ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠪᠣᠳᠠᠲᠠᠢ ᠰᠠᠶᠢᠲᠤᠷ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2023/12/28
        ᠪᠦᠬᠦ ᠠᠷᠠᠳ ᠤᠨ ᠰᠢᠨᠵᠢᠯᠡᠬᠦ ᠤᠬᠠᠭᠠᠨ ᠤ ᠤᠬᠠᠮᠰᠠᠷ ᠢ ᠪᠦᠲᠦᠮᠵᠢᠲᠡᠢ ᠴᠢᠩᠭᠠᠳᠭᠠᠵᠤ᠂ ᠣᠯᠠᠨ ᠨᠡᠶᠢᠲᠡ ᠶᠢᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂  ᠰᠢᠭᠤᠶᠢᠲᠤ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠦᠨ ᠲᠣᠪᠴᠢᠶ᠎ᠠ᠂ ᠰᠢᠭᠤᠶᠢᠲᠤ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠦᠨ ᠨᠡᠶᠢᠭᠡᠮᠯᠢᠭ ᠨᠢ︽ᠬᠥᠮᠥᠨ ᠪᠦᠬᠦᠨ ᠠᠮᠤᠷ  ᠲᠦᠪᠰᠢᠨ ᠢ ᠡᠷᠬᠢᠮᠯᠡᠵᠦ᠂ ᠬᠥᠮᠥᠨ ᠪᠦᠬᠦᠨ ᠪᠠᠴᠢᠮ ᠪᠠᠶᠢᠳᠠᠯ ᠢ ᠠᠷᠭᠠᠴᠠᠵᠤ ᠴᠢᠳᠠᠬᠤ︾ ᠭᠤᠣᠯ ᠰᠡᠳᠦᠪ ᠦᠨ ᠲᠣᠭᠤᠷᠢᠨ ᠳᠤ᠂ ᠬᠦᠴᠦᠨ ᠢᠶᠠᠨ ᠲᠥᠪᠯᠡᠷᠡᠭᠦᠯᠦᠨ 2023 ᠣᠨ ᠤ︽ᠠᠶᠤᠯᠭᠦᠢ ᠦᠢᠯᠡᠳᠪᠦᠷᠢᠯᠡᠯ ᠦᠨ ᠰᠠᠷ᠎ᠠ︾᠎ ᠶᠢᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠦᠵᠡᠯ ᠰᠠᠨᠠᠭᠠᠨ ᠤ ᠲᠠᠯ᠎ᠠ ᠪᠠᠷ︽ᠺᠠᠯᠼ ᠨᠥᠬᠦᠪᠦᠷᠢᠯᠡᠵᠦ︾᠂ ᠠᠵᠢᠯᠯᠠᠭ᠎ᠠ ᠶᠢᠨ ᠲᠠᠯ᠎ᠠ ᠪᠠᠷ︽ᠳᠠᠷᠤᠯᠲᠠ︾ ᠭᠠᠷᠭᠠᠵᠤ᠂ ᠰᠤᠷᠴᠤ ᠣᠯᠣᠭᠰᠠᠨ ᠣᠨᠣᠯ ᠤᠨ ᠮᠡᠳᠡᠯᠭᠡ ᠶᠢ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠤᠬᠠᠭᠤᠯᠭ᠎ᠠ ᠶᠢ ᠠᠬᠢᠭᠤᠯᠬᠤ ᠭᠤᠣᠯ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ᠃
1700553828372059953.png
        ᠲᠤᠬᠠᠢ ᠶᠢᠨ ᠲᠠᠯᠠᠪᠤᠷ ᠲᠤ ᠠᠰᠠᠭᠤᠨ ᠯᠠᠪᠯᠠᠬᠤ ᠲᠠᠪᠴᠠᠩ ᠳᠤ᠂ ᠰᠢᠭᠤᠶᠢᠲᠤ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠢᠭᠤᠶᠢᠲᠤ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ᠵᠠᠮ ᠤᠨ ᠠᠮᠤᠷ ᠲᠦᠪᠰᠢᠨ᠂ ᠭᠠᠯ ᠤᠨᠲᠠᠷᠠᠭᠠᠬᠤ ᠰᠢᠲᠠᠮᠠᠬᠠᠢ ᠬᠡᠢ ᠶᠢᠨ ᠠᠮᠤᠷ ᠲᠦᠪᠰᠢᠨ᠂ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ᠂ ᠢᠳᠡᠭᠡᠨ ᠤ ᠠᠮᠤᠷ ᠲᠦᠪᠰᠢᠨ ᠵᠡᠷᠭᠡ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠲᠦᠮᠡᠨ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠰᠡᠷᠭᠡᠶᠢᠯᠡᠬᠦ ᠤᠬᠠᠮᠰᠠᠷ ᠢ ᠪᠣᠶ ᠪᠣᠯᠭᠠᠵᠤ᠂ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠨᠡᠮᠡᠭᠳᠡᠭᠦᠯᠪᠡ᠃ ᠲᠣᠰ ᠠᠵᠢᠯᠯᠠᠭ᠎ᠠ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 150 ᠭᠠᠷᠤᠢ ᠬᠤᠪᠢ︵ᠤᠳᠠᠭ᠎ᠠ︶ ᠲᠠᠷᠬᠠᠭᠠᠵᠤ᠂ ᠣᠯᠠᠨ ᠲᠦᠮᠡᠨ ᠤ ᠠᠰᠠᠭᠤᠨ ᠯᠠᠪᠯᠠᠬᠤ ᠶᠢ 110 ᠭᠠᠷᠤᠢ ᠬᠥᠮᠥᠨ︵ᠤᠳᠠᠭ᠎ᠠ︶ ᠭᠥᠯᠢᠶᠡᠨ ᠠᠪᠴᠤ᠂ ᠣᠯᠠᠨ ᠲᠦᠮᠡᠨ ᠤ ᠠᠰᠠᠭᠤᠨ ᠯᠠᠪᠯᠠᠬᠤ ᠶᠢ ᠭᠥᠯᠢᠶᠡᠨ ᠠᠪᠴᠤ᠂ ᠣᠯᠠᠨ ᠲᠦᠮᠡᠨ ᠤ ᠠᠮᠤᠷ ᠲᠦᠪᠰᠢᠨ ᠤ ᠦᠵᠡᠯ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠦᠨᠴᠡ ᠪᠠ ᠥᠷᠭᠡᠴᠡ ᠶᠢ ᠨᠡᠮᠡᠭᠳᠡᠭᠦᠯᠪᠡ᠃        ᠰᠢᠭᠤᠶᠢᠲᠤ  ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠢᠭᠤᠶᠢᠲᠤ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠨ᠂ ︽ᠬᠥᠮᠥᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠥᠨ ᠪᠦᠬᠦᠨ ᠪᠠᠴᠢᠮ ᠪᠠᠶᠢᠳᠠᠯ ᠢ ᠠᠷᠭᠠᠴᠠᠵᠤ ᠴᠢᠳᠠᠬᠤ︾ ᠴᠣ ᠰᠢᠨ᠎ᠡ ᠪᠠᠶᠢᠳᠠᠯ ᠢ ᠪᠣᠶ ᠪᠣᠯᠭᠠᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号