ᠪᠥᠬᠦ ᠬᠤᠲᠠ ᠶᠢᠨ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠠᠵᠤ ᠠᠬᠤᠶᠢᠯᠠᠯ ᠳᠤ ᠣᠷᠣᠭᠤᠯᠬᠤ᠂ | ᠬᠦᠷᠢᠶᠡᠯᠡᠩ ᠲᠣᠭᠤᠷᠢᠭ ᠲᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠮᠠᠯᠵᠢᠬᠤ ᠲᠠᠷᠢᠶᠠᠯᠠᠬᠤ | ᠣᠷᠣᠨ ᠳᠤ ᠣᠷᠣᠭᠤᠯᠬᠤ᠂ ᠭᠡᠷ ᠪᠦᠯᠢ ᠳᠤ ᠣᠷᠣᠭᠤᠯᠬᠤ ︽ᠲᠠᠪᠤ ᠶᠢ ᠠᠬᠢᠭᠤᠯᠬᠤ︾ ᠠᠵᠢᠯᠯᠠᠭ᠎ᠠ ᠶᠢᠨ | ᠬᠡᠷᠡᠭᠵᠢᠭᠦᠯᠬᠦ ᠲᠥᠰᠥᠯ︾ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠃2 ᠳ᠋ᠤᠭᠠᠷ ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ᠂ | ᠰᠢᠭᠤᠶᠢᠲᠣ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠳ᠋ᠦᠩ ᠱᠣ ᠰᠢᠶᠦ᠋ᠩ ᠪᠡᠶ᠎ᠡ ᠪᠠᠷ ᠢᠶᠠᠨ ᠪᠦᠯᠬᠦᠮ | ᠳᠠᠭᠠᠭᠤᠯᠤᠨ᠂ ᠬᠡᠰᠡᠭ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠵᠣᠬᠢᠶᠠᠨ ᠪᠠᠶᠢᠭᠤᠯᠵᠤ᠂ ᠰᠤᠮᠤ | ᠭᠠᠴᠠᠭ᠎ᠠ᠂ ᠵᠡᠭᠡᠯᠢ ᠭᠤᠳᠤᠮᠵᠢ ᠨᠡᠶᠢᠭᠡᠮ ᠲᠣᠭᠤᠷᠢᠭ᠂ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠵᠡᠷᠭᠡ ᠳᠤ | ᠭᠦᠨᠵᠡᠭᠡᠶᠢᠷᠡᠨ ︽ᠲᠠᠪᠤ ᠶᠢ ᠠᠬᠢᠭᠤᠯᠬᠤ︾ ᠲᠤᠰᠬᠠᠢ ᠰᠡᠳᠦᠪᠲᠦ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠶᠠᠪᠤᠴᠠ ᠳᠤ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠦᠨᠳᠦᠰᠦᠨ | ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠮᠠᠯᠵᠢᠬᠤ ᠲᠠᠷᠢᠶᠠᠯᠠᠬᠤ ᠣᠷᠣᠨ ᠤ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢᠨ ᠠᠵᠢᠯᠲᠠᠳ ᠲᠤ ᠡᠯ᠎ᠡ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠬᠠᠮᠤᠭ ᠤᠨᠡᠭᠦᠨ ᠤ ᠬᠠᠮᠲᠤ ᠬᠤᠯᠪᠣᠭᠳᠠᠯ ᠪᠦᠬᠦᠢ | ᠤᠳᠤᠷᠢᠳᠤᠯᠭ᠎ᠠ ᠲᠠᠢ ᠠᠵᠢᠯ ᠤᠨ ᠲᠤᠷᠰᠢᠯᠭ᠎ᠠ ᠵᠢᠴᠢ ᠬᠤᠶᠢᠰᠢᠳᠠ ᠶᠢᠨ ︽ᠲᠠᠪᠤ ᠶᠢ ᠣᠷᠣᠭᠤᠯᠬᠤ︾ ᠠᠵᠢᠯᠯᠠᠭ᠎ᠠ ᠶᠢᠨ | ᠲᠤᠬᠠᠢ ᠠᠵᠢᠯ ᠤᠨ ᠲᠥᠯᠥᠪᠯᠡᠭᠡ᠂ ᠬᠡᠷᠡᠭᠵᠢᠭᠦᠯᠬᠦ ᠨᠠᠷᠢᠨ ᠳᠦᠷᠢᠮ ᠢᠶᠠᠨ ᠰᠣᠯᠢᠯᠴᠠᠨ᠎ᠠ᠃ᠰᠣᠯᠢᠯᠴᠠᠬᠤ ᠶᠠᠪᠤᠴᠠ ᠳᠤ᠂ | ᠣᠯᠠᠨ ᠢᠶᠠᠷ ᠢᠶᠠᠨ ᠴᠥᠮ ᠡᠨᠡ ᠵᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠤᠯᠭᠠᠮ᠎ᠠ ᠴᠢᠨᠠᠷ᠂ | ᠴᠢᠬᠤᠯᠠ ᠴᠢᠨᠠᠷ ᠢ ᠲᠠᠨᠢᠵᠤ ᠣᠯᠣᠭᠰᠠᠨ ᠪᠥᠭᠡᠳ ᠰᠠᠨᠠᠯ ᠨᠢᠭᠡᠲᠡᠢ ᠪᠣᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠬᠠᠮᠲᠤ ᠪᠠᠷ ᠲᠦᠯᠬᠢᠨ ᠠᠬᠢᠭᠤᠯᠵᠤ᠂ ᠰᠢᠨ᠎ᠡ | ᠰᠢᠪᠲᠤᠯᠤᠯᠲᠠ ᠲᠠᠢ ᠪᠣᠯᠤᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠰᠢᠭᠤᠶᠢᠲᠣ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠨᠢ ︽ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠡᠭᠡᠭᠰᠢᠯᠡᠭᠦᠯᠬᠦ ᠣᠨ︾ ᠤ | ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ︽ᠴᠢᠩ ᠦᠨᠡᠨᠴᠢ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠭᠤᠯᠤᠭᠳᠠᠬᠤᠨ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ︽ᠲᠠᠨ ᠤ ᠰᠠᠨᠠᠭᠠᠨ ᠳᠤ ᠨᠡᠶᠢᠴᠡᠬᠦ ᠶᠢ ᠪᠠᠲᠤᠯᠠᠬᠤ︾ | ᠨᠠᠷᠠᠲᠤ ᠲᠡᠮᠳᠡᠭᠲᠦ ᠶᠢ ᠢᠯᠡ ᠪᠣᠯᠭᠠᠨ᠎ᠠ᠃ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ︽ᠨᠢᠭᠡ ᠰᠦᠯᠵᠢᠶ᠎ᠡ ᠪᠠᠷ ᠭᠦᠢᠴᠡᠳᠬᠡᠬᠦ᠂ ᠠᠯᠠᠭᠠᠨ ᠳᠡᠭᠡᠷ᠎ᠡ ᠪᠠᠨ ᠭᠦᠢᠴᠡᠳᠬᠡᠬᠦ᠂ ᠨᠢᠭᠡ ᠯᠡ | ᠤᠳᠠᠭ᠎ᠠ ᠳᠤ ᠭᠦᠢᠴᠡᠳᠬᠡᠬᠦ᠂ ᠲᠠᠨ ᠢ ᠬᠠᠪᠰᠤᠷᠤᠨ ᠭᠦᠢᠴᠡᠳᠬᠡᠬᠦ᠂ ᠣᠶᠢᠷ᠎ᠠ ᠬᠠᠪᠢ ᠳᠠᠭᠠᠨ ᠭᠦᠢᠴᠡᠳᠬᠡᠬᠦ᠂ | ᠳᠤᠲᠠᠭᠤ ᠶᠢ ᠠᠭᠤᠴᠢᠯᠠᠨ ᠰᠢᠢᠳᠪᠦᠷᠢᠯᠡᠬᠦ︾ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠲᠠᠪᠤ ᠶᠢ ᠠᠬᠢᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢᠨ ᠬᠢᠷᠢ | ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ᠢᠯᠠᠩᠭᠤᠶ᠎ᠠ ᠰᠢᠨ᠎ᠡ ᠪᠠᠷ ᠣᠷᠣᠭᠤᠯᠤᠭᠰᠠᠨ ᠲᠦᠷᠦᠯ ᠵᠦᠢᠯ᠂ | ᠭᠤᠣᠯᠳᠠᠯᠭ᠎ᠠ ᠲᠠᠢ ᠲᠦᠷᠦᠯ ᠵᠦᠢᠯ᠂ ᠭᠤᠣᠯᠳᠠᠯᠭ᠎ᠠ ᠲᠠᠢ ᠠᠵᠤ ᠠᠬᠤᠶᠢᠯᠠᠯ ᠳᠤ ᠴᠢᠭᠯᠡᠭᠦᠯᠦᠨ᠂ ᠮᠠᠨ ᠤ ᠲᠣᠪᠴᠢᠶ᠎ᠠ ᠴᠤ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠪᠠᠷ ᠠᠵᠢᠯᠯᠠᠵᠤ᠂ ᠲᠡᠳᠡᠨ ᠳᠤ︽ᠪᠦᠬᠦ | ᠦᠶᠡᠯᠡᠯ ᠤᠨ ᠬᠤᠭᠤᠴᠠᠭ᠎ᠠ ᠲᠠᠢ᠂ ᠠᠰᠠᠷᠠᠭᠴᠢ ᠮᠠᠶ᠋ᠢᠭ︾︾ ᠤᠨ ᠲᠤᠬᠠᠢ ᠶᠢᠨ ᠴᠠᠭ ᠤᠨ᠂ ᠴᠢᠨᠠᠷ ᠰᠠᠶᠢᠲᠠᠢ᠂ ᠥᠨᠳᠥᠷ | ᠪᠦᠲᠦᠮᠵᠢᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠵᠤ᠂ ᠪᠦᠬᠦ ᠣᠷᠣᠨ ᠤ ᠠᠵᠢᠯ ᠶᠠᠪᠤᠳᠠᠯ ᠡᠷᠬᠢᠯᠡᠬᠦ | ᠠᠵᠤ ᠠᠬᠤᠶᠢᠯᠠᠯ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠢ ᠨᠡᠩ ᠰᠠᠶᠢᠨ ᠪᠣᠯᠭᠠᠵᠤ᠂ ᠵᠣᠯ ᠵᠢᠷᠭᠠᠯ ᠤᠨ | ᠲᠥᠷᠥᠭᠳᠡᠯ ᠢ ᠨᠡᠩ ᠦᠷᠭᠦᠯᠵᠢᠯᠡᠭᠦᠯᠵᠦ᠂ ᠠᠮᠤᠷ ᠲᠦᠪᠰᠢᠨ ᠤ ᠲᠥᠷᠥᠭᠳᠡᠯ ᠢ ᠨᠡᠩ ᠪᠠᠲᠤᠯᠠᠭ᠎ᠠ ᠲᠠᠢ ᠪᠣᠯᠭᠠᠬᠤ ᠪᠠᠷ | ᠴᠢᠷᠮᠠᠶᠢᠨ᠎ᠠ᠃ | | | | | | |