ᠰᠢᠨ᠎ᠡ ᠰᠤᠳᠤᠯᠭᠠᠨ᠄ ᠦᠬᠡᠷ ᠬᠤᠨᠢᠨ ᠤ ᠮᠢᠬ᠎ᠠ ᠪᠠ ᠰᠦ ᠶᠢᠨ ᠳᠣᠲᠣᠷᠠᠬᠢ ᠨᠢᠭᠡ ᠵᠦᠢᠯ ᠤᠨ ᠪᠣᠳᠠᠰ ᠥᠮᠡᠨ ᠢ ᠰᠡᠷᠭᠡᠶᠢᠯᠡᠬᠦ ᠳᠤ ᠲᠤᠰᠠᠳᠠᠢ
ᠨᠡᠶᠢᠲᠡᠯᠡᠭᠰᠡᠨ ᠴᠠᠭ᠄
2023/12/4
        ᠰᠢᠨᠬᠤᠸᠠ ᠬᠤᠷᠢᠶᠠᠨ ᠤ ᠸᠠᠰᠢᠩᠲ᠋ᠣᠨ ᠤ 11 ᠰᠠᠷ᠎ᠠ ᠶᠢᠨ 28 ᠤ ᠡᠳᠦᠷ  ᠤᠨ  ᠮᠡᠳᠡᠭᠡ   ᠠᠮᠧᠷᠢᠺᠠ ᠶᠢᠨ ᠨᠢᠭᠡᠨ‌‍ᠰᠢᠨ᠎ᠡ ᠰᠤᠳᠤᠯᠭᠠᠨ ᠳᠤ᠂ ᠦᠬᠡᠷ ᠬᠤᠨᠢ ᠵᠡᠷᠭᠡ ᠬᠡᠪᠢᠭᠴᠢ ᠠᠮᠢᠳᠠᠨ ᠤ ᠮᠢᠬ᠎ᠠ ᠪᠣᠯᠤᠨ ᠰᠦ  ᠶᠢᠨ ᠲᠤᠳᠤᠷᠠᠬᠢ ᠨᠢᠭᠡ  ᠵᠦᠢᠯ  ᠤᠨ ᠪᠣᠳᠠᠰ ᠨᠢ ᠬᠠᠪᠤᠳᠠᠷ ᠢ ᠰᠡᠷᠭᠡᠶᠢᠯᠡᠬᠦ ᠡᠭᠡᠯᠢᠯᠡᠭᠡ ᠶᠢᠨ ᠡᠰ ᠢ ᠬᠥᠭᠵᠢᠭᠡᠵᠦ᠂ ᠤᠯᠠᠨ ᠵᠦᠢᠯ ᠤᠨ ᠥᠮᠡᠨ ᠢ ᠰᠡᠷᠭᠡᠶᠢᠯᠡᠬᠦ ᠳᠠᠯᠳᠠ ᠬᠦᠴᠦᠨ ᠲᠠᠢ ᠪᠠᠶᠢᠨ᠎ᠠ ᠭᠡᠵᠦ ᠬᠡᠯᠡᠪᠡ᠃                ᠠᠮᠧᠷᠢᠺᠠ ᠶᠢᠨ ᠴᠢᠺᠠᠭᠤ᠋ ᠶᠡᠭᠡ ᠰᠤᠷᠭᠠᠭᠤᠯᠢ ᠵᠡᠷᠭᠡ ᠪᠠᠶᠢᠭᠤᠯᠤᠮᠵᠢ ᠶᠢᠨ  ᠰᠤᠳᠤᠯᠭᠠᠲᠠᠨ ᠲᠦᠷᠦᠭᠦᠬᠡᠨ ᠠᠩᠭ᠍ᠯᠢ ᠶᠢᠨ︽ᠪᠠᠶᠢᠭᠠᠯᠢ︾ ᠰᠡᠳᠬᠦᠯ ᠳᠤ ᠥᠭᠦᠯᠡᠯ ᠨᠡᠶᠢᠲᠡᠯᠡᠵᠦ ᠬᠡᠯᠡᠬᠦ ᠳᠡᠭᠡᠨ᠂ ᠦᠬᠡᠷ ᠬᠤᠨᠢ ᠵᠡᠷᠭᠡ ᠬᠡᠪᠢᠭᠴᠢ ᠠᠮᠢᠲᠠᠨ ᠤ ᠮᠢᠬ᠎ᠠ ᠪᠣᠯᠤᠨ ᠰᠦ ᠶᠢᠨ ᠲᠤᠳᠤᠷ᠎ᠠ ᠨᠢᠭᠡ ᠵᠦᠢᠯ ᠤᠨ ᠲᠠᠰᠢᠭᠤ ᠢᠽᠤ᠋ ᠬᠦᠴᠢᠯ  ︵TVA︶  ᠠᠭᠤᠯᠤᠭᠳᠠᠵᠤ  ᠪᠠᠶᠢᠨ᠎ᠠ᠂  