ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠲᠠᠪᠤ ᠶᠢ ᠠᠬᠢᠭᠤᠯᠬᠤ︾ ᠲᠤᠰᠬᠠᠢ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/2/24
        ᠪᠥᠬᠦ ᠬᠤᠲᠠ ᠶᠢᠨ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠠᠵᠤ ᠠᠬᠤᠶᠢᠯᠠᠯ ᠳᠤ ᠣᠷᠣᠭᠤᠯᠬᠤ᠂ ᠬᠦᠷᠢᠶᠡᠯᠡᠩ ᠲᠣᠭᠤᠷᠢᠭ ᠲᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠮᠠᠯᠵᠢᠬᠤ ᠲᠠᠷᠢᠶᠠᠯᠠᠬᠤ ᠣᠷᠣᠨ ᠳᠤ ᠣᠷᠣᠭᠤᠯᠬᠤ᠂ ᠭᠡᠷ ᠪᠦᠯᠢ ᠳᠤ ᠣᠷᠣᠭᠤᠯᠬᠤ ︽ᠲᠠᠪᠤ ᠶᠢ ᠠᠬᠢᠭᠤᠯᠬᠤ︾ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠃2 ᠳ᠋ᠤᠭᠠᠷ ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ᠂  ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠳ᠋ᠦᠩ ᠱᠣ ᠰᠢᠶᠦ᠋ᠩ ᠪᠡᠶ᠎ᠡ ᠪᠠᠷ ᠢᠶᠠᠨ ᠪᠦᠯᠬᠦᠮ ᠳᠠᠭᠠᠭᠤᠯᠤᠨ᠂ ᠬᠡᠰᠡᠭ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠵᠣᠬᠢᠶᠠᠨ ᠪᠠᠶᠢᠭᠤᠯᠵᠤ᠂ ᠰᠤᠮᠤ ᠭᠠᠴᠠᠭ᠎ᠠ᠂ ᠵᠡᠭᠡᠯᠢ ᠭᠤᠳᠤᠮᠵᠢ ᠨᠡᠶᠢᠭᠡᠮ ᠲᠣᠭᠤᠷᠢᠭ᠂ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠵᠡᠷᠭᠡ ᠳᠤ ᠭᠦᠨᠵᠡᠭᠡᠶᠢᠷᠡᠨ ︽ᠲᠠᠪᠤ ᠶᠢ ᠠᠬᠢᠭᠤᠯᠬᠤ︾ ᠲᠤᠰᠬᠠᠢ ᠰᠡᠳᠦᠪᠲᠦ ᠠᠵᠢᠯᠯᠠᠭ᠎ᠠ ᠥᠷᠨᠢᠭᠦᠯᠪᠡ᠃       ᠠᠵᠢᠯᠯᠠᠭ᠎ᠠ ᠶᠢᠨ ᠶᠠᠪᠤᠴᠠ ᠳᠤ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠮᠠᠯᠵᠢᠬᠤ ᠲᠠᠷᠢᠶᠠᠯᠠᠬᠤ ᠣᠷᠣᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢᠨ ᠠᠵᠢᠯᠲᠠᠳ ᠲᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠬᠠᠮᠤᠭ ‍ᠤᠨ‌ᠡᠭᠦᠨ ᠤ ᠬᠠᠮᠲᠤ ᠬᠤᠯᠪᠣᠭᠳᠠᠯ ᠪᠦᠬᠦᠢ ᠤᠳᠤᠷᠢᠳᠤᠯᠭ᠎ᠠ ᠲᠠᠢ ᠠᠵᠢᠯ ᠤᠨ ᠲᠤᠷᠰᠢᠯᠭ᠎ᠠ ᠵᠢᠴᠢ ᠬᠤᠶᠢᠰᠢᠳᠠ ᠶᠢᠨ ︽ᠲᠠᠪᠤ ᠶᠢ ᠣᠷᠣᠭᠤᠯᠬᠤ︾ ᠠᠵᠢᠯᠯᠠᠭ᠎ᠠ ᠶᠢᠨ ᠲᠤᠬᠠᠢ ᠠᠵᠢᠯ ᠤᠨ ᠲᠥᠯᠥᠪᠯᠡᠭᠡ᠂ ᠬᠡᠷᠡᠭᠵᠢᠭᠦᠯᠬᠦ ᠨᠠᠷᠢᠨ ᠳᠦᠷᠢᠮ ᠢᠶᠠᠨ ᠰᠣᠯᠢᠯᠴᠠᠨ᠎ᠠ᠃ᠰᠣᠯᠢᠯᠴᠠᠬᠤ ᠶᠠᠪᠤᠴᠠ ᠳᠤ᠂ ᠣᠯᠠᠨ ᠢᠶᠠᠷ ᠢᠶᠠᠨ ᠴᠥᠮ ᠡᠨᠡ ᠵᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠤᠯᠭᠠᠮ᠎ᠠ ᠴᠢᠨᠠᠷ᠂ ᠴᠢᠬᠤᠯᠠ ᠴᠢᠨᠠᠷ ᠢ ᠲᠠᠨᠢᠵᠤ ᠣᠯᠣᠭᠰᠠᠨ ᠪᠥᠭᠡᠳ ᠰᠠᠨᠠᠯ ᠨᠢᠭᠡᠲᠡᠢ ᠪᠣᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠬᠠᠮᠲᠤ ᠪᠠᠷ ᠲᠦᠯᠬᠢᠨ ᠠᠬᠢᠭᠤᠯᠵᠤ᠂ ᠰᠢᠨ᠎ᠡ ᠰᠢᠪᠲᠤᠯᠤᠯᠲᠠ ᠲᠠᠢ ᠪᠣᠯᠤᠭᠰᠠᠨ ᠪᠠᠶᠢᠨ᠎ᠠ᠃
