ᠰᠤᠷᠪᠤᠯᠵᠢᠯᠠᠭᠴᠢ 12 ᠰᠠᠷ᠎ᠠ ᠶᠢᠨ 5 ᠤ ᠡᠳᠦᠷ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ | ᠢᠶᠠᠷ᠂ ︽ᠡᠪᠦᠯ ᠤᠨ ᠤᠯᠠᠷᠢᠯ ᠤᠨ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠤᠷᠢᠬᠯᠠᠬᠤ ᠠᠵᠢᠯ ᠢ | ᠰᠠᠶᠢᠲᠤᠷ ᠬᠢᠬᠦ ᠲᠤᠬᠠᠶ ᠮᠡᠳᠡᠭᠳᠡᠯ︾ ᠢ ᠣᠶᠢᠷ᠎ᠠ ᠳᠤ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠰᠤᠷᠭᠠᠭᠤᠯᠢ ᠨᠤᠭᠤᠳ ᠬᠢᠵᠢᠭ ᠤᠨ ᠪᠠᠶᠢᠳᠠᠯ ᠢ | ᠰᠢᠯᠭᠠᠨ ᠪᠠᠶᠢᠴᠠᠭᠠᠬᠤ ᠰᠢᠰᠲ᠋ᠧᠮ ᠤᠨ ᠪᠠᠶᠢᠭᠤᠯᠤᠯᠲᠠ ᠪᠠᠨ ᠴᠢᠩᠭᠠᠳᠬᠠᠵᠤ᠂ ᠪᠠᠭᠰᠢ ᠰᠤᠷᠤᠭᠴᠢᠳ ᠢ ᠰᠢᠪᠠᠳᠠᠨ | ᠡᠳᠦᠷ ᠲᠤᠲᠤᠮ ᠤᠨ ᠬᠠᠮᠠᠭᠠᠯᠠᠯᠲᠠ ᠪᠠ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠳᠠ ᠶᠢ ᠰᠠᠶᠢᠲᠤᠷ ᠬᠢᠯᠭᠡᠬᠦ ᠬᠡᠷᠡᠭᠲᠡᠶ | ᠭᠡᠵᠦ ᠱᠠᠭᠠᠷᠳᠠᠪᠠ᠃ ᠰᠤᠷᠤᠭᠴᠢᠳ ᠤᠨ ᠪᠡᠶ᠎ᠡ ᠮᠠᠬᠠᠪᠣᠳ ᠤᠨᠡᠷᠡᠭᠦᠯ ᠴᠢᠭᠢᠷᠠᠭ ᠢ ᠴᠢᠬᠤᠯᠠᠴᠢᠯᠠᠵᠤ᠂ | ᠰᠤᠷᠤᠭᠴᠢᠳ ᠤᠨ ᠡᠪᠡᠳᠴᠢᠯᠡᠭᠰᠡᠨ ᠬᠤᠭᠤᠴᠠᠭᠠᠨ ᠳᠠᠬᠢ ᠳᠠᠰᠬᠠᠯ ᠤᠨ ᠬᠠᠲᠠᠭᠤ ᠱᠠᠭᠠᠷᠳᠠᠯᠭ᠎ᠠ ᠲᠠᠯᠪᠢᠬᠤ ᠦᠭᠡᠢ | ᠪᠠᠶᠢᠵᠤ ᠪᠣᠯᠤᠨ᠎ᠠ ᠬᠡᠪᠡ᠃ | ᠮᠡᠳᠡᠭᠳᠡᠯ ᠳᠤ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ | ᠪᠣᠯᠤᠨ ᠰᠤᠷᠭᠠᠭᠤᠯᠢ ᠨᠤᠭᠤᠳ ᠠᠷᠭᠠᠴᠠᠬᠤ ᠲᠥᠰᠦᠯ ᠢᠶᠠᠨ ᠲᠡᠭᠦᠯᠳᠡᠷᠵᠢᠭᠦᠯᠵᠦ᠂ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠵᠢᠭᠠᠨᠰᠤᠷᠭᠠᠯᠲᠠ ᠶᠢ ᠡᠮᠬᠢ ᠵᠢᠷᠤᠮ ᠲᠠᠢ ᠵᠣᠯᠭᠠᠭᠤᠯᠬᠤ ᠶᠢ ᠰᠠᠶᠢᠲᠤᠷ ᠬᠢᠵᠦ᠂ | ᠡᠪᠡᠳᠴᠢᠨ ᠠᠴᠠ ᠪᠣᠯᠵᠣ ᠬᠢᠴᠢᠶᠡᠯ ᠰᠠᠭᠠᠲᠠᠭᠰᠠᠨ ᠰᠣᠷᠣᠭᠴᠢ ᠳᠤ᠂ ᠰᠦᠯᠵᠢᠶᠡᠨ ᠳᠡᠭᠡᠷᠡᠬᠢ ᠡᠯᠪᠡᠭ ᠪᠠᠶᠠᠯᠢᠭ ᠵᠢᠭᠠᠨ | ᠰᠤᠷᠭᠠᠯᠲᠠ ᠶᠢᠨ ᠡᠬᠢ ᠪᠠᠶᠠᠯᠢᠭ ᠢ ᠠᠰᠢᠭᠯᠠᠨᠬᠡᠷ ᠲᠡᠭᠡᠨ ᠰᠠᠭᠤᠵᠤ ᠰᠤᠷᠤᠯᠴᠠᠬᠤ ᠶᠢ ᠵᠢᠯᠣᠭᠤᠳᠴᠤ᠂ ᠬᠢᠴᠢᠶᠡᠯ | ᠵᠢᠭᠠᠬᠤ ᠪᠠᠭᠰᠢ ᠨᠠᠷ ᠬᠡᠷ ᠤᠨ ᠠᠬᠠᠮᠠᠳ ᠲᠠᠢ ᠣᠶᠢᠷ᠎ᠠ ᠵᠢᠨᠬᠤᠭᠤᠴᠠᠭᠠᠨ ᠤ ᠵᠢᠭᠠᠨ ᠰᠤᠷᠭᠠᠯᠲᠠ ᠶᠢᠨ | ᠭᠤᠤᠯᠳᠠᠯᠭ᠎ᠠ ᠪᠠᠨ ᠴᠠᠭ ᠲᠤᠬᠠᠶ ᠳᠤᠨᠢ ᠨᠡᠪᠲᠡᠷᠡᠯᠴᠡᠨ ᠵᠣᠯᠭᠠᠭᠤᠯᠬᠤ ᠬᠡᠷᠡᠭᠲᠡᠶ᠃ᠠᠮᠢᠰᠬᠤᠯ ᠤᠨ ᠵᠠᠮ ᠤᠨ | ᠡᠪᠡᠳᠴᠢᠨ ᠤ ᠶᠠᠪᠤᠴᠠ ᠶᠢᠨ ᠣᠨᠴᠠᠯᠢᠭ ᠲᠠᠢ ᠤᠶᠠᠯᠳᠤᠭᠤᠯᠤᠨ᠂ ᠬᠡᠷ ᠤᠨ ᠠᠬᠠᠮᠠᠳ ᠢ ᠬᠥᠲᠥᠯᠦᠨᠵᠢᠯᠣᠭᠤᠳᠴᠤ | ᠪᠠᠶᠢᠭᠠᠳ ᠡᠪᠡᠳᠴᠢᠯᠡᠭᠰᠡᠨ ᠰᠤᠷᠤᠭᠴᠢᠳ ᠢ ᠰᠠᠶᠢᠳᠤᠷ ᠡᠮᠨᠡᠨ ᠵᠠᠰᠠᠭᠤᠯᠬᠤ ᠪᠠ ᠠᠮᠠᠷᠠᠭᠤᠯᠵᠤ᠂ᠰᠤᠷᠭᠠᠭᠤᠯᠢ ᠳᠤ ᠪᠠᠨ | ᠪᠤᠴᠠᠵᠤ ᠬᠢᠴᠢᠶᠡᠯ ᠣᠷᠣᠬᠤ ᠲᠣᠬᠢᠷᠠᠭᠤᠯᠤᠯᠲᠠ ᠶᠢ ᠦᠨᠡᠨ ᠬᠦ ᠰᠢᠨᠵᠢᠯᠡᠬᠦ ᠤᠬᠠᠭᠠᠨᠴᠢ ᠪᠠᠷ ᠬᠢᠬᠦ ᠬᠡᠷᠡᠭᠲᠡᠶ ᠭᠡᠵᠦ | ᠱᠠᠭᠠᠷᠳᠠᠪᠠ᠃ |