ᠠᠮᠠᠷᠠᠯᠲᠠ ᠶᠢᠨ ᠬᠤᠭᠤᠴᠠᠭᠠᠨ ᠤ ᠠᠵᠢᠯ ᠳᠤ ᠴᠠᠯᠢᠩ ᠣᠯᠬᠤ ᠳᠤ ᠬᠦᠴᠢᠷᠲᠡᠢ ︽ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠠᠪᠠᠭ᠎ᠠ︾ ᠢᠷᠡᠵᠦ ᠬᠠᠪᠰᠤᠷᠤᠨ᠎ᠠ
ᠨᠡᠶᠢᠲᠡᠯᠡᠭᠰᠡᠨ ᠴᠠᠭ᠄
2023/2/24
        ᠥᠪᠡᠷ ᠤᠨ ᠭᠠᠷ ᠤᠲᠠᠰᠤᠨ ᠤ ᠮᠡᠳᠡᠭᠡ ᠵᠠᠩᠭᠢ  ᠠᠴᠠ ᠦᠵᠡᠪᠡᠯ ᠴᠠᠯᠢᠩ ᠳᠠᠩᠰᠠᠨ ᠳᠤ ᠣᠷᠣᠭᠰᠠᠨ  ᠢ ᠦᠵᠡᠭᠡᠳ ᠭᠦᠸᠧ ᠣᠪᠣᠭᠲᠤ᠂ ᠸᠠᠩ ᠣᠪᠣᠭᠲᠤ ᠴᠢᠩ ᠰᠡᠳᠬᠢᠯ ᠠᠴᠠ ᠪᠠᠨ᠄ ︽ᠲᠠ ᠨᠠᠷ ᠲᠤ ᠲᠠᠯᠠᠷᠬᠠᠵᠤ ᠪᠠᠶᠢᠨ᠎ᠠ᠂ ᠲᠠ ᠨᠠᠷ ᠵᠦᠳᠡᠷᠡᠯ᠎ᠡ᠂ ᠲᠠ ᠨᠠᠷ ᠤᠨ ᠠᠵᠢᠯ  ᠠᠴᠠ ᠪᠠᠭᠤᠬᠤ ᠴᠠᠭ  ᠢ ᠰᠠᠭᠠᠲᠠᠭᠠᠬᠤ ᠳᠤ ᠦᠨᠡᠬᠡᠷ ᠡᠪ ᠦᠭᠡᠢ ᠪᠣᠯᠣᠯ᠎ᠠ᠂ ᠦᠨᠡᠨ ᠳᠡᠭᠡᠨ ᠪᠢᠳᠡ ᠪᠠᠰᠠ ᠦᠨᠡᠬᠡᠷ ᠠᠷᠭ᠎ᠠ ᠦᠭᠡᠢ᠂ ᠬᠡᠷᠪᠡ ᠲᠠ ᠨᠠᠷ ᠪᠢᠳᠡᠨ  ᠢ ᠬᠠᠪᠰᠤᠷᠴᠤ ᠵᠣᠬᠢᠴᠠᠭᠤᠯᠤᠨ ᠰᠢᠢᠳᠪᠦᠷᠢᠯᠡᠬᠦ ᠦᠭᠡᠢ ᠪᠣᠯ ᠪᠢᠳᠡ ᠬᠡᠵᠢᠶ᠎ᠡ ᠴᠠᠯᠢᠩ ᠣᠯᠬᠤ  ᠶᠢ ᠮᠡᠳᠡᠬᠦ ᠦᠭᠡᠢ᠂ ᠡᠨᠡ ᠪᠣᠯ ᠮᠠᠨ ᠤ ᠬᠥᠮᠥᠨ ᠤ ᠠᠮᠢᠳᠤᠷᠠᠯ ᠳᠤ ᠠᠩᠬ᠎ᠠ ᠤᠳᠠᠭ᠎ᠠ ᠬᠥᠯᠥᠰᠦᠨ ᠠᠵᠢᠯ ᠬᠢᠵᠦ ᠣᠯᠣᠭᠰᠠᠨ ᠵᠣᠭᠤᠰ ᠰᠢᠸ︾ ᠭᠡᠵᠦ ᠬᠡᠯᠡᠪᠡ᠃       ᠣᠶᠢᠷ᠎ᠠ ᠳᠤ ᠭᠦᠸᠧ ᠣᠪᠣᠭᠲᠤ᠂ ᠸᠠᠩ ᠣᠪᠣᠭᠲᠤ ᠱᠢ ᠭᠤᠸᠠᠢ ᠲᠣᠭᠤᠷᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠳᠤ ᠢᠷᠡᠵᠦ᠂ ᠨᠢᠭᠡᠨ ᠬᠤᠭᠤᠯᠠᠨ ᠭᠡᠷ ᠲᠤ ᠬᠥᠯᠥᠰᠦᠨ ᠠᠵᠢᠯ ᠬᠢᠵᠦ ᠪᠠᠶᠢᠨ᠎ᠠ᠂ ᠵᠢᠯ ᠤᠨ ᠳᠠᠷᠠᠭ᠎ᠠ ᠰᠤᠷᠭᠠᠭᠤᠯᠢ ᠡᠬᠢᠯᠡᠬᠦ ᠠᠴᠠ ᠪᠣᠯᠵᠤ ᠲᠤᠰᠢᠶᠠᠯ ᠠᠴᠠ ᠪᠠᠨ ᠰᠠᠯᠬᠤ  ᠪᠠᠷ ᠳᠤᠷᠠᠳᠤᠭᠰᠠᠨ ᠪᠣᠯᠪᠠᠴᠤ ᠲᠤᠰ ᠬᠤᠭᠤᠯᠠᠨ ᠭᠡᠷ ᠴᠠᠯᠢᠩ ᠢᠶᠠᠨ ᠴᠠᠭ ᠲᠤᠬᠠᠢ ᠳᠤᠨᠢ ᠥᠭᠭᠦᠭᠰᠡᠨ ᠦᠭᠡᠢ ᠭᠡᠵᠦ ᠵᠠᠭᠠᠯᠳᠤᠵᠠᠢ᠃ᠳᠠᠷᠠᠭ᠎ᠠ ᠨᠢ ᠠᠵᠢᠯᠲᠠᠳ ᠮᠠᠰᠢ ᠲᠦᠷᠭᠡᠨ ᠢᠶᠠᠷ ᠵᠣᠴᠢᠳ ᠤᠨ ᠪᠠᠭᠤᠳᠠᠯ ᠤᠨ ᠬᠠᠷᠢᠭᠤᠴᠠᠯᠭᠠᠲᠠᠨ ᠲᠠᠢ ᠬᠠᠷᠢᠯᠴᠠᠭᠰᠠᠨ ᠪᠥᠭᠡᠳ ᠮᠠᠨ ᠤ ᠲᠣᠪᠴᠢᠶᠠᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠳᠤ ᠢᠷᠡᠵᠦ ᠡᠨᠡ ᠤᠴᠢᠷ ᠢ ᠰᠢᠢᠳᠪᠦᠷᠢᠯᠡᠭᠦᠯᠬᠦ ᠪᠠᠷ ᠮᠡᠳᠡᠭᠳᠡᠵᠡᠢ᠃ᠨᠡᠪᠲᠡᠷᠡᠯᠴᠡᠨ ᠵᠣᠬᠢᠴᠠᠭᠤᠯᠬᠤ ᠪᠠᠷ ᠲᠠᠮᠵᠢᠨ᠂ ᠬᠤᠶᠠᠷ ᠲᠠᠯ᠎ᠠ ᠪᠠᠷ ᠢᠶᠠᠨ ᠰᠠᠨᠠᠯ ᠨᠢᠭᠡᠳᠴᠦ᠂ ᠲᠤᠬᠠᠢ ᠶᠢᠨ ᠲᠠᠯᠠᠪᠤᠷ ᠲᠤ ᠬᠤᠶᠠᠷ ᠠᠮᠠᠷᠠᠯᠲᠠ ᠶᠢᠨ ᠬᠤᠭᠤᠴᠠᠭᠠᠨ ᠤ ᠠᠵᠢᠯᠴᠢᠨ ᠳᠤ ᠴᠠᠯᠢᠩ ᠥᠭᠭᠦᠭᠰᠡᠨ ᠳᠤ ᠭᠦᠥᠸ᠋ ᠣᠪᠣᠭᠲᠤ᠂ ᠸᠠᠩ ᠣᠪᠣᠭᠲᠤ ᠰᠡᠳᠬᠢᠯ ᠬᠠᠨᠤᠮᠵᠢᠲᠠᠶ ᠢᠨᠢᠶᠡᠮᠰᠦᠭᠯᠡᠪᠡ᠃ 
 
ᠢᠷᠡᠯᠲᠡ᠄ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号