C:\Users\Administrator\Desktop\1676363806757096595.png   
        ᠲᠠᠷᠠᠭᠠᠴᠢ ᠶᠢᠨ ᠠᠯᠬᠤᠮ ᠳᠤ᠂  ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ︽ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ︽ᠴᠢᠩ ᠦᠨᠡᠨᠴᠢ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠭᠤᠯᠤᠭᠳᠠᠬᠤᠨ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ︽ᠲᠠᠨ ᠤ ᠰᠠᠨᠠᠭᠠᠨ ᠳᠤ ᠨᠡᠶᠢᠴᠡᠬᠦ ᠶᠢ ᠪᠠᠲᠤᠯᠠᠬᠤ︾ ᠨᠠᠷᠠᠲᠤ ᠲᠡᠮᠳᠡᠭᠲᠦ ᠶᠢ ᠢᠯᠡ ᠪᠣᠯᠭᠠᠨ᠎ᠠ᠃ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠭᠦᠢᠴᠡᠳᠬᠡᠬᠦ᠂ ᠠᠯᠠᠭᠠᠨ ᠳᠡᠭᠡᠷ᠎ᠡ ᠪᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ᠂ ᠲᠠᠨ ᠢ ᠬᠠᠪᠰᠤᠷᠤᠨ ᠭᠦᠢᠴᠡᠳᠬᠡᠬᠦ᠂ ᠣᠶᠢᠷ᠎ᠠ ᠬᠠᠪᠢ ᠳᠠᠭᠠᠨ ᠭᠦᠢᠴᠡᠳᠬᠡᠬᠦ᠂ ᠳᠤᠲᠠᠭᠤ ᠶᠢ ᠠᠭᠤᠴᠢᠯᠠᠨ ᠰᠢᠢᠳᠪᠦᠷᠢᠯᠡᠬᠦ︾ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠲᠠᠪᠤ ᠶᠢ ᠠᠬᠢᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ᠢᠯᠠᠩᠭᠤᠶ᠎ᠠ ᠰᠢᠨ᠎ᠡ ᠪᠠᠷ ᠣᠷᠣᠭᠤᠯᠤᠭᠰᠠᠨ ᠲᠦᠷᠦᠯ ᠵᠦᠢᠯ᠂ ᠭᠤᠣᠯᠳᠠᠯᠭ᠎ᠠ ᠲᠠᠢ ᠲᠦᠷᠦᠯ ᠵᠦᠢᠯ᠂ ᠭᠤᠣᠯᠳᠠᠯᠭ᠎ᠠ ᠲᠠᠢ ᠠᠵᠤ ᠠᠬᠤᠶᠢᠯᠠᠯ ᠳᠤ ᠴᠢᠭᠯᠡᠭᠦᠯᠦᠨ᠂ ᠮᠠᠨ ᠤ ᠲᠣᠪᠴᠢᠶ᠎ᠠ ᠴᠤ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠪᠠᠷ ᠠᠵᠢᠯᠯᠠᠵᠤ᠂ ᠲᠡᠳᠡᠨ ᠳᠤ︽ᠪᠦᠬᠦ ᠦᠶᠡᠯᠡᠯ ᠤᠨ ᠬᠤᠭᠤᠴᠠᠭ᠎ᠠ ᠲᠠᠢ᠂ ᠠᠰᠠᠷᠠᠭᠴᠢ ᠮᠠᠶ᠋ᠢᠭ︾︾ ᠤᠨ ᠲᠤᠬᠠᠢ ᠶᠢᠨ ᠴᠠᠭ ᠤᠨ᠂ ᠴᠢᠨᠠᠷ ᠰᠠᠶᠢᠲᠠᠢ᠂ ᠥᠨᠳᠥᠷ ᠪᠦᠲᠦᠮᠵᠢᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠵᠤ᠂ ᠪᠦᠬᠦ ᠣᠷᠣᠨ ᠤ ᠠᠵᠢᠯ ᠶᠠᠪᠤᠳᠠᠯ ᠡᠷᠬᠢᠯᠡᠬᠦ ᠠᠵᠤ ᠠᠬᠤᠶᠢᠯᠠᠯ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠢ ᠨᠡᠩ ᠰᠠᠶᠢᠨ ᠪᠣᠯᠭᠠᠵᠤ᠂ ᠵᠣᠯ ᠵᠢᠷᠭᠠᠯ ᠤᠨ ᠲᠥᠷᠥᠭᠳᠡᠯ ᠢ ᠨᠡᠩ ᠦᠷᠭᠦᠯᠵᠢᠯᠡᠭᠦᠯᠵᠦ᠂ ᠠᠮᠤᠷ ᠲᠦᠪᠰᠢᠨ ᠤ ᠲᠥᠷᠥᠭᠳᠡᠯ ᠢ ᠨᠡᠩ ᠪᠠᠲᠤᠯᠠᠭ᠎ᠠ ᠲᠠᠢ ᠪᠣᠯᠭᠠᠬᠤ ᠪᠠᠷ ᠴᠢᠷᠮᠠᠶᠢᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号