ᠰᠢᠭᠤᠶᠢᠲᠤ ᠲᠣᠭᠤᠷᠢᠭ ᠤᠨ 7 ᠠᠵᠤ ᠠᠬᠤᠶᠢᠯᠠᠯ 2023 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠠᠮᠵᠢᠯᠲᠠ ᠲᠠᠢ ᠭᠤᠶᠤᠴᠢᠯᠠᠨ ᠮᠡᠳᠡᠭᠦᠯᠪᠡ
ᠨᠡᠶᠢᠲᠡᠯᠡᠭᠰᠡᠨ ᠴᠠᠭ᠄
2023/12/28
        ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠤᠭᠤᠲᠤ ᠶᠢᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠲᠤᠬᠠᠢ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠬᠦ ᠶᠢᠨ ᠲᠥᠯᠥᠭᠡ᠂ ᠰᠢᠭᠤᠶᠢᠲᠤ ᠣᠷᠣᠨ ᠤ ᠬᠤᠳᠠᠯᠳᠤᠭᠠᠨ ᠤ ᠶᠠᠪᠤᠳᠠᠯ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠢ ᠮᠡᠳᠡᠭᠦᠯᠬᠦ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠤᠪᠢᠷᠠᠭᠤᠯᠬᠤ ᠶᠢ ᠢᠳᠡᠪᠬᠢᠲᠡᠢ ᠬᠥᠲᠥᠯᠥᠨ ᠵᠢᠯᠤᠭᠤᠳᠬᠤ ᠪᠠ ᠠᠬᠢᠭᠤᠯᠪᠠ᠃ ᠣᠲᠣ ᠪᠣᠯᠲᠠᠯ᠎ᠠ᠂ ᠮᠠᠨ ᠤ ᠲᠣᠭᠤᠷᠢᠭ ᠤᠨ ᠪᠤᠭᠤᠲᠤ ᠬᠤᠲᠠ ᠶᠢᠨ ᠯᠢᠦᠢ ᠶᠤᠸᠠᠨ ᠠᠮᠢ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠪᠤᠭᠤᠲᠤ ᠬᠤᠲᠠ ᠶᠢᠨ ᠾᠦᠢ ᠢᠦᠢ ᠬᠡᠮᠵᠢᠨ ᠵᠢᠷᠤᠭᠯᠠᠬᠤ ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠪᠤᠭᠤᠲᠤ ᠬᠤᠲᠠ ᠶᠢᠨ ᠰᠢᠨ ᠲᠠᠢ ᠴᠠᠬᠢᠯᠭᠠᠨ ᠬᠦᠴᠦᠨ ᠤᠭᠰᠠᠷᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠿᠧᠨ ᠴᠠᠩ ᠴᠧᠩ ᠰᠦᠯᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠺᠠᠢ ᠱᠢ ᠳ᠋ᠡ ᠮᠠᠰᠢᠨ ᠴᠠᠬᠢᠯᠭᠠᠨ ᠤ ᠢᠨᠵᠧᠨᠧᠷᠢᠩ ᠤᠨ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠲᠢᠶᠠᠨ ᠢᠦᠢ ᠲᠦᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠥᠩ ᠳ᠋ᠢᠩ ᠷᠦᠢ ᠰᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ 7 ᠠᠵᠤ ᠠᠬᠤᠶᠢᠯᠠᠯ 2023 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢᠶᠠᠷ ᠠᠮᠵᠢᠯᠲᠠ ᠲᠠᠢ ᠭᠤᠶᠤᠴᠢᠯᠠᠨ ᠮᠡᠳᠡᠭᠦᠯᠪᠡ᠃        ᠲᠠᠷᠠᠭᠠᠴᠢ ᠶᠢᠨ ᠠᠯᠬᠤᠮ ᠳᠤ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠥᠬᠦ ᠲᠣᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠬᠤ ᠡᠷᠴᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯ ᠤᠨ ᠥᠷᠲᠡᠭᠡ ᠪᠠᠷ ᠠᠴᠢᠶᠠᠯᠠᠪᠤᠷᠢ ᠪᠣᠯᠭᠠᠵᠤ᠂ ᠬᠡᠪᠢᠰ ᠮᠠᠶ᠋ᠢᠭ ᠢᠶᠠᠷ ᠪᠠᠶᠢᠴᠠᠭᠠᠨ ᠵᠢᠭᠰᠠᠭᠠᠬᠤ᠂ ᠮᠥᠷᠳᠡᠬᠦ ᠮᠠᠶ᠋ᠢᠭ ᠢᠶᠠᠷ ᠰᠤᠷᠪᠤᠯᠵᠢᠯᠠᠬᠤ᠂ ᠬᠠᠮᠢᠶᠠᠷᠬᠤ ᠮᠠᠶ᠋ᠢᠭ ᠤᠨ ᠪᠣᠯᠪᠠᠰᠤᠷᠠᠭᠤᠯᠤᠯ ᠢ ᠥᠷᠨᠢᠭᠦᠯᠵᠦ᠂ ᠴᠡᠭ ᠠᠴᠠ ᠴᠡᠭ ᠲᠤ ᠬᠦᠷᠬᠦ᠂ ᠨᠢᠭᠤᠷᠳᠠᠨ ᠬᠠᠮᠢᠶᠠᠷᠬᠤ ᠬᠡᠯᠪᠡᠷᠢ ᠪᠠᠷ ᠠᠵᠤ ᠠᠬᠤᠶᠢᠯᠠᠯ ᠲᠠᠢ ᠭᠦᠨᠵᠡᠭᠡᠢ ᠰᠣᠯᠢᠯᠴᠠᠨ ᠬᠥᠳᠡᠯᠦᠯᠴᠡᠵᠦ᠂ ᠠᠵᠤ ᠠᠬᠤᠶᠢᠯᠠᠯ ᠤᠨ ᠬᠡᠷᠡᠭᠴᠡᠭᠡ ᠶᠢ ᠠᠰᠠᠭᠤᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠎ ᠨᠢ ᠰᠢᠢᠳᠪᠦᠷᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠡᠶ᠎ᠡ ᠶᠢᠨ ᠪᠠᠶᠢᠴᠠᠭᠠᠯᠲᠠ︾᠎ ᠶᠢ ᠠᠵᠤ ᠠᠬᠤᠶᠢᠯᠠᠯ ᠳᠤ ᠦᠨᠳᠦᠰᠦᠯᠡᠭᠦᠯᠵᠦ᠂ ︽ᠳᠥᠷᠪᠡᠨ ᠨᠢᠭᠡ︾᠎ ᠶᠢᠨ ᠠᠵᠢᠯ ᠤᠨ ᠪᠠᠷᠢᠮᠵᠢᠶ᠎ᠠ ᠶᠢ ᠪᠣᠶ ᠪᠣᠯᠭᠠᠨ ᠶᠠᠰᠤ ᠴᠢᠨᠠᠷ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠶᠢᠨ ᠠᠮᠵᠢᠯᠲᠠ ᠣᠯᠬᠤ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号