ᠴᠢᠰᠤᠨ ᠳᠠᠷᠤᠯᠲᠠ ᠥᠨᠳᠥᠷ ᠡᠪᠡᠳᠴᠢᠨ ᠭᠤᠤᠯ ᠨᠢ ᠢᠳᠡᠷ ᠥᠲᠡᠯᠦᠭᠡ ᠬᠥᠮᠥᠰ ᠤᠨ ᠪᠡᠶ᠎ᠡ | ᠳᠡᠭᠡᠷ᠎ᠡ ᠢᠯᠡᠷᠡᠳᠡᠭ ᠪᠠᠶᠢᠬᠰᠠᠨ ᠪᠤᠯ ᠤᠳᠤ ᠬᠠᠷᠢᠨ ᠵᠠᠯᠠᠭᠤᠴᠤᠳ ᠤᠨ ᠳᠣᠮᠳᠠ ᠤᠯᠠᠨ ᠭᠠᠷᠬᠤ ᠪᠤᠯᠤᠬᠰᠠᠨ | ᠪᠠᠶᠢᠳᠠᠭ᠃ | ︽ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠰᠢᠮ᠎ᠡ ᠲᠡᠵᠢᠭᠡᠯ ᠪᠣᠯᠣᠨ ᠤᠳᠠᠭᠠᠨ ᠴᠢᠨᠠᠷᠲᠠᠢ | ᠡᠪᠡᠳᠴᠢᠨ ᠤ ᠪᠠᠶᠢᠳᠠᠯ ᠤᠨ ᠲᠤᠬᠠᠢ ᠮᠡᠳᠡᠭᠦᠯᠦᠯᠲᠡ︾ ᠠᠴᠠ ᠦᠵᠡᠪᠡᠯ᠂ ᠮᠠᠨ ᠤ ᠤᠯᠤᠰ ᠤᠨ 18 ᠨᠠᠰᠦ ᠬᠦᠷᠦᠭᠰᠡᠨ | ᠢᠷᠬᠡᠳ ᠤᠨ ᠴᠢᠰᠤᠨ ᠳᠠᠷᠤᠯᠲᠠ ᠥᠨᠳᠥᠷ ᠡᠪᠡᠳᠴᠢᠨ ᠣᠯᠬᠤ ᠨᠣᠷᠮ᠎ᠠ 27.5% ᠳᠤ ᠬᠦᠷᠴᠦ᠂ ᠡᠪᠡᠳᠴᠢᠲᠡᠨ ᠤ | ᠲᠤᠭ᠎ᠠ ᠨᠢᠭᠡᠨᠲᠡ 2 ᠳ᠋ᠦᠩᠰᠢᠭᠤᠷ 4500 ᠲᠦᠮᠡ ᠢ ᠳᠠᠪᠠᠵᠠᠢ᠃ ᠡᠭᠦᠨ ᠳᠤ 18 ᠠᠴᠠ 44 ᠨᠠᠰᠤᠨ ᠤ | ᠬᠦᠮᠦᠰ 13.3% ᠶᠢ ᠡᠵᠡᠯᠡᠵᠦ ᠪᠠᠶᠢᠭ᠎ᠠ ᠶᠤᠮ ᠪᠠᠶᠢᠨ᠎ᠠ᠃ | ᠰᠤᠳᠤᠯᠭᠠᠨ ᠠᠴᠠ ᠦᠵᠡᠪᠡᠯ᠂ ᠳᠡᠩᠴᠡᠬᠦᠬᠡᠨ ᠪᠥᠭᠡᠳ ᠵᠦᠢ ᠵᠤᠬᠢᠰᠳᠠᠢ ᠬᠥᠳᠡᠯᠭᠡᠭᠡᠨ ᠨᠢ ᠰᠣᠯᠪᠢᠭᠤ | ᠮᠡᠳᠡᠷᠡᠯ ᠤᠨ ᠰᠢᠰᠲ᠋ᠧᠮ ᠢ ᠳᠠᠶᠢᠪᠤᠩ ᠪᠠᠶᠢᠯᠭᠠᠵᠦ᠂ ᠴᠢᠰᠤᠨ ᠰᠤᠳᠠᠯ ᠢ ᠳᠡᠯᠡᠬᠦ ᠪᠣᠳᠠᠰ ᠢ ᠨᠡᠮᠡᠭᠳᠡᠭᠦᠯᠦᠨ᠂ ᠠᠷᠠᠰᠤᠨ | ᠳᠣᠣᠷᠠᠬᠢ ᠲᠡᠯᠡᠯᠲᠡ ᠶᠢ ᠰᠠᠶᠢᠵᠢᠷᠠᠭᠤᠯᠵᠤ᠂ ᠰᠢᠬᠢᠷ ᠪᠤᠯᠤᠨ ᠦᠬᠡᠬᠦᠨ ᠤ ᠰᠣᠯᠢᠯᠴᠠᠭ᠎ᠠ ᠶᠢ ᠠᠬᠢᠭᠤᠯᠤᠨ᠂ ᠴᠢᠰᠤᠨ | ᠳᠠᠷᠤᠯᠲᠠ ᠥᠨᠳᠥᠷᠵᠢᠬᠦ ᠶᠢ ᠤᠷᠢᠳᠴᠢᠯᠠᠨ ᠰᠡᠷᠭᠡᠶᠢᠯᠡᠬᠦ ᠪᠠ ᠲᠣᠭᠲᠠᠪᠤᠷᠢᠵᠢᠭᠤᠯᠵᠤ ᠴᠢᠳᠠᠳᠠᠭ ᠶᠤᠮ ᠪᠠᠶᠢᠨ᠎ᠠ᠃ | ᠭᠠᠷᠠᠭ ᠪᠦᠷᠢ 3 ᠡᠳᠦᠷ ᠪᠤᠶᠤ 3 ᠡᠳᠦᠷ ᠠᠴᠠ ᠳᠡᠭᠡᠭᠰᠢ᠂ ᠤᠳᠠᠭ᠎ᠠ ᠪᠦᠷᠢ 30 ᠮᠢᠨᠦ᠋ᠲ ᠠᠴᠠ ᠳᠡᠭᠡᠭᠰᠢ | ᠳᠡᠩᠴᠡᠬᠦᠬᠡᠨ ᠬᠦᠴᠦᠯᠡᠴᠡ ᠲᠠᠢ ᠬᠥᠳᠡᠯᠭᠡᠭᠡᠨ ᠬᠢᠪᠡᠯ ᠠᠪᠴᠢᠯᠲᠠ ᠶᠢᠨ ᠳᠠᠷᠤᠯᠲᠠ ᠶᠢ 5~17 ᠮᠢᠯᠢᠮᠧᠲᠷ | ᠮᠥᠩᠭᠦᠨ ᠤᠰᠤᠨ ᠪᠠᠭᠠᠨ᠎ᠠ ᠪᠠᠷ ᠪᠠᠭᠤᠷᠠᠭᠤᠯᠵᠦ᠂ ᠲᠡᠯᠡᠯᠲᠡ ᠵᠢᠨᠲ᠋ᠠᠷᠤᠯᠲᠠ ᠶᠢ 2~10 ᠮᠢᠯᠢᠮᠧᠲᠷ ᠮᠥᠩᠭᠦᠨ | ᠤᠰᠤᠨ ᠪᠠᠭᠠᠨ᠎ᠠ ᠪᠠᠷ ᠪᠠᠭᠤᠷᠠᠭᠤᠯᠳᠠᠭ ᠶᠤᠮ ᠪᠠᠶᠢᠨ᠎ᠠ᠃ | ᠵᠢᠱᠢᠶᠡᠯᠡᠪᠡᠯ ᠳᠤᠭᠤᠢ ᠤᠨᠤᠬᠤ᠂ ᠤᠰᠤᠨ ᠳᠤ ᠤᠮᠪᠠᠭ᠋ᠤ᠂ ᠬᠦᠶᠦᠬᠦ᠂ ᠥᠳᠥᠨ ᠪᠥᠮᠪᠦᠭᠡ᠂ ᠪᠡᠶ᠎ᠡ | ᠴᠢᠭᠢᠷᠠᠭᠵᠢᠭᠤᠯᠬᠤ ᠲᠠᠮᠢᠷ᠂ ᠪᠦᠯᠬᠦᠮ ᠨᠡᠶᠢᠲᠡ ᠶᠢᠨ ᠲᠠᠮᠢᠷ ᠤᠨ ᠬᠥᠳᠡᠯᠭᠡᠭᠡᠨ ᠵᠡᠷᠭᠡ ᠨᠢ ᠪᠦᠷ ᠴᠢᠰᠤᠨ ᠳᠠᠷᠤᠯᠲᠠ | ᠥᠨᠳᠥᠷ ᠡᠪᠡᠳᠴᠢᠨ ᠢ ᠨᠠᠮᠳᠠᠭᠠᠬᠤ ᠳᠤ ᠮᠠᠰᠢ ᠲᠣᠬᠢᠷᠠᠮᠵᠢᠲᠠᠢ ᠶᠤᠮ᠃ |