ᠰᠢᠭᠤᠶᠢᠲᠣ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/24
      ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠢ ᠠᠬᠢᠭᠤᠯᠬᠤ ᠶᠢᠨ ᠲᠤᠰᠠᠳᠠ᠂ 2 ᠳ᠋ᠤᠭᠠᠷ ᠰᠠᠷ᠎ᠠ ᠶᠢᠨ 17 ᠤ ᠡᠳᠦᠷ᠂ ᠱᠢ ᠭᠤᠸᠠᠢ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ᠃    ᠬᠤᠷᠠᠯ ᠳᠡᠭᠡᠷ᠎ᠡ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠰᠢᠭᠤᠶᠢᠲᠣ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ︾  ᠪᠠ ᠰᠢᠭᠤᠶᠢᠲᠣ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠵᠠᠰᠠᠭ ᠤᠨ ᠣᠷᠳᠣᠨ ᠳᠤ ᠰᠠᠭᠤᠭ᠎ᠠ ᠠᠯᠪᠠᠨ ᠭᠡᠷ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠰᠢᠰᠲ᠋ᠧᠮ ᠢᠶᠠᠷ ᠢᠶᠠᠨ ᠬᠢᠨᠠᠯᠲᠠ ᠲᠠᠯᠪᠢᠬᠤ ᠨᠢᠭᠡᠴᠡ ᠶᠢᠨ ᠨᠠᠮ ᠤᠨ ᠤᠳᠤᠷᠢᠳᠬᠤ ᠳᠤᠭᠤᠶᠢᠯᠠᠩ ︵ᠵᠥᠪᠯᠡᠯ᠂ ᠨᠠᠮ ᠤᠨ ᠡᠭᠦᠷ︶ ᠤᠨ ᠬᠤᠷᠠᠯ ᠪᠠ ︽ᠭᠤᠷᠪᠠᠨ ᠴᠢᠬᠤᠯᠠ ᠨᠢᠭᠡ ᠶᠡᠭᠡ︾ ᠤᠨ ᠬᠡᠷᠡᠭ ᠵᠥᠪᠯᠡᠬᠦ ᠬᠤᠷᠠᠯ ᠳᠤ ᠣᠷᠤᠯᠴᠠᠬᠤ ᠲᠤᠬᠠᠢ ᠮᠡᠳᠡᠭᠳᠡᠯ᠂ ᠲᠣᠮᠢᠯᠠᠨ ᠰᠠᠭᠤᠯᠭᠠᠭᠰᠠᠨ ᠬᠢᠨᠠᠯᠲᠠ ᠲᠠᠯᠪᠢᠬᠤ ᠬᠦᠴᠦᠨ ᠢ ᠲᠣᠬᠢᠷᠠᠭᠤᠯᠤᠨ ᠰᠢᠯᠢᠳᠡᠭᠵᠢᠭᠦᠯᠬᠦ ᠲᠤᠬᠠᠢ ᠮᠡᠳᠡᠭᠳᠡᠯ 2 ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠃ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ 2023 ᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠂ ᠨᠢᠭᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ︔ ᠬᠤᠶᠠᠷ ᠲᠤ᠂ ᠬᠠᠮᠢᠶᠠᠷᠤᠯᠲᠠ ᠬᠢᠨᠠᠯᠲᠠ ᠪᠠᠨ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠭᠦᠨᠵᠡᠭᠡᠶᠢᠷᠡᠭᠦᠯᠦᠨ᠎ᠡ︔ᠭᠤᠷᠪᠠ ᠳᠤ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠢ ᠴᠢᠩᠭᠠᠳᠬᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠢ ᠴᠢᠩᠭᠠᠷᠠᠭᠤᠯᠤᠨ᠎ᠠ;ᠳᠥᠷᠪᠡ ᠳᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠲᠠᠢ ᠪᠠᠶᠢᠬᠤ︾ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ᠪᠦᠬᠦ ᠨᠠᠮ ᠤᠨ ᠭᠡᠰᠢᠭᠦᠨ᠂ ᠺᠠᠳ᠋ᠷᠴᠤᠳ ᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ ᠪᠠᠶᠢᠬᠤ ᠶᠢ ᠦᠨᠡᠨ ᠬᠦ ᠪᠡᠶᠡᠯᠡᠭᠦᠯᠵᠦ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠬᠠᠷᠢᠭᠤᠴᠠᠯᠭ᠎ᠠ ᠶᠢ ᠢᠮᠠᠭᠲᠠ ᠡᠭᠦᠷᠭᠡᠯᠡᠵᠦ᠂ ᠡᠭᠦᠷᠭᠡ ᠶᠢ ᠭᠠᠷ ᠲᠠᠭᠠᠨ ᠠᠳᠬᠤᠵᠤ᠂ ᠴᠤᠭ ᠰᠦᠯᠳᠡ ᠪᠠᠨ ᠪᠠᠳᠠᠷᠠᠭᠤᠯᠤᠨ᠂ ᠨᠢᠭᠡ ᠰᠡᠳᠬᠢᠯ ᠢᠶᠠᠷ ᠠᠵᠢᠯ ᠦᠢᠯᠡᠰ ᠲᠡᠭᠡᠨ ᠵᠢᠳᠬᠦᠬᠦ ᠬᠡᠷᠡᠭᠲᠡᠢ ᠭᠡᠵᠦ ᠱᠠᠭᠠᠷᠳᠠᠪᠠ᠃       ᠬᠤᠷᠠᠯ ᠳᠡᠭᠡᠷ᠎ᠡ᠂ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠵᠠᠰᠠᠭ ᠤᠨ ᠣᠷᠳᠣᠨ ᠳᠤ ᠰᠠᠭᠤᠭ᠎ᠠ ᠠᠯᠪᠠᠨ ᠭᠡᠷ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠯᠢᠦ ᠴᠧᠩ ᠰᠢᠨ ᠰᠠᠨᠠᠭᠤᠯᠵᠤ ᠬᠥᠮᠥᠵᠢᠭᠦᠯᠬᠦ ᠶᠠᠷᠢᠶ᠎ᠠ ᠲᠠᠯᠪᠢᠪᠠ᠃ 
 
ᠢᠷᠡᠯᠲᠡ᠄ ᠬᠠᠩᠭᠠᠨ ᠪᠣᠷᠣᠯᠠᠭᠤᠯᠬᠤ ᠬᠤᠷᠰᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号