ᠪᠡᠳᠬᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠄ ᠦᠷᠭᠦᠯᠵᠢᠯᠡᠨ ᠡᠮ ᠡᠮᠨᠡᠯᠭᠡ ᠶᠢᠨ ᠦᠢᠯᠡᠴᠢᠯᠡᠭᠡ ᠬᠠᠩᠭᠠᠵᠤ ᠦᠨᠳᠦᠰᠦᠨ ᠱᠠᠲᠤᠨ ᠤ ᠣᠯᠠᠨ ᠲᠦᠮᠡᠨ ᠤ ᠡᠷᠡᠭᠦᠯ ᠮᠡᠨᠳᠦ ᠶᠢ ᠬᠠᠮᠠᠭᠠᠯᠠᠶ᠎ᠠ
ᠨᠡᠶᠢᠲᠡᠯᠡᠭᠰᠡᠨ ᠴᠠᠭ᠄
2023/12/4
        ᠦᠨᠳᠦᠰᠦᠨ ᠱᠠᠲᠤᠨ ᠤ ᠣᠯᠠᠨ ᠲᠦᠮᠡᠨ ᠤ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠦᠨᠳᠦᠰᠦᠨ ᠱᠠᠲᠤᠨ ᠤ ᠣᠯᠠᠨ ᠲᠦᠮᠡᠨ ᠳᠤ ᠨᠠᠩ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠬᠠᠩᠭᠠᠪᠠ᠃ 11 ᠰᠠᠷ᠎ᠠ ᠶᠢᠨ 30᠎ ᠤ ᠡᠳᠦᠷ᠂ ᠪᠡᠳᠬᠡᠷ ᠵᠤᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠣᠪᠣᠭᠠᠨ ᠭᠤᠤ ᠲᠣᠰᠬᠤᠨ ᠳᠤ ᠬᠦᠷᠴᠦ ᠲᠣᠰᠬᠤᠨ ᠤ ᠠᠷᠠᠳ ᠲᠤ ᠡᠮᠴᠢᠯᠡᠭᠡᠨ ᠤ ᠨᠡᠭᠦᠳᠡᠯ ᠦᠢᠯᠡᠴᠢᠯᠡᠭᠡ ᠬᠠᠩᠭᠠᠵᠤ᠂ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠳᠠᠶᠢᠴᠢᠯᠠᠨ ᠦᠨᠳᠦᠰᠦᠨ ᠱᠠᠲᠤᠨ ᠤ ᠣᠯᠠᠨ ᠲᠦᠮᠡᠨ ᠳᠤ ᠠᠰᠢᠭ ᠬᠦᠷᠲᠡᠭᠡᠪᠡ᠃
        ᠠᠯᠪᠠᠨ ᠵᠢᠷᠤᠮ ᠤᠨ ᠡᠮᠴᠢᠯᠡᠭᠡᠨ ᠤ ᠲᠤᠬᠠᠢ ᠶᠢᠨ ᠲᠠᠯᠠᠪᠠᠶ ᠳᠤ᠂ ᠡᠮᠨᠡᠯᠭᠡ ᠶᠢᠨ ᠠᠵᠢᠯᠲᠠᠳ ᠲᠤᠬᠠᠢ ᠶᠢᠨ ᠭᠠᠵᠠᠷ ᠤᠨ ᠣᠯᠠᠨ ᠲᠦᠮᠡᠨ ᠤ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠵᠢᠴᠢ ᠡᠳᠦᠷ ᠲᠤᠲᠤᠮ ᠤᠨ ᠡᠪᠡᠳᠴᠢᠨ ᠦᠵᠡᠭᠦᠯᠬᠦ ᠳᠠᠳᠬᠠᠯ ᠢ ᠦᠨᠳᠦᠰᠦᠯᠡᠨ᠂ ᠡᠳᠦᠷ ᠲᠤᠲᠤᠮ ᠤᠨ ᠡᠮ ᠤᠤᠭᠤᠬᠤ ᠵᠢᠯᠣᠭᠤᠳᠤᠯᠭ᠎ᠠ᠂ ᠡᠷᠡᠭᠦᠯᠵᠢᠯ ᠤᠨ ᠪᠣᠯᠪᠠᠰᠤᠷᠠᠯ ᠵᠢᠯᠣᠭᠤᠳᠤᠯᠭ᠎ᠠ ᠶᠢ ᠴᠢᠭᠯᠡᠭᠦᠯᠬᠦ ᠴᠢᠨᠠᠷᠲᠠᠢ᠂ ᠥᠪᠡᠷᠮᠢᠴᠡ ᠴᠢᠨᠠᠷᠲᠠᠢ ᠪᠠᠷ ᠬᠠᠩᠭᠠᠬᠤ ᠶᠢᠨ ᠬᠠᠮᠲᠤ ᠣᠯᠠᠨ ᠲᠦᠮᠡᠨ ᠤ ᠪᠣᠳᠠᠲᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠨᠢᠭᠦᠯᠵᠦ᠂ ᠤᠬᠠᠭᠤᠯᠭ᠎ᠠ ᠶᠢᠨ ᠮᠡᠳᠡᠯᠭᠡ ᠶᠢᠨ ᠭᠠᠷ ᠳᠡᠪᠲᠡᠷ ᠲᠠᠷᠬᠠᠭᠠᠪᠠ᠃ ᠡᠮᠨᠡᠯᠭᠡ ᠶᠢᠨ ᠠᠵᠢᠯᠲᠠᠳ ᠪᠠᠰᠠ ᠬᠥᠳᠡᠯᠵᠦ ᠪᠠᠷᠢᠬᠤ ᠳᠤ ᠳᠥᠭᠦᠮ ᠦᠭᠡᠢ᠂ ᠡᠪᠡᠳᠴᠢᠨ ᠠᠴᠠ ᠪᠣᠯᠤᠭᠰᠠᠨ 3 ᠣᠯᠠᠨ ᠲᠦᠮᠡᠨ ᠳᠤ ᠦᠨ᠎ᠡ ᠲᠥᠯᠥᠪᠦᠷᠢ ᠦᠭᠡᠢ ᠪᠠᠷ ᠡᠮ ᠤᠨ ᠵᠦᠢᠯᠡᠰ ᠢ ᠬᠦᠷᠭᠡᠵᠦ ᠥᠭᠪᠡ᠃ ᠲᠤᠬᠠᠢ ᠶᠢᠨ ᠲᠠᠯᠠᠪᠠᠶ ᠳᠤ ᠡᠪᠡᠳᠴᠢᠨ ᠦᠵᠡᠭᠦᠯᠵᠦ᠂ ᠬᠡᠳᠦᠨ ᠠᠷᠪᠠᠨ ᠭᠠᠷᠤᠢ ᠬᠥᠮᠥᠨ ᠠᠰᠠᠭᠤᠨ ᠯᠠᠪᠯᠠᠵᠤ᠂ ᠡᠮᠨᠡᠯᠭᠡ ᠶᠢᠨ ᠠᠵᠢᠯᠲᠠᠳ ᠬᠦᠯᠢᠴᠡᠩᠭᠦᠢ ᠨᠢᠮᠪᠠᠢ ᠬᠠᠷᠢᠭᠤᠯᠲᠠ ᠥᠭᠴᠦ᠂ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠬᠢᠵᠦ᠂ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠨᠢ ᠲᠣᠰᠬᠤᠨ ᠤ ᠠᠷᠠᠳ ᠤᠨ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃        ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠤ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡ ᠳᠤ ᠬᠠᠨᠤᠮᠵᠢᠲᠠᠶ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠪᠦᠷᠢᠯᠳᠦᠭᠦᠯᠦᠭᠰᠡᠨ ᠢᠶᠠᠷ ᠪᠠᠷᠠᠬᠤ ᠦᠭᠡᠢ᠂ ᠪᠠᠰᠠ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠣᠯᠠᠨ ᠲᠦᠮᠡᠨ ᠤ ᠡᠷᠡᠭᠦᠯ ᠰᠠᠷᠠᠭᠤᠯ ᠠᠮᠢᠳᠤᠷᠠᠯ ᠢ ᠰᠠᠶᠢᠵᠢᠷᠠᠭᠤᠯᠬᠤ ᠳᠤ ᠬᠦᠴᠦᠲᠡᠢ ᠡᠮᠴᠢᠯᠡᠭᠡᠨ ᠤ ᠪᠠᠲᠤᠯᠠᠭ᠎ᠠ ᠬᠠᠩᠭᠠᠵᠤ᠂ ᠡᠷᠡᠭᠦᠯ ᠡᠩᠬᠡ ᠰᠢᠭᠤᠶᠢᠲᠤ ᠭᠠᠵᠠᠷ ᠢ ᠤᠯᠠᠮ ᠨᠢᠭᠡ ᠠᠯᠬᠤᠮ ᠪᠦᠲᠦᠭᠡᠨ ᠪᠠᠶᠢᠭᠤᠯᠬᠤ ᠳᠤ ᠦᠨᠳᠦᠰᠦᠨ ᠱᠠᠲᠤᠨ ᠤ ᠰᠠᠭᠤᠷᠢ ᠶᠢ ᠪᠠᠲᠤᠳᠬᠠᠬᠤ ᠬᠡᠷᠡᠭᠲᠡᠢ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号