ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠵᠦ ︽ᠰᠢᠨ᠎ᠡ ᠠᠶᠠᠨ ᠵᠠᠮ ᠳᠠᠭᠠᠨ ᠡᠷᠡᠭᠦᠯ ᠮᠡᠨᠳᠦ ᠥᠪᠥᠷ ᠮᠣᠩᠭᠤᠯ ᠠᠶᠠᠯᠠᠯ︾  ᠤᠨ ᠦᠢᠯᠡᠴᠢᠯᠡᠭᠡ ᠦᠢᠯᠡᠳᠦᠯᠭᠡ ᠶᠢᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/28
        ᠡᠨᠡ ᠵᠢᠯ ᠦᠨ 6 ᠰᠠᠷ᠎ᠠ ᠶᠢᠨ ᠭᠤᠷᠪᠠᠳᠤᠭᠠᠷ ᠭᠠᠷᠠᠭ ( 19 - 25  ᠤ ᠡᠳᠦᠷ) ᠪᠣᠯ ᠪᠤᠭᠤᠲᠤ ᠬᠤᠲᠠ ᠶᠢᠨ 7  ᠳ᠋ᠤᠭᠠᠷ ᠤᠳᠠᠭᠠᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠤᠬᠠᠭᠤᠯᠭ᠎ᠠ ᠶᠢᠨ ᠭᠠᠷᠠᠭ ᠪᠣᠯᠣᠨ᠎ᠠ᠃ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 7 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠢᠯᠢᠳᠡᠭ ᠤᠯᠠᠮᠵᠢᠯᠠᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠮᠠᠨ ᠤ ᠲᠣᠭᠤᠷᠢᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠃ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠢᠨ᠎ᠡ ᠠᠶᠠᠨ ᠤ ᠡᠷᠡᠭᠦᠯ ᠮᠡᠨᠳᠦ ᠥᠪᠥᠷ ᠮᠣᠩᠭᠤᠯ ᠤᠨ ᠠᠶᠠᠯᠠᠯ︾ ᠢᠶᠠᠷ ᠭᠤᠣᠯ ᠰᠡᠳᠦᠪ ᠪᠣᠯᠭᠠᠭᠰᠠᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠦᠢᠯᠡᠳᠦᠯᠭᠡ ᠶᠢᠨ ᠭᠤᠣᠯ ᠰᠡᠳᠦᠪᠲᠦ ᠠᠵᠢᠯᠯᠠᠭ᠎ᠠ ᠳᠤ ᠢᠳᠡᠪᠬᠢᠲᠡᠢ ᠣᠷᠣᠯᠴᠠᠪᠠ᠃
1700553630500022568.png
        6 ᠰᠠᠷ᠎ᠠ ᠶᠢᠨ 17 ᠤ ᠡᠳᠦᠷ ᠤᠨ ᠥᠷᠯᠥᠭᠡ ᠶᠢᠨ 8 ᠴᠠᠭ 30 ᠮᠢᠨᠦ᠋ᠲ ᠲᠤ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠺᠠᠳ᠋ᠷ ᠠᠵᠢᠯᠲᠠᠨ ᠠᠵᠢᠯᠴᠢᠨ ᠳ᠋ᠠ ᠳ᠋ᠧ ᠾᠧᠩ ᠲᠣᠰᠬᠤᠨ ᠤ ᠡᠭᠦᠳᠡᠨ ᠠᠰᠠᠷ ᠲᠤ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠶᠣᠰᠣᠯᠠᠯ ᠳᠠᠭᠤᠰᠤᠭᠰᠠᠨ ᠤ ᠳᠠᠷᠠᠭ᠎ᠠ᠂ ᠺᠠᠳ᠋ᠷ ᠠᠵᠢᠯᠲᠠᠨ ᠠᠵᠢᠯᠴᠢᠨ ᠸᠧ ᠯᠦᠩ ᠭᠠᠩ ᠭᠡᠷ ᠤᠨ ᠬᠡᠷᠡᠭᠰᠡᠯ ᠢ ᠪᠡᠶᠡᠴᠢᠯᠡᠨ ᠣᠶᠢᠯᠠᠭᠠᠬᠤ ᠣᠷᠳᠣᠨ ᠤ ᠡᠭᠦᠳᠡᠨ ᠡᠮᠦᠨ᠎ᠡ ᠬᠦᠷᠴᠦ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠵᠡᠭᠡᠯᠢ ᠭᠤᠳᠤᠮᠵᠢ ᠶᠢᠨ ᠨᠣᠭᠤᠭᠠᠷᠠᠭᠤᠯᠤᠯᠲᠠ ᠶᠢᠨ ᠪᠦᠰᠡ ᠶᠢᠨ ᠳᠣᠲᠣᠷᠠᠬᠢ ᠰᠦᠯᠢᠶᠥᠦ ᠨᠢᠮᠭᠡᠨ ᠪᠦᠷᠬᠦᠭᠦᠯ᠂ ᠬᠤᠪᠠᠭ᠋ᠠᠢ ᠰᠠᠯᠠᠭ᠎ᠠ ᠨᠠᠮᠠᠭ᠎ᠠ ᠶᠢ ᠭᠤᠣᠯᠳᠠᠯᠭ᠎ᠠ ᠲᠠᠢ ᠴᠡᠪᠡᠷᠯᠡᠵᠦ᠂ ᠬᠠᠷᠢᠶᠠᠲᠤ ᠣᠷᠣᠨ ᠤ ᠵᠡᠭᠡᠯᠢ ᠭᠤᠳᠤᠮᠵᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠢᠯᠡᠳᠲᠡ ᠰᠠᠶᠢᠵᠢᠷᠠᠭᠤᠯᠪᠠ᠃
1700553656395071463.png
        ᠲᠣᠰ ᠤᠳᠠᠭᠠᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠦᠢᠯᠡᠳᠦᠯᠭᠡ ᠶᠢᠨ ᠠᠵᠢᠯᠯᠠᠭ᠎ᠠ ᠪᠠᠷ ᠳᠠᠮᠵᠢᠭᠤᠯᠤᠨ᠂ ᠺᠠᠳ᠋ᠷ ᠠᠵᠢᠯᠲᠠᠨ ᠠᠵᠢᠯᠴᠢᠨ ᠤ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠲᠠᠢ ᠵᠣᠬᠢᠴᠠᠬᠤ᠂ ᠪᠠᠶᠢᠭᠠᠯᠢ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢ ᠶᠡᠬᠡᠪᠡᠷ ᠥᠷᠨᠢᠭᠦᠯᠬᠦ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠢᠳᠡᠪᠬᠢᠲᠡᠢ ᠦᠢᠯᠡᠳᠦᠯ ᠦᠵᠡᠭᠦᠯᠵᠡᠢ᠃ ᠲᠠᠷᠠᠭᠠᠴᠢ ᠶᠢᠨ ᠠᠯᠬᠤᠮ ᠳᠤ᠂ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠡᠷᠴᠢᠮ ᠢᠶᠠᠨ ᠦᠷᠭᠦᠯᠵᠢᠯᠡᠨ ᠪᠠᠲᠤᠯᠠᠵᠤ᠂ ᠤᠯᠠᠮ ᠨᠢᠭᠡ ᠠᠯᠬᠤᠮ ᠪᠣᠳᠠᠲᠠᠢ ᠠᠵᠢᠯᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠺᠠᠳ᠋ᠷ ᠠᠵᠢᠯᠲᠠᠨ ᠢ ᠵᠣᠬᠢᠶᠠᠨ ᠪᠠᠶᠢᠭᠤᠯᠵᠤ ᠬᠠᠷᠢᠭᠤᠴᠠᠯᠭᠠᠲᠤ ᠬᠠᠷᠢᠶ᠎ᠠ ᠣᠷᠣᠨ ᠳᠤ ᠣᠴᠢᠭᠤᠯᠤᠨ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠦᠨ᠎ᠡ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号