᠤ ᠪᠦᠭᠡᠳᠮᠥ᠋ᠨᠴᠦBA2. | 86ᠬᠤᠪᠢᠯᠪᠤᠷᠢ ᠸᠢᠷᠦ᠋ᠰ ᠤᠨ ᠳᠣᠲᠣᠷᠠᠬᠢ ᠨᠡᠯᠢᠶᠡᠳ ᠴᠢᠩᠭ᠎ᠠ ᠲᠡᠯᠭᠡᠷᠡᠨ ᠲᠠᠷᠬᠠᠬᠤ ᠴᠢᠳᠠᠯ ᠲᠠᠢ ᠳᠡᠳ᠋ ᠰᠠᠯᠪᠤᠷᠢ | ᠸᠢᠷᠦ᠋ᠰ ᠪᠣᠯᠤᠨ᠎ᠠ᠃ ᠲᠣᠰ ᠬᠤᠪᠢᠯᠪᠤᠷᠢ ᠸᠢᠷᠦ᠋ᠰ ᠢ ᠡᠨᠡ ᠵᠢᠯ ᠤᠨ8 ᠰᠠᠷ᠎ᠠ ᠶᠢᠨ 25 ᠤ ᠡᠳᠦᠷ | ᠯᠦᠺᠰᠧᠮᠪᠦ᠋ᠷᠡᠭ ᠡᠴᠠᠴᠤᠭᠯᠠᠭᠤᠯᠤᠭᠰᠠᠨ ᠥᠯᠢᠭᠡᠷ ᠬᠡᠪ ᠠᠴᠠ ᠠᠩᠬ᠎ᠠ ᠤᠳᠠᠭ᠎ᠠ ᠰᠢᠯᠭᠠᠨ ᠪᠠᠶᠢᠴᠠᠭᠠᠵᠤ ᠭᠠᠷᠭᠠᠬᠰᠠᠨ | ᠶᠤᠮ᠃ 11 ᠰᠠᠷ᠎ᠠ ᠠᠴᠠ ᠨᠠᠭᠠᠰᠢ᠂ JN.1 ᠶᠢᠨ ᠪᠥᠬᠦ ᠪᠥᠮᠪᠥᠷᠴᠡᠭ ᠲᠠᠶᠠᠭᠠᠷ ᠳᠡᠯᠭᠡᠷᠡᠭᠰᠡᠨ ᠬᠤᠤᠷᠲᠤ ᠸᠢᠷᠦ᠋ᠰ | ᠤᠨ ᠲᠤᠳᠤᠷᠠᠬᠢ ᠡᠵᠡᠯᠡᠬᠦ ᠬᠠᠷᠢᠴᠠᠯ ᠨᠢ ᠨᠡᠯᠢᠶᠡᠳ ᠲᠦᠷᠭᠡᠨ ᠨᠡᠮᠡᠭᠳᠡᠭᠰᠡᠨ ᠠᠴᠠ ᠪᠣᠯᠵᠣ᠂ ᠳᠡᠯᠡᠬᠡᠶ ᠶᠢᠨ ᠡᠷᠡᠭᠦᠯ | ᠬᠠᠮᠠᠭᠠᠯᠠᠯ ᠤᠨ ᠵᠣᠬᠢᠶᠠᠨ ᠪᠠᠶᠢᠭᠤᠯᠤᠯᠲᠠ 11ᠰᠠᠷ᠎ᠠ ᠶᠢᠨ 21 ᠤ ᠡᠳᠦᠷ BA.2.86 ᠬᠤᠪᠢᠯᠪᠤᠷᠢ ᠸᠢᠷᠦ᠋ᠰ ᠢ | ︽ᠰᠢᠯᠭᠠᠨ ᠪᠠᠶᠢᠴᠠᠭᠠᠬᠤ ᠴᠢᠬᠤᠯᠠᠲᠠᠶ ᠬᠤᠪᠢᠯᠪᠤᠷᠢ ᠸᠢᠷᠦ᠋ᠰ︾ ︵VUM︶ ᠠᠴᠠ ᠨᠢ ︽ᠠᠩᠬᠠᠷᠬᠤ ᠴᠢᠬᠤᠯᠠᠲᠠᠶ | ᠬᠤᠪᠢᠯᠪᠤᠷᠢ ᠸᠢᠷᠦ᠋ᠰ︾ ︵VOI︶ ᠪᠣᠯᠭᠠᠨ ᠲᠠᠰᠲ᠋ᠡᠪᠰᠢᠭᠦᠯᠪᠡ᠃ | ᠮᠠᠨ ᠤ ᠤᠯᠤᠰ ᠤᠨ ᠰᠢᠯᠭᠠᠨ ᠪᠠᠶᠢᠴᠠᠭᠠᠬᠰᠠᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ JN. | 1ᠬᠤᠪᠢᠯᠪᠤᠷᠢ ᠸᠢᠷᠦ᠋ᠰ ᠲᠤ ᠬᠠᠯᠳᠠᠪᠤᠷᠢᠯᠠᠭᠳᠠᠬᠰᠠᠳ ᠪᠣᠯ ᠴᠥᠮ ᠬᠥᠩᠭᠡᠨ ᠬᠡᠯᠪᠡᠷᠢ ᠶᠢᠨ ᠪᠤᠶᠤ ᠡᠪᠡᠳᠴᠢᠨ ᠤ | ᠢᠯᠡᠷᠡᠯ ᠥᠬᠡᠶ ᠬᠥᠮᠦᠰ ᠪᠣᠯᠤᠨ᠎ᠠ᠃ ᠠᠳᠠᠯᠢ ᠪᠤᠰᠤ ᠬᠤᠪᠢᠯᠪᠤᠷᠢ ᠸᠢᠷᠦ᠋ᠰ ᠤᠨ ᠡᠭᠦᠰᠦᠭᠰᠡᠨ ᠡᠪᠡᠳᠴᠢᠨ ᠤ ᠢᠯᠡᠷᠡᠯ | ᠰᠢᠨᠵᠢ ᠨᠢ ᠠᠳᠠᠯᠢᠪᠲᠤᠷᠪᠠᠶᠢᠵᠤ᠂ ᠡᠪᠡᠳᠴᠢᠨ ᠤ ᠢᠯᠡᠷᠡᠯ ᠰᠢᠨᠵᠢ ᠶᠢᠨ ᠲᠥᠷᠥᠯ ᠵᠦᠢᠯ ᠪᠠ ᠬᠦᠨᠳᠦ ᠶᠢᠨ | ᠬᠡᠮᠵᠢᠶ᠎ᠡ ᠨᠢ ᠶᠡᠷᠦ ᠳᠡᠭᠡᠨ ᠪᠣᠳᠠᠭᠠᠯᠢ ᠪᠡᠶ᠎ᠡ ᠵᠢᠨᠲ᠋ᠠᠷᠬᠠᠯᠠᠭᠠ ᠶᠢᠨ ᠴᠢᠳᠠᠪᠤᠷᠢ ᠪᠠᠷ ᠲᠣᠭᠳᠠᠭᠠᠭᠳᠠᠳᠠᠭ᠃ ᠣᠲᠣ ᠶᠢᠨ | ᠪᠠᠶᠢᠭ᠎ᠠ ᠭᠡᠷᠡᠴᠢ ᠪᠠᠷᠢᠮᠲᠠᠡᠴᠠᠦᠵᠡᠪᠡᠯ᠂ JN.1ᠬᠤᠪᠢᠯᠪᠤᠷᠢ ᠸᠢᠷᠦ᠋ᠰ ᠤᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠲᠦᠭᠰᠢᠭᠦᠷᠢ ᠨᠡᠯᠢᠶᠡᠳ ᠳᠤᠤᠷ᠎ᠠ ᠪᠠᠶᠢᠨ᠎ᠠ᠃ | JN.1 ᠬᠤᠪᠢᠯᠪᠤᠷᠢ ᠸᠢᠷᠦ᠋ᠰ ᠢ ᠰᠡᠷᠭᠡᠶᠢᠯᠡᠨ ᠬᠤᠷᠢᠬᠯᠠᠬᠤ ᠲᠠᠯ᠎ᠠ ᠪᠠᠷ᠂ ᠪᠤᠰᠤᠳ ᠤᠮᠢᠺᠷᠤᠨ ᠸᠢᠷᠦ᠋ᠰ | ᠤᠨᠬᠤᠪᠢᠯᠪᠤᠷᠢ ᠶᠢᠨ ᠬᠠᠯᠳᠠᠪᠤᠷᠢᠯᠠᠯ ᠢ ᠰᠡᠷᠭᠡᠶᠢᠯᠡᠬᠦ ᠲᠠᠢ ᠠᠳᠠᠯᠢ ᠪᠠᠷ᠂ ᠬᠤᠪᠢ ᠬᠥᠮᠦᠨ ᠤ ᠡᠷᠡᠭᠦᠯ ᠬᠠᠮᠠᠭᠠᠯᠠᠯ ᠤᠨ | ᠰᠠᠶᠢᠨ ᠰᠠᠶᠢᠬᠠᠨᠲ᠋ᠠᠳᠬᠠᠯ ᠢᠶᠠᠨ ᠦᠷᠭᠦᠯᠵᠢᠯᠡᠨ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠵᠦ᠂ ᠴᠠᠭ | ᠲᠤᠬᠠᠶ ᠳᠤᠨᠢ ᠸᠠᠺᠼᠢᠨ ᠳᠠᠷᠢᠵᠤ᠂ ᠵᠢᠮ᠎ᠡ ᠶᠣᠰᠣ ᠲᠠᠢ ᠠᠵᠢᠯᠯᠠᠵᠤ ᠠᠮᠠᠷᠠᠬᠤ ᠶᠢ ᠪᠠᠷᠢᠮᠲᠠᠯᠠᠵᠤ᠂ ᠡᠷᠡᠭᠦᠯ ᠢᠳᠡᠭᠡᠨ | ᠤᠮᠳᠠᠭᠠᠨ ᠢᠳᠡᠵᠦ᠂ ᠪᠡᠶ᠎ᠡ ᠮᠠᠬᠠᠪᠣᠳ ᠤᠨ ᠲᠠᠷᠬᠠᠯᠠᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠣᠯᠠᠨ ᠨᠡᠶᠢᠲᠡ | ᠳᠤ ᠰᠠᠨᠠᠭᠤᠯᠵᠤ ᠪᠠᠶᠢᠨ᠎ᠠ᠃ |