ᠵᠦᠸᠧ ᠡᠯ ᡁᠢ ᠯᠢᠶᠠᠨ ᠪᠦᠯᠦᠭᠯᠡᠯ᠂ ᠥᠪᠥᠷ ᠮᠣᠩᠭᠤᠯ ᠤᠨ ᠱᠧᠨ ᠵᠢᠶᠦ᠋ᠨ ᠬᠠᠩᠭᠠᠯᠭ᠎ᠠ ᠶᠢᠨ ᠬᠡᠯᠬᠢᠶ᠎ᠡ ᠶᠢᠨ ᠬᠢᠵᠠᠭᠠᠷᠲᠤ ᠺᠣᠮᠫᠠᠨᠢ ᠶᠢᠨ ᠲᠥᠯᠥᠭᠡᠯᠡᠭᠴᠢᠳ ᠤᠨ ᠪᠦᠯᠬᠦᠮ ᠰᠢᠭᠤᠶᠢᠲᠤ ᠲᠣᠭᠤᠷᠢᠭ ᠤᠨ ᠠᠵᠤ ᠠᠬᠤᠶᠢᠯᠠᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/12/28
        ᠣᠶᠢᠷ᠎ᠠ ᠳᠤ᠂ ᠵᠦᠸᠧ ᠡᠯ ᡁᠢ ᠯᠢᠶᠠᠨ ᠪᠦᠯᠦᠭᠯᠡᠯ ᠤᠨ ᠳᠡᠳ᠋ ᠶᠡᠷᠦᠩᠬᠡᠢ ᠵᠠᠬᠢᠷᠤᠯ᠂ ᠥᠪᠥᠷ ᠮᠣᠩᠭᠤᠯ ᠤᠨ ᠱᠧᠨ ᠵᠢᠶᠦ᠋ᠨ ᠬᠠᠩᠭᠠᠯᠭ᠎ᠠ ᠶᠢᠨ ᠬᠡᠯᠬᠢᠶ᠎ᠡ ᠶᠢᠨ ᠬᠢᠵᠠᠭᠠᠷᠲᠤ ᠺᠣᠮᠫᠠᠨᠢ 8 ᠬᠥᠮᠥᠨ ᠮᠠᠨ ᠤ ᠣᠷᠣᠨ ᠳᠤ ᠢᠷᠡᠵᠦ ᠬᠠᠮᠲᠤᠷᠠᠯᠴᠠᠭᠠᠨ ᠤ ᠬᠠᠩᠭᠠᠯᠭ᠎ᠠ ᠶᠢᠨ ᠬᠡᠯᠬᠢᠶ᠎ᠡ ᠵᠢᠴᠢ B2B ᠠᠷᠠᠯᠵᠢᠶᠠᠨ ᠤ ᠲᠥᠷᠥᠯ ᠵᠦᠢᠯ ᠤᠨ ᠲᠤᠬᠠᠢ ᠰᠢᠨᠵᠢᠯᠡᠨ ᠪᠠᠶᠢᠴᠠᠭᠠᠵᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠥᠪᠥᠷ ᠮᠣᠩᠭᠤᠯ ᠤᠨ ᠶᠠ ᠰᠢᠨ ᠯᠦᠩ ᠱᠦᠨ ᠲᠧ ᠪᠣᠯᠣᠳ ᠲᠡᠮᠦᠷ ᠤᠨ ᠬᠢᠵᠠᠭᠠᠷᠲᠤ ᠺᠣᠮᠫᠠᠨᠢ᠂ ᠮᠢᠩ ᠶᠠᠩ ᠤᠮᠠᠷᠠᠲᠤ ᠶᠢᠨ ᠣᠶᠤᠨᠲᠤ ᠡᠨᠧᠷᠭᠢ ︵ᠥᠪᠥᠷ ᠮᠣᠩᠭᠤᠯ︶᠎ ᠶᠢᠨ ᠬᠢᠵᠠᠭᠠᠷᠲᠤ ᠺᠣᠮᠫᠠᠨᠢ᠂ ᠲᠣᠭᠤᠷᠢᠭ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠲᠣᠭᠤᠷᠢᠭ ᠤᠨ ᠲᠣᠮᠣ ᠳ᠋ᠠᠶᠢᠲ᠋ᠠ ᠶᠢᠨ ᠲᠥᠪ ᠲᠤ ᠬᠦᠷᠴᠦ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠭᠦᠨᠵᠡᠭᠡᠢ ᠵᠥᠪᠳᠡᠯᠴᠡᠵᠦ᠂ ︽B2B ᠠᠷᠠᠯᠵᠢᠶᠠᠨ ᠤ ᠦᠢᠯᠡᠴᠢᠯᠡᠭᠡᠨ ᠤ ᠬᠠᠩᠭᠠᠯᠭ᠎ᠠ ᠶᠢᠨ ᠬᠡᠯᠬᠢᠶ᠎ᠡ ᠶᠢᠨ ᠦᠢᠯᠡᠴᠢᠯᠡᠭᠡᠨ ᠤ ᠲᠣᠭᠠᠴᠢᠯᠠᠭᠰᠠᠨ ᠮᠡᠷᠭᠡᠵᠢᠯ ᠤᠨ ᠡᠭᠦᠯᠡᠨ ᠦᠢᠯᠡᠴᠢᠯᠡᠭᠡ︾᠎ ᠶᠢ ᠪᠠᠶᠢᠭᠤᠯᠬᠤ ᠬᠠᠮᠲᠤᠷᠠᠯᠴᠠᠭᠠᠨ ᠤ ᠰᠠᠨᠠᠮᠵᠢ ᠶᠢ ᠠᠩᠬ᠎ᠠ ᠠᠯᠬᠤᠮ ᠲᠣᠭᠲᠠᠪᠠ᠃        ᠰᠢᠨᠵᠢᠯᠡᠨ ᠪᠠᠶᠢᠴᠠᠭᠠᠬᠤ ᠳᠤᠮᠳᠠ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠪᠠᠷ᠎ᠠ ᠪᠣᠯᠣᠭᠰᠠᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠰᠢᠭᠤᠶᠢᠲᠤ ᠲᠣᠭᠤᠷᠢᠭ ᠤᠨ ᠣᠷᠣᠨ ᠪᠠᠶᠢᠷᠢ ᠶᠢᠨ ᠳᠠᠪᠠᠭᠤᠯᠢᠭ᠂ ᠭᠤᠣᠯᠳᠠᠯᠭ᠎ᠠ ᠲᠠᠢ ᠠᠵᠤ ᠠᠬᠤᠶᠢᠯᠠᠯ ᠵᠢᠴᠢ ᠬᠠᠮᠢᠶ᠎ᠠ ᠪᠦᠬᠦᠢ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠨᠠᠷᠢᠨ ᠲᠠᠨᠢᠯᠴᠠᠭᠤᠯᠪᠠ᠃ ᠰᠢᠨᠵᠢᠯᠡᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠮᠠᠨ ᠤ ᠲᠣᠭᠤᠷᠢᠭ ᠤᠨ ᠴᠢᠩ ᠰᠡᠳᠬᠢᠯ ᠠᠴᠠ ᠪᠠᠨ ᠭᠥᠯᠢᠶᠡᠨ ᠠᠪᠬᠤ ᠠᠵᠢᠯ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠰᠢᠭᠤᠶᠢᠲᠤ ᠣᠷᠣᠨ ᠨᠢ ᠭᠤᠣᠯ ᠬᠤᠲᠠ ᠲᠣᠭᠤᠷᠢᠭ ᠪᠣᠯᠤᠭᠰᠠᠨ ᠤ ᠬᠤᠪᠢ ᠳᠤ᠂ ᠭᠠᠵᠠᠷ ᠵᠦᠢ ᠶᠢᠨ ᠪᠠᠶᠢᠷᠢᠯᠠᠯ ᠳᠠᠪᠠᠭᠤᠯᠢᠭ᠂ ᠡᠷᠭᠢᠨ ᠲᠣᠭᠤᠷᠢᠨ ᠢ ᠨᠥᠯᠥᠭᠡᠯᠡᠬᠦ ᠴᠢᠳᠠᠪᠤᠷᠢ ᠴᠢᠩᠭ᠎ᠠ᠂ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠳᠠᠯᠳᠠ ᠬᠦᠴᠦᠨ ᠲᠡᠭᠦᠯᠳᠡᠷ ᠭᠡᠵᠦ ᠰᠠᠨᠠᠯ ᠨᠢᠭᠡᠲᠡᠢ ᠦᠵᠡᠪᠡ᠃        ᠲᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠢᠳᠡᠪᠬᠢᠲᠡᠢ ᠪᠠᠷ ᠵᠣᠯᠭᠠᠭᠤᠯᠵᠤ᠂ ︽B2B ᠠᠷᠠᠯᠵᠢᠶᠠᠨ ᠤ ᠦᠢᠯᠡᠴᠢᠯᠡᠭᠡᠨ ᠤ ᠬᠠᠩᠭᠠᠯᠭ᠎ᠠ ᠶᠢᠨ ᠬᠡᠯᠬᠢᠶ᠎ᠡ ᠶᠢᠨ ᠦᠢᠯᠡᠴᠢᠯᠡᠭᠡᠨ ᠤ ᠲᠣᠭᠠᠴᠢᠯᠠᠭᠰᠠᠨ ᠮᠡᠷᠭᠡᠵᠢᠯ ᠤᠨ ᠡᠭᠦᠯᠡᠨ ᠦᠢᠯᠡᠴᠢᠯᠡᠭᠡ︾᠎ ᠶᠢᠨ ᠪᠦᠲᠦᠴᠡ ᠶᠢᠨ ᠰᠢᠰᠲ᠋ᠧᠮ ᠢ ᠪᠠᠶᠢᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠢ ᠬᠠᠪᠰᠤᠷᠤᠨ ᠥᠪᠡᠷ ᠤᠨ ᠦᠷᠳᠡᠭ ᠢ ᠨᠢ ᠪᠠᠭᠤᠷᠠᠭᠤᠯᠤᠨ ᠦᠷ᠎ᠡ ᠠᠰᠢᠭ ᠢ ᠨᠢ ᠨᠡᠮᠡᠭᠳᠡᠭᠦᠯᠵᠦ᠂ ᠠᠷᠠᠯᠵᠢᠶᠠᠨ ᠤ ᠦᠷ᠎ᠡ ᠪᠦᠲᠦᠮᠵᠢ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠦᠷ᠎ᠡ ᠪᠦᠲᠦᠮᠵᠢ᠂ ᠪᠡᠯᠡ ᠮᠥᠩᠭᠦ ᠶᠢᠨ ᠦᠷ᠎ᠡ ᠪᠦᠲᠦᠮᠵᠢ ᠵᠡᠷᠭᠡ ᠬᠠᠮᠵᠢᠯᠴᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号