ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/28
        ᠵᠠᠭᠤᠨ ᠵᠢᠯ ᠤᠨ ᠠᠭᠤᠤ ᠶᠡᠭᠡ ᠠᠶᠠᠨ ᠰᠦᠷ ᠳᠠᠯᠠᠶᠢᠴᠠᠲᠠᠢ ᠶᠠᠪᠤᠭᠳᠠᠵᠤ᠂ ᠵᠠᠭᠤᠨ ᠵᠢᠯ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠲᠤ ᠴᠢᠩᠭ᠎ᠠ ᠪᠣᠯᠪᠠ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ︽ᠲᠤᠯᠤᠭᠠᠨ ᠰᠠᠷ᠎ᠠ ᠶᠢᠨ ᠨᠢᠭᠡᠨ︾ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︽ᠦᠵᠡᠯ ᠰᠠᠨᠠᠭ᠎ᠠ ᠶᠢ ᠰᠤᠷᠤᠯᠴᠠᠬᠤ᠂ ᠪᠣᠳᠠᠲᠤ ᠶᠠᠪᠤᠳᠠᠯ ᠬᠢᠬᠦ᠂ ᠬᠥᠭᠵᠢᠯᠲᠡ ᠶᠢ ᠠᠬᠢᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠬᠤᠪᠢᠰᠬᠠᠯ ᠤᠨ ᠤᠳᠤᠮᠰᠢᠯ ᠢ ᠤᠯᠠᠮᠵᠢᠯᠠᠵᠤ᠂ ᠬᠤᠪᠢᠰᠬᠠᠯ ᠤᠨ ᠠᠮᠢᠨ ᠰᠤᠳᠠᠰᠤ ᠶᠢ ᠦᠷᠭᠦᠯᠵᠢᠯᠡᠭᠦᠯᠵᠦ᠂ ᠨᠠᠮ ᠤᠨ ᠲᠤᠭ ᠲᠤ ᠭᠡᠷᠡᠯ ᠭᠢᠯᠪᠠᠭ᠎ᠠ ᠨᠡᠮᠡᠷᠢᠯᠡᠪᠡ᠃
1700554707903065017.png
        ᠲᠡᠦᠬᠡ ᠪᠣᠯ ᠬᠠᠮᠤᠭ ᠤᠨ ᠰᠠᠶᠢᠨ ᠰᠤᠷᠬᠤ ᠪᠢᠴᠢᠭ ᠮᠥᠨ᠂ ᠪᠠᠰᠠ ᠴᠤ ᠬᠠᠮᠤᠭ ᠤᠨ ᠰᠠᠶᠢᠨ ᠰᠡᠬᠡᠭᠡᠷᠡᠭᠦᠯᠬᠦ ᠡᠮ ᠮᠥᠨ᠃ ︽ᠬᠤᠪᠢᠰᠭᠠᠯ︾᠎ ᠤᠨ ᠴᠡᠭᠡᠵᠢᠯᠡ ᠬᠦ ᠶᠢ ᠡᠷᠢᠯᠬᠢᠯᠡ ᠬᠦ ᠶᠢᠨ ᠲᠥᠯᠥᠭᠡ ᠤᠷᠤᠭᠱᠢᠯᠠᠬᠤ ᠬᠦᠴᠦᠨ ᠢ ᠣᠯᠣᠶ᠎ᠠ᠃ 6 ᠰᠠᠷ᠎ᠠ ᠶᠢᠨ 29᠎ ᠤ ᠡᠳᠦᠷ ᠮᠠᠨ ᠤ ᠲᠣᠪᠴᠢᠶ᠎ᠠ ᠲᠤᠰᠢᠶᠠᠯ ᠳᠤ ᠪᠠᠶᠢᠭ᠎ᠠ 11 ᠨᠠᠮ ᠤᠨ ᠭᠡᠰᠢᠭᠦᠨ ᠵᠢᠴᠢ ᠢᠳᠡᠪᠬᠢᠲᠡᠨ ᠤ︽ᠺᠠᠷᠲ ᠴᠣᠬᠢᠬᠤ︾ ᠬᠤᠪᠢᠰᠬᠠᠯ ᠤᠨ ᠰᠠᠭᠤᠷᠢᠨ ᠭᠠᠵᠠᠷ ᠢ ᠵᠣᠬᠢᠶᠠᠨ ᠪᠠᠶᠢᠭᠤᠯᠵᠤ᠂ ᠪᠤᠭᠤᠲᠤ ᠶᠢᠨ ᠵᠤᠤ ᠶᠢᠨ ᠬᠤᠪᠢᠰᠬᠠᠯ ᠤᠨ ᠳᠤᠷᠠᠰᠬᠠᠯ ᠤᠨ ᠣᠷᠳᠣᠨ ᠳᠤ ᠬᠦᠷᠴᠦ ᠲᠣᠭᠤᠷᠢᠨ ᠦᠵᠡᠵᠦ ᠰᠤᠷᠤᠯᠴᠠᠪᠠ᠃ ᠠᠵᠢᠯᠯᠠᠭ᠎ᠠ ᠶᠢᠨ ᠳᠤᠮᠳᠠ᠂ ᠲᠤᠯᠭᠤᠷ ᠪᠢᠴᠢᠭ᠂ ᠪᠣᠳᠠᠲᠤ ᠪᠣᠳᠠᠰ᠂ ᠭᠡᠷᠡᠯ ᠵᠢᠷᠤᠭ ᠤᠨ ᠮᠠᠲ᠋ᠧᠷᠢᠶᠠᠯ ᠢ ᠰᠣᠨᠢᠷᠬᠠᠬᠤ ᠪᠠᠷ ᠳᠠᠮᠵᠢᠭᠤᠯᠤᠨ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠭᠠᠶᠢᠬᠠᠮᠰᠢᠭᠲᠤ ᠣᠨ ᠰᠠᠷ᠎ᠠ ᠶᠢ ᠳᠠᠬᠢᠨ ᠡᠷᠭᠢᠴᠡᠭᠦᠯᠪᠡ᠃
