︽ᠠᠮᠤᠷ ᠲᠦᠪᠰᠢᠨ ᠤ ᠱᠤᠭᠤᠮ︾ ᠎ ᠢ ᠪᠠᠲᠤ ᠰᠠᠬᠢᠪᠠ ︱ ᠤᠳᠠᠩᠵᠤᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/12/28
        ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢᠨ᠎ᠡ ᠵᠢᠯ ᠤᠨ ᠰᠢᠨ᠎ᠡ ᠶᠢᠨ ᠨᠢᠭᠡᠨ ᠤ ᠡᠳᠦᠷ᠂  ᠰᠢᠭᠤᠶᠢᠲᠤ ᠲᠣᠭᠤᠷᠢᠭ ᠤᠨ ᠪᠡᠳᠬᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠡᠯ᠎ᠡ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠡᠯ᠎ᠡ ᠵᠦᠢᠯ ᠤᠨ ᠠᠶᠤᠯᠭᠦᠢ ᠶᠢᠨ ᠬᠠᠮᠢᠶᠠᠷᠤᠯᠲᠠ ᠶᠢᠨ ᠠᠵᠢᠯ ᠢ ᠪᠣᠳᠠᠲᠠᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠡᠶ᠎ᠡ ᠵᠣᠬᠢᠴᠠᠯ ᠲᠠᠢ ᠡᠮᠴᠢᠯᠡᠭᠡᠨ ᠤ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ 12 ᠰᠠᠷ᠎ᠠ ᠶᠢᠨ 28᠎ ᠤ ᠡᠳᠦᠷ᠂ ᠪᠡᠳᠬᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠤᠳᠤᠷᠢᠳᠤᠯᠭ᠎ᠠ ᠪᠦᠯᠬᠦᠮ ᠳᠠᠭᠠᠭᠤᠯᠤᠨ ᠬᠠᠷᠢᠶᠠᠲᠤ ᠣᠷᠣᠨ ᠤ ᠪᠠᠨ ᠴᠢᠩ ᠱᠠᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠰᠢᠨ‌‍ᠱᠤ ᠭᠤᠸᠠᠩ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠥᠷᠨᠢᠭᠦᠯᠪᠡ᠃
        ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠷᠢᠳ ᠬᠤᠵᠢᠳ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠯ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ᠂ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠢᠯᠡᠷᠡᠭᠦᠯᠦᠭᠰᠡᠨ ᠭᠡᠮ ᠰᠣᠭᠤᠭ ᠤᠨ ᠠᠰᠠᠭᠤᠳᠠᠯ ᠳᠤ ᠴᠢᠭᠯᠡᠭᠦᠯᠦᠨ ᠲᠤᠬᠠᠢ ᠶᠢᠨ ᠲᠠᠯᠠᠪᠤᠷ ᠲᠤ ᠱᠠᠯᠠᠪᠳᠠᠭᠤᠯᠤᠨ ᠵᠢᠯᠤᠭᠤᠳᠬᠤ ᠶᠢᠨ ᠬᠠᠮᠲᠤ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃        ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠰᠢᠨ᠎ᠡ ᠵᠢᠯ ᠤᠨ ᠬᠤᠭᠤᠴᠠᠭᠠᠨ ᠳᠤ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠥᠴᠥᠬᠡᠨ ᠴᠦ ᠰᠤᠯᠠᠷᠠᠭᠤᠯᠤᠯ ᠦᠭᠡᠢ ᠪᠠᠶᠢᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ 2024 ᠣᠨ ᠠᠴᠠ ᠡᠬᠢᠯᠡᠨ ᠰᠠᠶᠢᠨ ᠠᠯᠬᠤᠵᠤ᠂ ᠰᠠᠶᠢᠨ ᠡᠬᠢᠯᠡᠯᠲᠡ ᠲᠠᠢ ᠪᠣᠯᠬᠤ ᠳᠤ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ︽ᠠᠮᠤᠷ ᠲᠦᠪᠰᠢᠨ ᠢ ᠪᠠᠲᠤᠯᠠᠬᠤ︾ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ︽ᠴᠠᠭ ᠢᠮᠠᠭᠲᠠ ᠰᠠᠨᠠᠭ᠎ᠠ ᠠᠮᠤᠷᠠᠬᠤ ᠦᠭᠡᠢ︾ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠬᠢᠵᠠᠭᠠᠷ ᠰᠡᠳᠬᠢᠬᠦᠢ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠣᠶ ᠪᠣᠯᠭᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠬᠤᠶᠠᠷ ᠲᠤ᠂ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ᠃ ᠪᠡᠯᠡᠳᠬᠡᠮᠵᠢ ᠲᠥᠬᠦᠭᠡᠷᠦᠮᠵᠢ ᠶᠢ ᠲᠣᠭᠤᠷᠢᠨ ᠪᠠᠶᠢᠴᠠᠭᠠᠬᠤ᠂ ᠠᠮᠤᠷ ᠲᠦᠪᠰᠢᠨ ᠢ ᠬᠢᠨᠠᠨ ᠬᠡᠮᠵᠢᠬᠦ ᠪᠠ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠵᠡᠷᠭᠡ ᠶᠢ ᠴᠢᠩᠭᠠᠳᠬᠠᠵᠤ᠂ ᠲᠦᠭᠰᠢᠭᠦᠷᠢ ᠶᠢ ᠰᠤᠳᠤᠯᠤᠨ ᠮᠠᠭᠠᠳᠯᠠᠵᠤ ᠬᠠᠮᠢᠶᠠᠷᠤᠨ ᠡᠵᠡᠮᠳᠡᠬᠦ ᠪᠠ ᠠᠷᠭᠠᠴᠠᠬᠤ ᠪᠡᠯᠡᠳᠬᠡᠯ ᠢ ᠴᠢᠩᠭᠠᠳᠬᠠᠵᠤ᠂ ᠳᠣᠣᠷ᠎ᠠ ᠳᠤᠯᠠᠭᠠᠨ ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠢ ᠴᠠᠭ ᠲᠤᠬᠠᠢ ᠳᠤᠨᠢ ᠡᠮᠬᠢ ᠵᠢᠷᠤᠮ ᠲᠠᠢ ᠪᠠᠷ ᠰᠢᠢᠳᠪᠦᠷᠢᠯᠡᠵᠦ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ᠎ᠡ᠃ ᠭᠤᠷᠪᠠ ᠳᠤ᠂ ᠵᠢᠵᠢᠭᠦᠷᠯᠡᠨ ᠰᠠᠬᠢᠬᠤ ᠶᠢ ᠴᠢᠩᠭᠠᠳᠬᠠᠬᠤ ᠬᠡᠷᠡᠭᠲᠡᠢ᠃ ᠵᠢᠵᠢᠭᠦᠷᠯᠡᠨ ᠰᠠᠬᠢᠬᠤ ᠪᠠ ᠤᠳᠤᠷᠢᠳᠤᠯᠭ᠎ᠠ ᠵᠢᠵᠢᠭᠦᠷ ᠳᠠᠭᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠴᠢᠮᠡᠭᠡ ᠬᠤᠯᠪᠣᠭᠠᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠭᠡᠨᠡᠳᠲᠡ ᠶᠢᠨ ᠬᠡᠷᠡᠭ ᠡᠭᠦᠰᠪᠡᠯ ᠴᠠᠭ ᠲᠤᠬᠠᠢ ᠳᠤᠨᠢ ᠪᠦᠲᠦᠮᠵᠢᠲᠡᠶ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠰᠢᠨ᠎ᠡ ᠵᠢᠯ ᠤᠨ ᠠᠮᠠᠷᠠᠯᠲᠠ ᠶᠢᠨ ᠬᠤᠭᠤᠴᠠᠭᠠᠨ ᠳᠤ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号