ᠲᠡᠷᠡ ᠨᠢ ᠵᠠᠷᠢᠮ ᠡᠭᠡᠯᠢᠯᠡᠭᠡ ᠶᠢᠨ ᠡᠰ ᠤᠨ ᠬᠠᠪᠤᠳᠠᠷ ᠢ ᠰᠡᠷᠭᠡᠶᠢᠯᠡᠬᠦ ᠢᠳᠡᠪᠬᠢ ᠴᠢᠨᠠᠷ ᠢ ᠴᠢᠩᠭᠠᠯᠠᠬᠤ ᠶᠢᠨ ᠤᠯᠠᠮ  ᠢᠶᠠᠷ ᠥᠮᠡᠨ  ᠡᠪᠡᠳᠴᠢᠨ ᠢ ᠰᠡᠷᠭᠡᠶᠢᠯᠡᠬᠦ ᠳᠤ ᠲᠤᠰᠠᠯᠠᠳᠠᠭ ᠭᠡᠵᠡᠶ᠃                ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠬᠠᠷ᠎ᠠ ᠥᠩᠭᠡᠲᠦ ᠡᠳ᠋ ᠤᠨ ᠬᠠᠪᠤᠳᠠᠷ ᠲᠠᠢ ᠪᠢᠴᠢᠬᠠᠨ ᠬᠤᠯᠤᠭᠠᠨ᠎ᠠ ᠳᠤ TVA ᠡᠯᠪᠡᠭ ᠠᠭᠤᠯᠤᠭᠳᠠᠬᠤ ᠢᠳᠡᠭᠡᠨ ᠢ ᠢᠳᠡᠬᠦᠯᠦᠭᠰᠡᠨ ᠤ ᠳᠠᠷᠠᠭ᠎ᠠ᠂ ᠬᠠᠪᠤᠳᠠᠷ ᠤᠨ ᠥᠰᠥᠯᠲᠡ ᠨᠢ ᠬᠠᠷᠢᠴᠠᠩᠭᠤᠢ  ᠪᠠᠷ ᠬᠤᠷᠢᠭᠯᠠᠭᠳᠠᠪᠠ︔  ᠯᠢᠮᠹᠠ ᠶᠢᠨ ᠬᠠᠪᠤᠳᠠᠷ ᠤᠨ ᠡᠪᠡᠳᠴᠢᠲᠡᠨ ᠤ ᠲᠤᠳᠤᠷᠠᠬᠢ  ᠴᠢᠰᠤᠨ ᠳᠣᠲᠣᠷᠠᠬᠢ TVA ᠵᠢᠨ‌ᠠᠭᠤᠯᠤᠭᠳᠠᠴᠠ ᠥᠨᠳᠥᠷ ᠬᠥᠮᠦᠨ ᠨᠢ ᠡᠭᠡᠯᠢᠯᠡᠭᠡ ᠶᠢᠨ ᠵᠠᠰᠠᠯ ᠬᠦᠷᠳᠡᠭᠰᠡᠨ ᠤ ᠲᠠᠷᠠᠭ᠎ᠠ ᠬᠠᠷᠢᠭᠤ ᠲᠤᠰᠬᠠᠯ ᠢᠶᠠᠷ ᠨᠡᠩ ᠰᠠᠶᠢᠨ‌‍ᠪᠠᠶᠢᠨ᠎ᠠ︔ ᠬᠥᠮᠦᠨ ᠲᠥᠷᠥᠯᠬᠢᠲᠡᠨ ᠤ ᠡᠪᠡᠳᠴᠢᠲᠡᠨ ᠤ ᠪᠡᠶ᠎ᠡ ᠠᠴᠠ ᠭᠠᠷᠭᠠᠨ ᠠᠪᠤᠭᠰᠠᠨ ᠴᠢᠰᠤ ᠴᠠᠶᠢᠬᠤ ᠡᠪᠡᠳᠴᠢᠨ ᠤ ᠡᠰ ᠲᠤ ᠬᠢᠭᠰᠡᠨ ᠲᠤᠷᠰᠢᠯᠲᠠ ᠠᠴᠠ ᠦᠵᠡᠪᠡᠯ᠂ TVA ᠨᠢ ᠡᠭᠡᠯᠢᠯᠡᠭᠡ ᠶᠢᠨ ᠡᠮᠴᠢᠯᠡᠭᠡᠨ ᠤ ᠡᠮ  ᠤᠨ ᠡᠳᠡᠭᠡᠷ ᠡᠰ ᠢ ᠠᠯᠠᠬᠤ‌‍ᠴᠢᠳᠠᠪᠤᠷᠢ ᠶᠢ ᠳᠡᠭᠡᠭᠰᠢᠯᠡᠭᠦᠯᠳᠡᠭ᠃                ᠲᠠᠨᠢᠯᠴᠠᠭᠤᠯᠤᠭᠰᠠᠨ ᠢᠶᠠᠷ᠂ TVA ᠨᠢ ᠬᠥᠮᠦᠨ ᠲᠥᠷᠥᠯᠬᠢᠲᠡᠨ ᠤ ᠡᠬᠡ ᠶᠢᠨ ᠰᠦ ᠳᠤ ᠣᠷᠣᠰᠢᠳᠠᠭ᠂  ᠭᠡᠪᠡᠴᠦ ᠬᠥᠮᠦᠨ ᠤ ᠪᠡᠶ᠎ᠡ ᠳᠤ ᠶᠡᠷᠦ ᠠᠴᠠ ᠡᠶᠢᠮᠦᠷᠬᠦᠦ ᠪᠣᠳᠠᠰ ᠡᠭᠦᠰᠬᠦ ᠦᠭᠡᠢ᠂ ᠡᠨᠡ  ᠨᠢ ᠭᠤᠣᠯᠳᠠᠭᠤ ᠢᠳᠡᠭᠡᠨ ᠤᠮᠳᠠᠭᠠᠨ ᠡᠴᠠ‌ᠢᠷᠡᠯᠲᠡ ᠲᠠᠢ᠃                ᠬᠡᠳᠦ᠋ᠢᠪᠡᠷ TVA ᠨᠢ ᠥᠮᠡᠨ ᠢ ᠰᠡᠷᠭᠡᠶᠢᠯᠡᠬᠦ ᠳᠤ ᠲᠤᠰᠠᠲᠠᠶ ᠳᠠᠯᠳᠠ ᠬᠦᠴᠦᠨ ᠲᠠᠢ ᠪᠠᠶᠢᠳᠠᠭ ᠪᠣᠯᠪᠠᠴᠤ᠂ ᠡᠭᠦᠨ ᠠᠴᠠ ᠪᠣᠯᠵᠣ ᠮᠢᠬ᠎ᠠ ᠪᠠ ᠴᠠᠭᠠᠨ ᠢᠳᠡᠭᠡ ᠬᠡᠲᠦ ᠠᠷᠪᠢᠨ ᠢᠳᠡᠬᠦ ᠴᠢᠬᠤᠯᠠ ᠥᠬᠡᠶ᠂ ᠤᠴᠢᠷ ᠨᠢ ᠤᠯᠠᠭᠠᠨ ᠮᠢᠬ᠎ᠠ ᠬᠡᠲᠦ ᠠᠷᠪᠢᠨ ᠢᠳᠡᠬᠦ  ᠵᠡᠷᠭᠡ ᠨᠢ ᠬᠥᠬᠦᠨ ᠪᠤᠯᠴᠢᠷᠬᠠᠶ ᠶᠢᠨ ᠥᠮᠡᠨ ᠪᠠ ᠬᠤᠰᠬᠢᠨᠠᠭ ᠤᠨ ᠥᠮᠡᠨ ᠳᠤ  ‍ᠡᠷᠪᠡᠭᠳᠡᠬᠦ ᠠᠶᠤᠯ ᠢ ᠨᠡᠮᠡᠭᠳᠡᠭᠦᠯᠵᠦ ᠮᠡᠳᠡᠨ᠎ᠡ ᠭᠡᠵᠦ ᠰᠤᠳᠤᠯᠭᠠᠲᠠᠳ  ᠰᠠᠨᠠᠭᠤᠯᠪᠠ᠃  ᠰᠤᠳᠤᠯᠭᠠᠲᠠᠳ᠄  ᠬᠤᠯᠪᠣᠭᠳᠠᠯ ᠪᠥᠬᠦᠶ ᠪᠣᠳᠠᠰ ᠡᠯᠪᠡᠭ ᠠᠭᠤᠯᠤᠭᠰᠠᠨ ᠨᠥᠬᠦᠪᠥᠷᠢ ᠡᠳ᠋ ᠨᠢ ᠡᠲᠡᠭᠡᠷ ᠢᠳᠡᠭᠡᠨ ᠢ ᠰᠢᠭᠤᠳ ᠢᠳᠡᠬᠦ ᠠᠴᠠ ᠨᠠᠩ  ᠲᠤᠰᠠᠲᠠᠶ ᠪᠠᠶᠢᠵᠤ ᠮᠡᠳᠡᠨ᠎ᠡ ᠭᠡᠵᠦ ᠬᠡᠯᠡᠪᠡ᠃
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号