1700554718458069372.png
        ᠲᠣᠰ ᠤᠳᠠᠭᠠᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠪᠠᠷ ᠳᠡᠮᠵᠢᠨ᠂ ᠨᠥᠬᠦᠳ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠠᠭᠤᠤ ᠭᠠᠪᠢᠶ᠎ᠠ ᠠᠤᠭ᠎ᠠ ᠵᠢᠳᠬᠦᠯ ᠢ ᠳᠤᠷᠠᠰᠤᠨ ᠰᠠᠨᠠᠭᠠᠯᠵᠠᠵᠤ᠂ ᠨᠠᠮ ᠤᠨ ᠬᠡᠷᠡᠯ ᠰᠠᠴᠤᠷᠠᠩᠭᠤᠢ ᠲᠡᠦᠬᠡ ᠶᠢ ᠳᠠᠬᠢᠨ ᠰᠠᠨᠠᠭᠠᠯᠵᠠᠵᠤ᠂ ᠣᠯᠠᠨ ᠢᠶᠠᠷ ᠢᠶᠠᠨ ᠲᠣᠰ ᠤᠳᠠᠭᠠᠨ ᠤ ᠰᠤᠷᠤᠯᠴᠠᠯᠭ᠎ᠠ ᠪᠣᠯ ᠨᠢᠭᠡ ᠤᠳᠠᠭᠠᠨ ᠤ ᠨᠠᠮᠴᠢ ᠴᠢᠨᠠᠷ ᠤᠨ ᠪᠡᠶ᠎ᠡ ᠶᠢᠨ ᠪᠠᠶᠢᠴᠠᠭᠠᠯᠲᠠ ᠮᠥᠨ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠬᠤᠪᠢᠰᠬᠠᠯ ᠤᠨ ᠦᠢᠯᠡᠰ ᠤᠨ ᠲᠤᠬᠠᠢ ᠪᠠᠷᠢᠮᠲᠠᠯᠠᠯ ᠪᠠ ᠦᠨᠡᠨᠴᠢ ᠰᠢᠳᠤᠷᠭᠤ ᠶᠢ ᠮᠡᠳᠡᠷᠡᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠦᠢᠯᠡ ᠠᠵᠢᠯᠯᠠᠭ᠎ᠠ ᠨᠢ ᠬᠥᠮᠥᠰ ᠤᠨ ᠰᠡᠳᠬᠢᠯ ᠢ ᠵᠣᠷᠢᠭᠵᠢᠭᠤᠯᠵᠤ᠂ ᠬᠥᠮᠥᠰ ᠢ ᠤᠷᠮᠠᠰᠢᠭᠤᠯᠤᠨ ᠤᠷᠤᠭᠰᠢᠯᠠᠭᠤᠯᠵᠤ᠂ ᠬᠤᠶᠢᠰᠢᠳᠠ ᠨᠡᠩ ᠡᠷᠡᠰ ᠪᠠᠲᠤ ᠤᠬᠠᠮᠰᠠᠷ ᠠᠴᠠ ᠪᠠᠨ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠵᠢᠵᠢᠭ ᠰᠠᠵᠢᠭ ᠶᠠᠪᠤᠳᠠᠯ ᠠᠴᠠ ᠡᠬᠢᠯᠡᠨ ᠬᠢᠵᠦ᠂ ᠪᠣᠳᠠᠲᠠᠢ ᠬᠦᠴᠦᠯᠡᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠰᠢᠭᠤᠶᠢᠲᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃
1700554816500085992.png
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号