ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2023/2/4
                —— 2023 ᠣᠨ ᠤ 1 ᠰᠠᠷ᠎ᠠ ᠶᠢᠨ 17᠎ ᠤ ᠡᠳᠦᠷ ᠰᠢᠭᠤᠶᠢᠲᠤ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ                 ᠰᠢᠭᠤᠶᠢᠲᠤ ᠲᠣᠭᠤᠷᠢᠭ ᠤᠨ ᠠᠷᠠᠳ ᠶᠢᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠬᠤᠸᠠᠩ ᠮᠢᠨ ᠲᠥᠯᠥᠭᠡᠯᠡᠭᠴᠢᠳ ᠠ᠋᠄         ᠣᠳᠣ ᠪᠢ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠭᠢᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠣᠨ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃         ᠨᠢᠭᠡ᠂ ᠥᠩᠭᠡᠷᠡᠭᠰᠡᠨ ᠨᠢᠭᠡ ᠵᠢᠯ ᠤᠨ ᠠᠵᠢᠯ ᠤᠨ ᠡᠷᠭᠢᠴᠡᠭᠦᠯᠦᠯ         2022 ᠣᠨ ᠪᠣᠯ ᠰᠢᠭᠤᠶᠢᠲᠤ ᠲᠣᠭᠤᠷᠢᠭ ᠢ ᠬᠥᠭᠵᠢᠭᠦᠯᠬᠦ ᠶᠠᠪᠤᠴᠠ ᠳᠤ ᠮᠠᠷᠲᠠᠭᠳᠠᠰᠢ ᠦᠭᠡᠢ᠂ ᠥᠷᠢᠰᠦᠯᠳᠦᠭᠡᠨ ᠶᠡᠬᠡᠲᠡᠢ ᠨᠢᠭᠡ ᠵᠢᠯ ᠪᠣᠯᠣᠨ᠎ᠠ᠃ ᠡᠨᠡ ᠨᠢᠭᠡ ᠵᠢᠯ ᠳᠤ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠤᠨ᠂ ᠨᠠᠮ ᠤᠨ ᠵᠠᠭᠤᠨ ᠵᠢᠯ ᠤᠨ ᠲᠡᠮᠡᠴᠡᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠰᠤᠷᠤᠯᠴᠠᠨ ᠬᠡᠷᠡᠭᠯᠡᠵᠦ᠂ ᠲᠡᠭᠦᠰ ᠵᠣᠷᠢᠭ ᠲᠡᠭᠦᠯᠳᠡᠷ᠂ ᠡᠷᠡᠰ ᠰᠢᠭᠤᠷᠬᠠᠢ ᠪᠠᠷ ᠡᠷᠡᠯᠬᠡᠭᠯᠡᠨ ᠤᠷᠤᠭᠰᠢᠯᠠᠵᠤ᠂ ᠪᠦᠭᠦ ᠤᠯᠤᠰ ᠤᠨ ᠠᠷᠠᠳ ᠲᠦᠮᠡᠨ ᠲᠠᠢ ᠬᠠᠮᠲᠤ ᠪᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠤ ᠵᠠᠮ ᠳᠠᠭᠠᠨ ᠣᠷᠣᠭᠰᠠᠨ ᠪᠠᠶᠢᠨ᠎ᠠ᠃ ᠡᠨᠡ ᠵᠢᠯ᠂ ᠪᠢᠳᠡ ᠵᠠᠩᠭᠤᠤ ᠪᠠᠨ ᠲᠣᠭᠲᠠᠭᠠᠵᠤ᠂ ᠰᠢᠳᠦ ᠪᠠᠨ ᠵᠠᠭᠤᠰᠢᠨ ᠤ ᠪᠣᠭᠤᠮᠲᠠ ᠶᠢ ᠴᠢᠩᠭ᠎ᠠ ᠰᠠᠬᠢᠵᠤ᠂ ᠬᠦᠴᠢᠷ ᠢ ᠳᠠᠪᠠᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠪᠦᠭᠦ ᠤᠯᠤᠰ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠡᠬᠢ ᠰᠤᠷᠪᠤᠯᠵᠢ ᠶᠢᠨ ᠬᠡᠯᠬᠢᠶᠡᠵᠢᠯ ᠤᠨ ᠭᠤᠣᠯ ᠠᠵᠤ ᠠᠬᠤᠶᠢᠯᠠᠯ ᠮᠢᠩ ᠶᠠᠩ ᠪᠦᠯᠦᠭᠯᠡᠯ ᠢ ᠣᠷᠣᠭᠤᠯᠤᠨ ᠠᠪᠴᠢᠷᠠᠵᠤ ᠰᠠᠭᠤᠷᠢᠰᠢᠭᠤᠯᠤᠨ᠂ ᠰᠠᠯᠬᠢᠨ ᠴᠠᠭᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠪᠦᠭᠦ ᠠᠵᠤ ᠦᠢᠯᠡᠰ ᠤᠨ ᠬᠡᠯᠬᠢᠶᠡᠵᠢᠯ ᠤᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠵᠤ᠂ ᠱᠢ ᠮᠧᠦ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠢᠲᠡᠭᠡᠯ ᠪᠠ ᠵᠣᠷᠢᠭ ᠢᠶᠠᠨ ᠪᠦᠭᠦ ᠬᠤᠲᠠ ᠳᠤ ᠬᠠᠷᠠᠭᠤᠯᠪᠠ᠃ ᠡᠨᠡ ᠨᠢᠭᠡ ᠵᠢᠯ ᠳᠤ᠂ ᠪᠢᠳᠡ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠬᠢᠵᠢᠭ ᠤᠨ ᠪᠠᠶᠢᠳᠠᠯ ᠤᠨ ᠰᠢᠯᠭᠠᠯᠲᠠ ᠶᠢ ᠥᠩᠭᠡᠷᠡᠭᠡᠵᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠨᠢᠭᠡᠳᠦᠯᠲᠡᠢ ᠲᠣᠬᠢᠷᠠᠭᠤᠯᠤᠯᠲᠠ᠂ ᠲᠡᠭᠰᠢ ᠵᠢᠯᠣᠭᠤᠳᠤᠯᠭ᠎ᠠ ᠳᠣᠣᠷ᠎ᠠ᠂ ᠪᠦᠭᠦ ᠣᠷᠣᠨ ᠤ ᠥᠷᠭᠡᠨ ᠣᠯᠠᠨ ᠨᠠᠮ ᠤᠨ ᠭᠡᠰᠢᠭᠦᠨ ᠺᠠᠲᠷ ᠣᠯᠠᠨ ᠲᠦᠮᠡᠨ ᠰᠡᠳᠬᠢᠯ ᠨᠢᠭᠡᠳᠦᠨ᠂ ᠲᠦᠮᠡᠨ ᠣᠯᠠᠨ ᠢᠶᠠᠷ ᠢᠶᠠᠨ ᠰᠡᠳᠬᠢᠯ ᠨᠢᠭᠡᠳᠦᠨ᠂ ᠪᠦᠭᠦᠳᠡᠭᠡᠷ ᠢᠶᠠᠨ ᠪᠦᠯᠬᠦᠮᠳᠡᠨ ᠲᠡᠮᠡᠴᠡᠵᠦ᠂ ᠨᠢᠭᠡ ᠰᠡᠳᠬᠢᠯ ᠢᠶᠠᠷ ᠬᠢᠵᠢᠭ ᠢ ᠡᠰᠡᠷᠭᠦᠴᠡᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠭᠠᠳᠠᠭᠠᠳᠤ ᠰᠡᠷᠭᠡᠶᠢᠯᠡᠯᠲᠡ ᠪᠠᠷ ᠣᠷᠣᠭᠤᠯᠬᠤ ᠶᠢ ᠪᠠᠲᠤ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠬᠢᠵᠢᠭ ᠢ ᠰᠡᠷᠭᠡᠶᠢᠯᠡᠨ ᠬᠤᠷᠢᠭᠯᠠᠵᠤ ᠬᠤᠷᠢᠭᠯᠠᠨ ᠴᠣᠬᠢᠬᠤ ᠲᠡᠶᠢᠨ ᠪᠠ ᠤᠰᠠᠳᠬᠠᠬᠤ ᠲᠡᠶᠢᠨ ᠳᠤ ᠢᠯᠠᠯᠲᠠ ᠣᠯᠣᠭᠰᠠᠨ ᠪᠠᠶᠢᠨ᠎ᠠ᠃ ᠡᠨᠡ ᠨᠢᠭᠡ ᠵᠢᠯ ᠳᠤ᠂ ᠪᠢᠳᠡ ᠵᠠᠭᠤᠨ ᠵᠢᠯ ᠳᠤ ᠨᠢᠭᠡ ᠲᠣᠬᠢᠶᠠᠯᠳᠤᠬᠤ ︽8.13︾ ᠦᠶᠡᠷ ᠤᠨ ᠭᠠᠮᠰᠢᠭ ᠲᠤ ᠤᠴᠠᠷᠠᠵᠤ ᠂ ᠦᠶᠡᠷ ᠤᠨ ᠭᠠᠮᠰᠢᠭ ᠤᠨ ᠪᠠᠶᠢᠳᠠᠯ ᠳᠤ ᠬᠠᠨᠳᠤᠵᠤ᠂ ᠪᠦᠭᠦ ᠣᠷᠣᠨ ᠳᠠᠶᠠᠭᠠᠷ ᠦᠶᠡᠷ ᠤᠨ ᠪᠠᠶᠢᠳᠠᠯ ᠢ ᠮᠡᠳᠡᠭᠡᠯᠡᠨ᠂ ᠵᠣᠷᠢᠭᠲᠠᠢ ᠪᠠᠷ ᠰᠥᠷᠴᠦ᠂ ︽ᠬᠠᠰᠤᠬᠤ᠂ ᠪᠢᠲᠡᠭᠦᠮᠵᠢᠯᠡᠬᠦ᠂ ᠵᠣᠭᠰᠤᠭᠠᠬᠤ᠂ ᠲᠠᠷᠬᠠᠭᠠᠬᠤ︾ ᠠᠷᠭ᠎ᠠ ᠬᠡᠮᠵᠢᠶ᠎ᠡ ᠶᠢ ᠦᠳᠲᠡᠷ ᠲᠦᠷᠭᠡᠨ ᠠᠪᠴᠤ᠂ ᠠᠪᠤᠷᠠᠨ ᠲᠤᠰᠠᠯᠠᠬᠤ ᠪᠡᠯᠡ ᠮᠥᠩᠭᠦ ᠪᠠ ᠭᠠᠮᠰᠢᠭ ᠠᠴᠠ ᠠᠪᠤᠷᠠᠬᠤ ᠡᠳ᠋ ᠪᠣᠳᠠᠰ ᠢ ᠴᠠᠭ ᠲᠤᠬᠠᠢ ᠳᠤᠨᠢ ᠳᠣᠷᠣᠭᠰᠢ ᠪᠠᠭᠤᠯᠭᠠᠨ ᠥᠭᠴᠦ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠦᠭᠦ ᠬᠦᠴᠦᠨ ᠢᠶᠠᠷ ᠢᠶᠠᠨ ᠪᠠᠲᠤᠯᠠᠵᠤ᠂ ᠭᠠᠮᠰᠢᠭ ᠤᠨ ᠳᠠᠷᠠᠭ᠎ᠠ ᠰᠡᠷᠭᠦᠭᠡᠨ ᠳᠠᠭᠢᠨ ᠪᠠᠶᠢᠭᠤᠯᠬᠤ ᠪᠦᠭᠦ ᠲᠠᠯ᠎ᠠ ᠪᠠᠷ ᠥᠷᠨᠢᠭᠦᠯᠪᠡ᠃         ᠨᠢᠭᠡ ᠵᠢᠯ ᠤᠨ ᠲᠤᠷᠰᠢ᠂ ᠲᠣᠮᠣ ᠶᠠᠪᠤᠳᠠᠯ ᠴᠢᠬᠤᠯᠠ ᠶᠠᠪᠤᠳᠠᠯ ᠬᠦᠴᠢᠷ ᠶᠠᠪᠤᠳᠠᠯ ᠳᠠᠪᠬᠤᠴᠠᠭᠰᠠᠨ ᠬᠦᠨᠳᠦ ᠨᠦᠰᠡᠷ ᠡᠭᠦᠷᠭᠡ ᠶᠢᠨ ᠡᠮᠦᠨ᠎ᠡ᠂ ᠰᠢᠨ᠎ᠡ ᠪᠠᠶᠢᠳᠠᠯ ᠰᠢᠨ᠎ᠡ ᠥᠷᠢᠰᠦᠯᠳᠦᠭᠡᠨ ᠰᠣᠯᠪᠢᠴᠠᠭᠰᠠᠨ ᠪᠤᠳᠤᠯᠢᠶᠠᠨᠲᠠᠢ ᠪᠠᠶᠢᠳᠠᠯ ᠤᠨ ᠡᠮᠦᠨ᠎ᠡ᠂ ᠣᠷᠣᠨ ᠤ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠡᠷᠲᠡᠭᠡᠨ ᠵᠠᠰᠠᠬᠤ ᠣᠷᠣᠨ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ᠪᠤᠭᠤᠲᠤ ᠶᠢᠨ ︽ᠨᠢᠭᠡ ᠰᠢᠨ᠎ᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠭᠦᠨᠵᠡᠭᠡᠢ ᠲᠤᠤᠱᠯᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠬᠥᠭᠵᠢᠭᠦᠯᠦᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ︽ᠲᠠᠪᠤᠨ ᠶᠡᠭᠡ ᠡᠭᠢᠯᠡᠯᠲᠡ︾ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ︽ᠵᠢᠷᠭᠤᠭᠠᠨ ᠲᠣᠭᠲᠠᠭᠤᠨ︾ ︽ᠵᠢᠷᠭᠤᠭᠠᠨ ᠪᠠᠲᠤᠯᠠᠭᠠᠲᠤ︾ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠦᠭᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 9.6 %᠎ ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠨᠢ ᠠᠳᠠᠯᠢ ᠬᠤᠭᠤᠴᠠᠭᠠᠨ ᠤ ᠬᠢ ᠠᠴᠠ 13.6 %᠎ ᠪᠠᠷ ᠨᠡᠮᠡᠭᠳᠡᠵᠦ᠂ ᠵᠢᠯ ᠤᠨ ᠬᠠᠷᠠᠯᠲᠠ ᠶᠢᠨ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ ᠪᠣᠯᠣᠨ᠎ᠠ︔ ᠪᠦᠭᠦ ᠵᠢᠯ ᠳᠤ ᠳᠡᠭᠡᠳᠦ ᠱᠠᠲᠤᠨ ᠤ ᠪᠡᠯᠡ ᠮᠥᠩᠭᠦ ᠶᠢ 9.4 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠠᠳᠠᠯᠢ ᠬᠤᠭᠤᠴᠠᠭᠠᠨ ᠤ ᠎ ᠬᠢ ᠠᠴᠠ 56 %᠎ ᠪᠠᠷ ᠨᠡᠮᠡᠭᠳᠡᠨ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ ; 1596 ᠲᠦᠮᠡᠨ ᠲᠥᠭᠦᠷᠢᠭ ᠤᠨ ᠪᠡᠯᠡ ᠮᠥᠩᠭᠦ ᠶᠢ ᠠᠮᠢᠳᠤᠯᠢᠭ ᠪᠣᠯᠭᠠᠨ ᠬᠡᠷᠡᠭᠯᠡᠵᠦ᠂ 26 ᠾᠧᠺᠲ᠋ᠠᠷ ᠭᠠᠵᠠᠷ ᠰᠢᠷᠣᠢ ᠶᠢ ᠰᠢᠩᠭᠡᠭᠡᠵᠦ ᠰᠢᠢᠳᠪᠦᠷᠢᠯᠡᠭᠰᠡᠨ ᠤ ᠬᠠᠮᠲᠤ ᠰᠤᠯᠠ ᠲᠠᠯᠪᠢᠵᠤ 20 ᠲᠥᠷᠥᠯ ᠵᠦᠢᠯ ᠢ ᠬᠢᠨᠠᠨ ᠵᠥᠪᠰᠢᠶᠡᠷᠡᠭᠦᠯᠵᠡᠢ︔ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 11 ᠰᠢᠨ᠎ᠡ ᠪᠠᠷ ᠠᠵᠢᠯ ᠡᠬᠢᠯᠡᠭᠦᠯᠵᠦ᠂ ᠰᠢᠨ᠎ᠡ ᠪᠠᠷ ᠨᠡᠮᠡᠭᠳᠡᠭᠰᠡᠨ ᠲᠣᠬᠲᠠᠭᠠᠮᠵᠢ ᠶᠢᠨ ᠳᠡᠭᠡᠳᠦ ᠬᠢᠵᠠᠭᠠᠷ ᠠᠵᠤ ᠠᠬᠤᠶᠢᠯᠠᠯ 10 ᠡᠷᠦᠭᠡ ᠪᠣᠯᠪᠠ᠃ ᠪᠦᠭᠦ ᠣᠷᠣᠨ ᠤ ᠠᠵᠤ ᠠᠬᠤᠢ ᠶᠢᠨ ᠠᠵᠢᠯᠯᠠᠭᠠᠨ ᠤ ︽ᠲᠣᠭᠲᠠᠭᠤᠨ︾᠎ ᠤ ᠰᠠᠭᠤᠷᠢ ᠪᠠᠬᠢᠵᠢᠵᠦ᠂ ︽ᠰᠠᠶᠢᠨ︾ ᠪᠠᠶᠢᠬᠤ ᠪᠠᠶᠢᠳᠠᠯ ᠴᠢᠩᠭᠠᠷᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠪᠡ᠃         ᠨᠢᠭᠡ ᠳᠤ᠂ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠰᠠᠶᠢᠨ ᠪᠠᠶᠢᠨ᠎ᠠ᠃ ᠪᠦᠭᠦ ᠵᠢᠯ ᠳᠤ 33 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ 28.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠵᠢᠱᠢᠯᠲᠡ ᠪᠠᠷ ᠠᠳᠠᠯᠢ ᠬᠤᠭᠤᠴᠠᠭᠠᠨ ᠤ ᠬᠢ ᠠᠴᠠ 38 %᠎ ᠪᠠᠷ ᠨᠡᠮᠡᠭᠳᠡᠵᠦ᠂ ᠪᠦᠭᠦ ᠣᠷᠣᠨ ᠤ ᠠᠵᠤ ᠦᠢᠯᠡᠳᠪᠦᠷᠢ ᠶᠢᠨ ᠶᠡᠷᠦᠩᠬᠡᠢ ᠦᠢᠯᠡᠳᠬᠦᠨ ᠤ ᠥᠷᠲᠡᠭ 217.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.7 %᠎ ᠪᠠᠷ ᠨᠡᠮᠡᠭᠳᠡᠵᠦ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠵᠢᠱᠢᠯᠲᠡ ᠪᠠᠷ ᠠᠳᠠᠯᠢ ᠬᠤᠭᠤᠴᠠᠭᠠᠨ ᠤ ᠎ ᠬᠢ ᠠᠴᠠ 35.9 %᠎ ᠪᠠᠷ ᠨᠡᠮᠡᠭᠳᠡᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ 2.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠮᠢᠩ ᠶᠠᠩ ᠤᠨ 5 ︱ 10MW ᠰᠢᠨ᠎ᠡ ᠡᠨᠧᠷᠭᠢ ᠶᠢᠨ ᠭᠡᠳᠦ ᠲᠣᠮᠣ ᠭᠡᠯᠪᠡᠷᠢ ᠶᠢᠨ ᠬᠠᠭᠤᠷᠠᠢ ᠳᠡᠭᠡᠷᠡᠬᠢ ᠰᠠᠯᠬᠢᠨ ᠬᠦᠴᠦᠨ ᠤ ᠮᠠᠰᠢᠨ ᠪᠠ ᠵᠠᠩᠭᠢᠯᠠᠭ᠎ᠠ ᠶᠢᠨ ᠭᠤᠣᠯᠯᠠᠬᠤ ᠤᠭᠰᠠᠷᠠᠭ᠎ᠠ ᠲᠣᠨᠤᠭ ᠤᠨ ᠳᠡᠭᠡᠳᠦ ᠳᠡᠰ ᠤᠨ ᠣᠶᠤᠨᠲᠤ ᠦᠢᠯᠡᠳᠬᠦ ᠲᠥᠷᠥᠯ ᠵᠦᠢᠯ ᠨᠢ ᠲᠤᠰ ᠵᠢᠯ ᠳᠡᠭᠡᠨ ᠪᠠᠷᠢᠯᠭ᠎ᠠ ᠡᠬᠢᠯᠡᠭᠦᠯᠬᠦ᠂ ᠲᠤᠰ ᠵᠢᠯ ᠳᠡᠭᠡᠨ ᠪᠦᠲᠦᠭᠡᠨ ᠪᠠᠶᠢᠭᠤᠯᠬᠤ᠂ ᠲᠤᠰ ᠵᠢᠯ ᠳᠡᠭᠡᠨ ᠠᠰᠢᠭᠯᠠᠯᠲᠠ ᠳᠤ ᠣᠷᠣᠬᠤ ᠶᠢ ᠪᠡᠶᠡᠯᠡᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠪᠠᠨ ᠲᠦᠷᠭᠡᠳᠬᠡᠭᠰᠡᠨ ᠪᠠᠶᠢᠨ᠎ᠠ᠃ ᠶᠠ ᠰᠢᠨ 50MWᠶᠢᠨ ᠨᠡᠭᠦᠷᠡᠰᠦᠨ ᠬᠡᠢ ᠪᠠᠷ ᠴᠠᠭᠢᠯᠭᠠᠨ ᠭᠠᠷᠭᠠᠬᠤ ᠡᠨᠧᠷᠭᠢ ᠠᠷᠪᠢᠯᠠᠬᠤ ᠶᠡᠷᠦᠩᠬᠡᠶᠢᠯᠡᠭᠰᠡᠨ ᠠᠰᠢᠭᠯᠠᠯᠲᠠ᠂ ᠺᠦᠨ ᠳ᠋ᠡ ᠰᠢᠨ ᠥᠨᠳᠥᠷ ᠴᠢᠨᠰᠠᠭᠠᠲᠤ ᠴᠠᠬᠢᠭᠤᠷ ᠲᠡᠮᠦᠷ ᠤᠨ ᠬᠠᠶᠢᠯᠤᠰᠢ ᠵᠡᠷᠭᠡ ᠲᠥᠷᠥᠯ ᠵᠦᠢᠯ ᠢ ᠱᠠᠯᠠᠪᠳᠠᠨ ᠠᠬᠢᠭᠤᠯᠵᠤ᠂ 2800 ᠲᠦᠮᠡᠨ ᠲᠥᠭᠦᠷᠢᠭ ᠤᠨ ᠪᠡᠯᠡ ᠣᠷᠣᠭᠤᠯᠵᠤ ᠬᠡᠷᠡᠭᠵᠢᠭᠦᠯᠦᠭᠰᠡᠨ ᠬᠤᠸᠠ ᠰᠢ ᠲᠠᠷᠢᠶᠠᠯᠠᠩ ᠤᠨ ᠣᠳᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠳᠤ ᠴᠢᠬᠢ ᠮᠣᠳᠣ ᠪᠣᠶᠢᠵᠢᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠵᠢᠯ ᠤᠨ ᠦᠢᠯᠡᠳᠬᠦᠨ ᠤ ᠥᠷᠲᠡᠭ ᠨᠢ 2000 ᠲᠦᠮᠡᠨ ᠲᠥᠭᠦᠷᠢᠭ ᠲᠤ ᠬᠦᠷᠴᠦ᠂ 100 ᠭᠠᠷᠤᠢ ᠬᠥᠮᠥᠨ ᠳᠤ ᠠᠵᠢᠯ ᠣᠯᠭᠤᠬᠤ ᠶᠢ ᠳᠠᠶᠢᠴᠢᠯᠠᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠦᠵᠡᠭᠳᠡᠮᠡᠯ᠂ ᠠᠮᠤᠷ ᠲᠦᠪᠰᠢᠨ᠂ ᠤᠶᠤᠨᠵᠢᠯᠳᠠ ᠶᠢᠨ ᠪᠦᠭᠦᠨ ᠢ ᠬᠠᠮᠤᠷᠬᠤ ᠶᠢ ᠪᠡᠶᠡᠯᠡᠭᠦᠯᠵᠦ᠂ ᠣᠶᠤᠨᠲᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠬᠢᠷᠳᠤᠯ ᠦᠭᠡᠢ ᠬᠦᠷᠢᠶᠡᠯᠡᠩ ᠲᠣᠭᠤᠷᠢᠭ ᠢᠶᠠᠷ ᠦᠨᠡᠯᠡᠭᠳᠡᠪᠡ᠃ ᠮᠢᠩ ᠶᠠᠩ ᠪᠦᠯᠦᠭᠯᠡᠯ ᠨᠢ ᠪᠤᠭᠠᠲ ᠤᠨ ᠰᠢᠨ᠎ᠡ ᠶᠢ ᠪᠦᠲᠦᠭᠡᠭᠰᠡᠨ ᠬᠥᠭᠵᠢᠯ ᠤᠨ ᠠᠩᠬᠠᠨ ᠤ ᠱᠠᠩᠨᠠᠯ ᠢ ᠭᠦᠷᠢᠲᠦᠪᠡ᠃ ᠶᠠ ᠰᠢᠨ ᠯᠦᠩ ᠱᠦᠨ ᠦᠢᠯᠡᠳᠬᠦᠨ ᠤ ᠥᠷᠲᠡᠭ ᠨᠢ ᠵᠠᠭᠤᠨ ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠰᠢᠪᠲᠤᠯᠵᠤ᠂ ᠤᠷᠲᠤᠷᠢᠭ ᠥᠷᠭᠡᠷᠢᠭ ᠲᠠᠢ ᠬᠠᠮᠲᠤᠪᠠᠷ ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠠᠭᠤᠨ ᠬᠦᠴᠦᠷᠬᠡᠭ ᠲᠤ ᠰᠣᠩᠭᠤᠭᠳᠠᠪᠠ᠃         ᠬᠤᠶᠠᠷ ᠲᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ︽ᠨᠢᠭᠡ ᠦᠢᠯᠡᠰ ᠨᠢᠭᠡ ᠲᠥᠷᠥ ᠶᠢᠨ ᠪᠣᠳᠣᠯᠭ᠎ᠠ︾᠎ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢᠨ ᠲᠣᠭᠤᠷᠢᠨ ᠳᠤ᠂ ᠴᠢᠨᠠᠷ ᠰᠠᠶᠢᠲᠠᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠪᠦᠭᠦ ᠲᠠᠯ᠎ᠠ ᠪᠠᠷ ᠥᠷᠨᠢᠭᠦᠯᠵᠦ᠂ ᠲᠤᠬᠠᠢ ᠶᠢᠨ ᠲᠠᠯᠠᠪᠠᠢ ᠳᠤ ᠬᠤᠳᠠᠯᠳᠤᠭᠠᠴᠢᠨ ᠤᠷᠢᠬᠤ᠂ ᠡᠭᠦᠯᠡᠨ ᠳᠡᠭᠡᠷ᠎ᠡ ᠬᠤᠳᠠᠯᠳᠤᠭᠠᠴᠢᠨ ᠤᠷᠢᠬᠤ᠂ ᠠᠵᠢᠯ ᠲᠥᠷᠥᠯ ᠤᠨ ᠬᠤᠳᠠᠯᠳᠤᠭᠠᠴᠢᠨ ᠤᠷᠢᠬᠤ ᠵᠡᠷᠭᠡ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠢᠷᠢᠰ ᠠᠵᠢᠯᠯᠠᠭ᠎ᠠ ᠶᠢ ᠠᠮᠵᠢᠯᠲᠠ ᠲᠠᠢ ᠵᠣᠬᠢᠶᠠᠨ ᠪᠠᠶᠢᠭᠤᠯᠤᠭᠰᠠᠨ ᠪᠥᠭᠡᠳ ᠣᠷᠣᠯᠴᠠᠵᠤ᠂ ᠪᠦᠭᠦ ᠵᠢᠯ ᠳᠤ 588 ᠠᠵᠤ ᠠᠬᠤᠶᠢᠯᠠᠯ ᠲᠠᠢ ᠬᠠᠷᠢᠯᠴᠠᠵᠤ᠂ 64 ᠲᠥᠷᠥᠯ ᠵᠦᠢᠯ᠂ ᠵᠥᠪᠳᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ 471.45 ᠳ᠋ᠦᠩᠰᠢᠭᠤᠷ ᠲᠥᠭᠦᠷᠢᠭ᠂ ᠨᠠᠶᠢᠳᠠᠪᠤᠷᠢᠵᠢᠭᠤᠯᠤᠭᠰᠠᠨ ᠲᠥᠷᠥᠯ ᠵᠦᠢᠯ 49᠂ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠨᠠᠶᠢᠳᠠᠪᠤᠷᠢᠵᠢᠭᠤᠯᠬᠤ ᠨᠣᠷᠮ᠎ᠠ 76.9 %᠎ ᠳᠤ ᠬᠦᠷᠴᠦ᠂ ᠤᠯᠤᠰ ᠤᠨ ᠳᠣᠲᠣᠭᠠᠳᠤ ( ᠣᠷᠣᠨ ᠤ ᠭᠠᠳᠠᠨ᠎ᠠ )22.34ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠲᠡᠳᠡᠨ ᠣᠷᠣᠭᠤᠯᠵᠤ᠂ ᠡᠭᠦᠨ ᠳᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠭᠡᠯᠪᠡᠷᠢ ᠶᠢᠨ ᠠᠵᠤ ᠦᠢᠯᠡᠰ ᠤᠨ ᠲᠥᠷᠥᠯ ᠵᠦᠢᠯ 26 ᠪᠠᠶᠢᠵᠤ᠂ 21᠎ ᠶᠢ ᠨᠠᠶᠢᠳᠠᠪᠤᠷᠢᠵᠢᠭᠤᠯᠵᠤ᠂ ᠹᠦ᠋ ᠲᠠ ᠡᠷᠡᠭᠦᠯᠵᠢᠯ ᠢᠳᠡᠭᠡᠨ ᠤ ᠠᠵᠤ ᠦᠢᠯᠡᠰ ᠤᠨ ᠬᠦᠷᠢᠶᠡᠯᠡᠩ᠂ ᠬᠠᠮᠲᠤᠪᠠᠷ ᠡᠳ᠋ᠯᠡᠬᠦ ᠡᠨᠧᠷᠭᠢ ᠬᠠᠳᠠᠭᠠᠯᠠᠬᠤ᠂ ᠭᠡᠷᠡᠯ ᠸᠣᠯᠲ ᠥᠷᠢᠰᠦᠯᠳᠦᠨ ᠲᠣᠬᠢᠷᠠᠭᠤᠯᠬᠤ ᠵᠡᠷᠭᠡ ᠲᠥᠷᠥᠯ ᠵᠦᠢᠯ ᠢ ᠤᠷᠤᠭᠰᠢᠲᠠᠢ ᠬᠡᠷᠡᠭᠵᠢᠭᠦᠯᠵᠦ᠂ ᠰᠢᠨ᠎ᠡ ᠮᠠᠲ᠋ᠧᠷᠢᠶᠠᠯ᠂ ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ᠂ ᠲᠣᠭᠠᠴᠢᠯᠠᠭᠰᠠᠨ ᠠᠵᠤ ᠦᠢᠯᠡᠰ ᠤᠨ ᠲᠥᠷᠥᠯ ᠵᠦᠢᠯ ᠤᠨ ᠭᠡᠷ᠎ᠡ ᠲᠣᠭᠲᠠᠬᠤ ᠨᠢ ᠢᠯᠡᠳᠲᠡ ᠳᠡᠭᠡᠭᠰᠢᠯᠡᠪᠡ᠃         ᠭᠤᠷᠪᠠ ᠳᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠨᠡᠩ ᠲᠣᠪᠣᠶᠢᠮ᠎ᠠ ᠪᠣᠯᠵᠤ ᠪᠤᠢ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠭᠦ ᠣᠷᠣᠨ ᠤ 1400 ᠵᠦᠢᠯ ᠤᠨ ︽ᠣᠷᠣᠭᠤᠯᠬᠤ ᠶᠣᠰᠣᠲᠠᠢ ᠶᠢ ᠡᠷᠬᠡᠪᠰᠢ ᠣᠷᠣᠭᠤᠯᠬᠤ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠪᠦᠭᠦᠨ ᠢᠶᠠᠷ ᠢᠶᠠᠨ ᠲᠢᠩᠬᠢᠮ ᠳᠤ ᠣᠷᠣᠵᠤ ᠰᠠᠭᠤᠨ᠂ ᠣᠷᠣᠵᠤ ᠰᠠᠭᠤᠭᠰᠠᠨ ᠨᠣᠷᠮ᠎ᠠ ᠨᠢ 100 %᠎ ᠳᠤ ᠭᠦᠷᠪᠡ᠃ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾᠂ ︽ᠣᠷᠣᠯᠠᠨ ᠭᠦᠢᠴᠡᠳᠬᠡᠵᠦ ᠬᠠᠪᠰᠤᠷᠤᠨ ᠡᠷᠭᠢᠯᠡᠭᠦ︾᠂ ︽ᠨᠢᠭᠡ ᠴᠣᠩᠬᠤ ᠪᠠᠷ ᠶᠡᠷᠦᠩᠬᠡᠶᠢᠯᠡᠬᠦ︾ ᠵᠡᠷᠭᠡ ᠥᠭᠡᠷᠡᠴᠢᠯᠡᠯᠲᠡ ᠪᠠᠶᠠᠯᠢᠭ ᠦᠷ᠎ᠡ ᠪᠦᠲᠦᠮᠵᠢ ᠲᠠᠢ ᠪᠣᠯᠵᠤ᠂ 114 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠵᠦ᠂ 179 ᠡᠯ᠎ᠡ ᠲᠥᠷᠥᠯ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠦᠷᠢᠯᠳᠦᠭᠦᠯᠪᠡ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ︽ᠨᠢᠭᠡ ᠱᠤᠭᠤᠮ ᠢᠶᠠᠷ ᠨᠡᠪᠲᠡᠷᠡᠭᠦᠯᠬᠦ︾᠎ ᠶᠢ ᠠᠬᠢᠭᠤᠯᠵᠤ᠂ ᠰᠢᠯᠵᠢᠭᠦᠯᠦᠨ ᠭᠦᠢᠴᠡᠳᠬᠡᠬᠦ ᠡᠯ᠎ᠡ ᠲᠥᠷᠥᠯ ᠤᠨ ᠠᠵᠢᠯᠴᠢᠨ ᠤ ᠳᠠᠩᠰᠠ ᠶᠢ 2826᠎ ᠶᠢ ᠭᠦᠢᠴᠡᠳᠬᠡᠨ ᠳᠠᠭᠤᠰᠬᠠᠵᠤ᠂ ᠴᠤᠤᠷᠢᠶᠠᠲᠤᠨ ᠳᠠᠭᠠᠬᠤ ᠨᠣᠷᠮ᠎ᠠ᠂ ᠪᠤᠴᠠᠭᠠᠨ ᠰᠤᠷᠪᠤᠯᠵᠢᠯᠠᠬᠤ ᠳᠤ ᠬᠠᠨᠤᠮᠵᠢᠲᠠᠢ ᠪᠠᠶᠢᠬᠤ ᠨᠣᠷᠮ᠎ᠠ᠂ ᠰᠢᠢᠳᠪᠦᠷᠢᠯᠡᠬᠦ ᠨᠣᠷᠮ᠎ᠠ ᠶᠢ ᠲᠤᠰ ᠲᠤᠰ 100 %᠂ 92 % ᠪᠠ 90 %᠎ ᠳᠤ ᠬᠦᠷᠭᠡᠵᠦ᠂ ︽ᠴᠢᠯᠠᠭᠤᠨ ᠵᠢᠷᠦᠬᠡ ᠶᠢᠨ ᠦᠨᠡᠨᠴᠢ ᠰᠠᠨᠠᠭ᠎ᠠ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠷᠡᠲᠦ ᠲᠥᠷᠥᠯ ᠲᠡᠮᠳᠡᠭᠲᠦ ᠶᠢ ᠡᠳᠦᠷ ᠢᠷᠡᠬᠦᠶ᠎ᠡ ᠠᠯᠳᠠᠷᠰᠢᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠲᠡᠭᠦᠰ ᠠᠮᠵᠢᠯᠲᠠ ᠲᠠᠢ ᠲᠡᠭᠦᠰᠴᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠲᠠᠰᠤᠷᠠᠯᠲᠠ ᠦᠭᠡᠢ ᠭᠦᠨᠵᠡᠭᠡᠶᠢᠷᠡᠪᠡ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ 317᠎ ᠶᠢ ᠰᠢᠨ᠎ᠡ ᠪᠠᠷ ᠨᠡᠮᠡᠭᠳᠡᠭᠦᠯᠵᠦ᠂ ᠳᠠᠩᠰᠠᠯᠠᠭᠤᠯᠤᠭᠰᠠᠨ ᠪᠡᠯᠡ ᠮᠥᠩᠭᠦ 1.1 ᠳ᠋ᠦᠩᠰᠢᠭᠤᠷ ᠲᠥᠭᠦᠷᠢᠭ ᠲᠤ ᠭᠦᠷᠪᠡ᠃ ᠪᠦᠭᠦ ᠵᠢᠯ ᠳᠤ ᠨᠡᠶᠢᠲᠡ 2.4 ᠳ᠋ᠦᠩᠰᠢᠭᠤᠷ ᠲᠥᠭᠦᠷᠢᠭ ᠤᠨ ᠭᠠᠶᠢᠯᠢ ᠶᠢ ᠲᠤᠯᠭᠠᠨ ᠬᠠᠰᠤᠭᠳᠠᠭᠤᠯᠵᠤ᠂ 4204 ᠲᠦᠮᠡᠨ ᠲᠥᠭᠦᠷᠢᠭ ᠤᠨ ᠭᠠᠶᠢᠯᠢ ᠶᠢ ᠬᠠᠰᠤᠵᠤ ᠰᠦᠢᠳᠬᠡᠯ ᠢ ᠪᠠᠭᠤᠷᠠᠭᠤᠯᠤᠭᠠᠳ᠂ 1377 ᠡᠷᠦᠭᠡ ᠭᠠᠶᠢᠯᠢ ᠲᠤᠰᠢᠶᠠᠭᠴᠢ ᠳᠤ ᠠᠰᠢᠭ ᠬᠦᠷᠲᠡᠭᠡᠪᠡ᠃ ᠰᠢᠭᠤᠶᠢᠲᠤ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠦᠭᠦ ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠠᠶᠢᠴᠠᠭᠠᠯᠲᠠ ᠶᠢᠨ ᠴᠢᠭ ᠤᠨ ᠠᠵᠢᠯ ᠤᠨ ᠲᠡᠷᠢᠭᠦᠨ ᠤ ᠵᠢᠱᠢᠶ᠎ᠡ ᠦᠵᠡᠭᠦᠯᠭᠦ ᠨᠢᠭᠡᠴᠡ ᠪᠠᠷ ᠰᠢᠯᠭᠠᠷᠠᠭᠤᠯᠤᠭᠳᠠᠪᠠ᠃         ᠳᠥᠷᠪᠡ ᠳᠤ᠂ ᠬᠤᠲᠠ ᠬᠥᠳᠡᠭᠡ ᠶᠢᠨ ᠳᠦᠷᠢ ᠲᠥᠷᠬᠦ ᠨᠡᠩ ᠦᠵᠡᠰᠭᠦᠯᠡᠩ ᠰᠠᠶᠢᠬᠠᠨ ᠪᠣᠯᠪᠠ᠃ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠪᠠ ᠬᠠᠮᠢᠶᠠᠷᠤᠯᠲᠠ ᠶᠢ ᠨᠠᠷᠢᠯᠢᠭ ᠪᠤᠯᠭᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠪᠠᠳᠠᠷᠠᠬᠤ ᠵᠡᠭᠡᠯᠢ ᠬᠢᠭᠡᠳ S211 ᠮᠤᠬᠤᠷ ᠵᠠᠮ ᠢ ᠨᠠᠪᠲᠠᠷᠡᠭᠦᠯᠵᠦ᠂ ᠰᠢᠭᠤᠶᠢᠲᠤ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠢᠵᠢ ᠪᠦᠷᠢᠳᠦᠭᠰᠡᠨ ᠵᠠᠮ ᠲᠠᠲᠠᠪᠤᠷᠢᠯᠠᠨ ᠨᠤᠷᠠᠭᠠᠵᠤ᠂ ︽ᠦᠵᠡᠮᠵᠢ ᠶᠢᠨ ᠵᠢᠵᠢᠭ ︾ ︽ᠤᠭᠤᠲᠠᠨ ᠤ ᠴᠡᠴᠡᠷᠯᠢᠭ︾᠎ ᠢ ᠰᠢᠨ᠎ᠡ ᠪᠠᠷ ᠨᠡᠮᠡᠭᠳᠡᠭᠦᠯᠬᠦ ᠪᠠ ᠥᠭᠡᠷᠡᠴᠢᠯᠡᠨ ᠵᠠᠰᠠᠬᠤ ᠵᠡᠷᠭᠡ ᠦᠵᠡᠮᠵᠢ ᠶᠢᠨ ᠳᠡᠭᠡᠭᠰᠢᠯᠡᠭᠦᠯᠭᠦ ᠲᠥᠷᠥᠯ ᠵᠦᠢᠯ ᠢ 10 ᠶᠠᠪᠤᠭᠳᠠᠭᠤᠯᠵᠤ᠂ ᠨᠥᠬᠦᠵᠦ ᠲᠠᠷᠢᠵᠤ ᠨᠣᠭᠤᠭᠠᠷᠠᠭᠤᠯᠬᠤ ᠲᠠᠯᠠᠪᠠᠢ ᠶᠢ 5 ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠦᠨ᠎ᠡ᠃ 6527 ᠲᠦᠮᠡᠨ ᠲᠥᠭᠦᠷᠢᠭ ᠤᠨ ᠪᠡᠯᠡ ᠣᠷᠣᠭᠤᠯᠵᠤ ᠰᠢᠭᠤᠶᠢᠲᠤ ᠬᠠᠭᠤᠴᠢᠨ ᠲᠣᠭᠤᠷᠢᠭ ᠤᠨ ᠤᠰᠤ ᠬᠠᠩᠭᠠᠵᠤ ᠭᠠᠳᠠᠭᠰᠢᠯᠠᠭᠤᠯᠬᠤ ᠬᠤᠭᠤᠯᠠᠢ ᠲᠣᠣᠷ ᠵᠢᠴᠢ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠳᠡᠰ ᠲᠠᠪᠰᠢᠵᠤ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ 1930 ᠲᠦᠮᠡᠨ ᠲᠥᠭᠦᠷᠢᠭ ᠤᠨ ᠪᠡᠯᠡ ᠣᠷᠣᠭᠤᠯᠵᠤ ᠮᠠᠯᠵᠢᠬᠤ ᠲᠠᠷᠢᠶᠠᠯᠠᠬᠤ ᠣᠷᠣᠨ ᠤ ᠬᠥᠮᠥᠨ ᠤ ᠤᠤᠭᠤᠬᠤ ᠤᠰᠤᠨ ᠠᠰᠢᠭᠯᠠᠯᠲᠠ ᠶᠢᠨ ᠪᠠᠷᠢᠯᠭ᠎ᠠ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠶᠢ ᠥᠷᠨᠢᠭᠦᠯᠵᠦ᠂ 2600 ᠭᠠᠷᠤᠢ ᠮᠠᠯᠴᠢᠨ ᠲᠠᠷᠢᠶᠠᠴᠢᠨ ᠲᠦᠮᠡᠨ ᠤ ᠤᠤᠭᠤᠬᠤ ᠤᠰᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠪᠡ᠃ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠵᠠᠬ᠎ᠠ ᠳᠡᠯᠭᠡᠭᠦᠷᠴᠢᠯᠡᠬᠦ ᠪᠦᠭᠦ ᠪᠦᠷᠬᠦᠯᠲᠡ ᠶᠢ ᠪᠡᠶᠡᠯᠡᠭᠦᠯᠦᠨ᠎ᠡ᠃ ᠬᠤᠭ ᠨᠣᠪᠰᠢ ᠶᠢ ᠲᠥᠷᠥᠯ ᠬᠤᠪᠢᠶᠠᠨ ︽ᠰᠠᠭᠤᠯᠠᠭ᠎ᠠ ᠶᠢ ᠬᠠᠰᠤᠵᠤ ᠴᠢᠭ ᠢ ᠨᠡᠶᠢᠯᠡᠭᠦᠯᠬᠦ︾ ᠠᠵᠢᠯ ᠢ ᠤᠷᠤᠭᠰᠢᠲᠠᠢ ᠥᠷᠨᠢᠭᠦᠯᠵᠦ᠂ ᠬᠤᠲᠠ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠨᠣᠷᠮ᠎ᠠ ᠶᠢ 100 %᠎ ᠳᠤ ᠬᠦᠷᠭᠡᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠠᠬᠢᠭᠤᠯᠵᠤ᠂ ︽ᠥᠩᠭᠡ ᠠᠶᠠᠰ ᠲᠠᠢ ᠬᠥᠬᠡᠮᠳᠦᠭ ᠠᠭᠤᠯᠠ︾᠂ ︽ᠦᠨᠦᠷ ᠠᠮᠲᠠ ᠡᠷᠲᠡᠨ ᠤ ᠤᠭᠤᠷᠠᠭᠤᠤ︾ ᠭᠡᠬᠦ ᠳᠦᠷᠢ ᠲᠥᠷᠬᠦ ᠶᠢ ᠨᠠᠷᠢᠯᠢᠭ ᠪᠤᠢ ᠪᠤᠯᠭᠠᠵᠤ᠂ ᠪᠦᠭᠦ ᠣᠷᠣᠨ ᠤ 17 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠳᠤᠮᠳᠠᠴᠢ ᠪᠠᠷ 81 ᠲᠦᠮᠡᠨ ᠲᠥᠭᠦᠷᠢᠭ ᠢ ᠳᠠᠪᠠᠵᠤ᠂ ᠴᠢᠩ ᠱᠠᠨ ᠲᠣᠰᠬᠤᠨ 2022 ᠣᠨ ᠤ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠭᠦ ᠲᠣᠰᠬᠤᠨ ᠢᠶᠠᠷ ᠰᠣᠩᠭᠤᠭᠳᠠᠵᠠᠢ᠃         ᠲᠠᠪᠤ ᠳᠤ᠂ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠲᠦᠯᠬᠢᠨ ᠠᠬᠢᠭᠤᠯᠵᠤ᠂ ᠪᠦᠭᠦ ᠬᠤᠲᠠ ᠳᠤ ︽ᠰᠢᠭᠤᠶᠢᠲᠤ ᠲᠣᠭᠤᠷᠢᠭ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ (2021 - 2035 )︾᠎ ᠶᠢ ᠤᠷᠢᠳᠠᠪᠠᠷ ᠨᠠᠶᠢᠷᠠᠭᠤᠯᠤᠨ ᠵᠣᠬᠢᠶᠠᠵᠤ ᠳᠠᠭᠤᠰᠬᠠᠨ᠎ᠠ᠃ ᠭᠤᠷᠪᠠᠳᠤᠭᠠᠷ ᠤᠳᠠᠭᠠᠨ ᠤ ᠪᠦᠭᠦ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ᠶᠢ ᠴᠢᠨᠠᠷ ᠰᠠᠶᠢᠲᠠᠢ ᠪᠡᠶᠡᠯᠡᠭᠦᠯᠪᠡ᠃ ᠰᠢᠨ᠎ᠡ ᠨᠢᠭᠡᠨ ᠡᠭᠡᠯᠵᠢ ᠶᠢᠨ ᠨᠡᠭᠦᠷᠡᠰᠦᠲᠥ᠋ᠷᠥᠭᠴᠢ ᠬᠤᠷᠠᠮᠳᠠᠭᠤᠯᠬᠤ ᠣᠢ᠂ ᠤᠯᠤᠰ ᠤᠨ ᠭᠠᠵᠠᠷ ᠰᠢᠷᠣᠢ ᠶᠢ ᠨᠣᠭᠤᠭᠠᠷᠠᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠭᠦ ᠵᠡᠷᠭᠡ ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠨᠡᠶᠢᠲᠡ 6.35 ᠲᠦᠮᠡᠨ ᠮᠦ ᠮᠣᠳᠣ ᠲᠠᠷᠢᠵᠤ ᠣᠶᠢᠵᠢᠭᠤᠯᠤᠨ᠂ ᠪᠠᠳᠺᠠᠷ ᠵᠣᠣ ᠪᠠᠯᠭᠠᠰᠤ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ᠣᠢ ᠰᠢᠭᠤᠢ ᠶᠢᠨ ᠰᠢᠶᠠᠩ ᠪᠠᠯᠭᠠᠰᠤ ᠪᠠᠷ ᠦᠨᠡᠯᠡᠭᠳᠡᠵᠦ᠂ ᠠᠮᠢ ᠠᠬᠤᠢ ᠶᠢᠨ ᠬᠠᠯᠬᠠᠪᠴᠢ ᠶᠢ ᠥᠨᠳᠥᠷ ᠦᠷ᠎ᠡ ᠪᠦᠲᠦᠮᠵᠢᠲᠡᠢ ᠪᠠᠷ ᠪᠠᠶᠢᠭᠤᠯᠵᠠᠢ᠃ ᠨᠤᠲᠤᠭ ᠪᠡᠯᠴᠢᠭᠡᠷ ᠤᠨ ᠣᠢ ᠮᠣᠳᠣᠨ ᠤ ᠭᠠᠵᠠᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ 144 ᠠᠰᠠᠭᠤᠳᠠᠯ ᠢ ᠴᠡᠭᠴᠡᠯᠡᠨ ᠵᠠᠰᠠᠬᠤ ᠪᠠ ᠲᠡᠦᠬᠡᠨ ᠠᠴᠠ ᠦᠯᠡᠳᠡᠭᠳᠡᠵᠦ ᠢᠷᠡᠭᠰᠡᠨ 56 ᠠᠭᠤᠷᠬᠠᠢ ᠶᠢᠨ ᠵᠢᠷᠤᠭ ᠲᠣᠯᠪᠤ ᠶᠢ ᠵᠠᠰᠠᠬᠤ ᠶᠢ ᠪᠦᠭᠦᠨ ᠢ ᠪᠡᠶᠡᠯᠡᠭᠦᠯᠵᠦ᠂ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠪᠦᠲᠦᠮᠵᠢᠲᠡᠢ ᠰᠡᠷᠭᠦᠭᠡᠪᠡ᠃ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠡᠭᠦᠷᠭᠡ ᠶᠢ ᠨᠡᠶᠢᠲᠡ 9 ᠵᠦᠢᠯ ᠬᠡᠷᠡᠭᠵᠢᠭᠦᠯᠵᠦ᠂ ᠪᠦᠭᠦ ᠵᠢᠯ ᠤᠨ ᠠᠭᠠᠷ ᠤᠨ ᠴᠢᠨᠠᠷ ᠴᠢᠨᠰᠠᠭ᠎ᠠ ᠶᠢᠨ ᠰᠢᠯᠢᠳᠡᠭ ᠰᠠᠶᠢᠨ ᠨᠣᠷᠮ᠎ᠠ ᠨᠢ 89.3 %᠎ ᠳᠤ ᠬᠦᠷᠴᠡᠢ᠃ ᠬᠤᠴᠤᠷᠤᠩᠭᠤᠢ ᠦᠢᠯᠡᠳᠪᠦᠷᠢᠯᠡᠬᠦ ᠴᠢᠳᠠᠪᠤᠷᠢ ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠢ 16 ᠡᠷᠦᠭᠡ ᠵᠠᠭᠠᠵᠠᠯᠠᠵᠤ᠂ ︽ᠬᠤᠣᠰ ᠨᠡᠭᠦᠷᠡᠰᠦᠲᠥ᠋ᠷᠥᠭᠴᠢᠲᠦ︾ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠪᠡ᠃         ᠵᠢᠷᠭᠤᠭ᠎ᠠ ᠳᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠨᠡᠩ ᠪᠠᠶᠠᠨ ᠴᠢᠨᠡᠭᠡᠯᠢᠭ ᠪᠣᠯᠪᠠ᠃ ᠪᠦᠬᠦ ᠵᠢᠯ ᠤᠨ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠳᠤ 7.6 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 76%᠎ ᠶᠢ ᠡᠵᠡᠯᠡᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠢᠱᠢᠯᠲᠡ ᠪᠠᠷ ᠲᠣᠰ ᠲᠣᠰ 50640 ᠲᠥᠭᠦᠷᠢᠭ ᠪᠠ 22770 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6% ᠪᠠ 9% ᠨᠡᠮᠡᠭᠳᠡᠪᠡ᠃ ᠠᠷᠠᠳ ᠤᠨ ᠠᠮᠢᠳᠤᠷᠠᠯ ᠤᠨ ᠨᠥᠬᠦᠪᠦᠷᠢ ᠮᠥᠩᠭᠦ ᠶᠢ 2503 ᠲᠦᠮᠡᠨ ᠲᠥᠭᠦᠷᠢᠭ ᠲᠠᠷᠬᠠᠭᠠᠵᠤ᠂ ᠰᠡᠳᠬᠢᠯ ᠢ ᠳᠤᠯᠠᠭᠠᠴᠠᠭᠤᠯᠬᠤ ᠨᠡᠭᠦᠷᠡᠰᠦ᠂ ᠤᠰᠤ ᠬᠠᠩᠭᠠᠬᠤ ᠶᠢ ᠪᠠᠲᠤᠯᠠᠬᠤ ᠨᠡᠭᠦᠷᠡᠰᠦ ᠶᠢ 1.4 ᠲᠦᠮᠡᠨ ᠲᠣᠨ ᠲᠠᠷᠬᠠᠭᠠᠵᠤ᠂ ᠪᠥᠬᠦ ᠬᠤᠲᠠ ᠳᠤ ᠵᠢᠷᠭᠤᠭᠠᠨ ᠲᠥᠷᠥᠯ ᠤᠨ ᠬᠥᠮᠥᠰ ᠤᠨ ᠰᠦᠢᠳᠬᠡᠯ ᠬᠤᠷᠢᠶᠠᠬᠤ ᠦᠭᠡᠢ ᠪᠠᠷ ︽ᠪᠤᠭᠤᠲᠤ ᠬᠤᠲᠠ ᠶᠢᠨ ᠳᠠᠭᠠᠳᠬᠠᠯ︾᠎ ᠢ ᠪᠦᠬᠦᠨ ᠢ ᠬᠠᠮᠤᠷᠬᠤ ᠶᠢ ᠡᠩ ᠲᠡᠷᠢᠭᠦᠨ ᠳᠤ ᠪᠡᠶᠡᠯᠡᠭᠦᠯᠪᠡ᠃ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠪᠠ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠵᠤ ᠯᠠᠪᠳᠠᠭᠤᠨ ᠪᠠᠲᠤᠲᠠᠢ ᠠᠬᠢᠭᠤᠯᠵᠤ᠂ ᠪᠥᠬᠦ ᠵᠢᠯ ᠳᠤ ᠬᠤᠲᠠ ᠪᠠᠯᠭᠠᠰᠤ ᠶᠢᠨ ᠠᠵᠢᠯ ᠣᠯᠭᠤᠯᠲᠠ ᠶᠢ 452 ᠬᠥᠮᠥᠨ ᠰᠢᠨ᠎ᠡ ᠪᠠᠷ ᠨᠡᠮᠡᠭᠳᠡᠭᠦᠯᠦᠨ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ 985 ᠲᠦᠮᠡᠨ ᠲᠥᠭᠦᠷᠢᠭ ᠲᠠᠯᠪᠢᠵᠤ᠂ ︽ᠠᠵᠢᠯ ᠣᠯᠣᠭᠰᠠᠨ ᠬᠥᠮᠥᠨ ᠦᠭᠡᠢ ᠭᠡᠷ ᠪᠦᠯᠢ︾ ᠪᠠ ᠬᠥᠯᠥᠰᠦᠨ ᠠᠵᠢᠯᠴᠢᠨ ᠤ ᠴᠠᠯᠢᠩ ᠥᠷᠢᠲᠦᠬᠦ ᠠᠰᠠᠭᠤᠳᠠᠯ ᠢ ᠬᠥᠳᠡᠯᠦᠩᠭᠦᠢ ᠪᠠᠷ ᠦᠭᠡᠶᠢᠰᠬᠡᠪᠡ᠃ ᠪᠦᠬᠦ ᠣᠷᠣᠨ ᠤ ᠠᠷᠠᠳ ᠲᠦᠮᠡᠨ ᠳᠤ ᠠᠮᠠᠯᠠᠭᠰᠠᠨ ᠠᠷᠠᠳ ᠤᠨ ᠠᠮᠢᠳᠤᠷᠠᠯ ᠤᠨ 10 ᠭᠤᠣᠯᠳᠠᠯᠭ᠎ᠠ ᠲᠠᠢ ᠪᠣᠳᠠᠲᠤ ᠶᠠᠪᠤᠳᠠᠯ ᠵᠢᠱᠢᠭᠰᠡᠨ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠤᠶᠠᠷ ᠤᠳᠠᠭ᠎ᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠵᠠᠷᠯᠠᠨ ᠰᠠᠶᠢᠰᠢᠶᠠᠪᠠ᠃ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠬᠡᠦᠬᠡᠳ ᠤᠨ ᠴᠡᠴᠡᠷᠯᠢᠭ᠂ ᠰᠣᠶᠣᠯ ᠵᠡᠷᠭᠡ ᠡᠯ᠎ᠡ ᠵᠦᠢᠯ ᠤᠨ ᠠᠵᠢᠯ ᠦᠢᠯᠡᠰ ᠪᠥᠬᠦ ᠲᠠᠯ᠎ᠠ ᠪᠠᠷ ᠬᠥᠭᠵᠢᠵᠦ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠰᠢᠭᠤᠶᠢᠲᠤ ᠰᠤᠷᠭᠠᠭᠤᠯᠢ ᠶᠢᠨ ᠲᠣᠭᠤᠷᠢᠭ ᠤᠨ ᠲᠥᠷᠥᠯ ᠵᠦᠢᠯ ᠲᠣᠭᠲᠠᠭᠠᠬᠤ ᠶᠢ ᠪᠡᠶᠡᠯᠡᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠥᠪᠡᠷᠲᠡᠭᠡᠨ ᠵᠠᠰᠠᠬᠤ ᠣᠷᠣᠨ ᠤ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠮᠠᠭᠠᠳᠯᠠᠨ ᠲᠣᠭᠲᠠᠭᠠᠵᠤ᠂ 656.5 ᠲᠦᠮᠡᠨ ᠲᠥᠭᠦᠷᠢᠭ ᠤᠨ ᠪᠡᠯᠡ ᠣᠷᠣᠭᠤᠯᠵᠤ ᠲᠥᠪ ᠤᠨ ᠨᠠᠰᠤᠲᠠᠨ ᠢ ᠠᠰᠠᠷᠠᠬᠤ ᠬᠦᠷᠢᠶᠡᠯᠡᠩ᠂ ᠳ᠋ᠠ ᠹᠠ ᠵᠡᠭᠡᠯᠢ ᠭᠤᠳᠤᠮᠵᠢ ᠶᠢᠨ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠥᠪ᠂ 3 ᠵᠣᠯ ᠵᠢᠷᠭᠠᠯᠲᠤ ᠲᠣᠮᠣ ᠬᠦᠷᠢᠶᠡᠯᠡᠩ ᠢ ᠬᠠᠭᠤᠴᠢᠨ ᠬᠤᠭᠤᠯᠠᠨ ᠭᠡᠷ ᠲᠤ ᠲᠠᠰ ᠳᠡᠪᠰᠢᠭᠦᠯᠬᠦ ᠵᠢᠴᠢ 100 ᠡᠷᠦᠬᠡ ᠨᠠᠰᠤᠲᠠᠨ ᠳᠤ ᠲᠣᠬᠢᠷᠠᠬᠤ ᠥᠭᠡᠷᠡᠴᠢᠯᠡᠯᠲᠡ ᠶᠢ ᠪᠡᠶᠡᠯᠡᠭᠦᠯᠪᠡ᠃ ︽ᠰᠢᠭᠤᠶᠢᠲᠤ ᠲᠣᠭᠤᠷᠢᠭ ᠲᠤ ᠨᠠᠭᠠᠳᠬᠤ︾  ᠰᠢᠷᠢᠰ ᠰᠣᠶᠣᠯ ᠵᠢᠭᠤᠯᠴᠢᠯᠠᠯ ᠤᠨ ᠡᠵᠡᠩᠨᠡᠨ ᠪᠣᠷᠣᠯᠠᠭᠤᠯᠬᠤ ᠠᠵᠢᠯᠯᠠᠭ᠎ᠠ ᠶᠢ ᠥᠷᠨᠢᠭᠦᠯᠵᠦ᠂ ᠬᠤᠶᠠᠳᠤᠭᠠᠷ ᠬᠤᠭᠤᠴᠠᠭᠠᠨ ᠤ︽ᠬᠥᠷ ᠬᠥᠭᠵᠢᠶᠡᠨᠲᠦ ᠰᠢᠭᠤᠶᠢᠲᠤ︾᠎ ᠤᠨ ᠰᠣᠶᠣᠯ ᠵᠢᠭᠤᠯᠴᠢᠯᠠᠯ ᠤᠨ ᠤᠯᠠᠷᠢᠯ ᠵᠢᠴᠢ ᠠᠩᠬᠠᠳᠤᠭᠠᠷ ᠬᠤᠭᠤᠴᠠᠭᠠᠨ ᠤ︽ᠥᠩᠭᠡᠲᠦ ᠴᠢᠩ ᠱᠠᠨ︾ ᠬᠥᠳᠡᠭᠡ ᠲᠣᠰᠭᠤᠨ ᠤ ᠳᠠᠭᠤᠤ ᠬᠥᠭᠵᠢᠮ‌‍ᠤᠨ ᠪᠠᠶᠠᠷ ᠢ ᠠᠮᠵᠢᠯᠲᠠ ᠲᠠᠢ ᠡᠷᠬᠢᠯᠡᠵᠦ᠂ ᠪᠤᠭᠤᠲᠤ ᠶᠢᠨ ᠡᠷᠲᠡᠨ ᠤ ᠬᠤᠲᠠ ᠶᠢᠨ ᠰᠣᠶᠣᠯ ᠵᠢᠭᠤᠯᠴᠢᠯᠠᠯ ᠤᠨ ᠣᠷᠣᠨ ᠨᠢ ᠤᠯᠤᠰ ᠤᠨ 3A ᠳᠡᠰ ᠦᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠱᠢᠯᠭᠠᠷ ᠠᠵᠤ᠂ ᠤᠷᠠᠨ ᠪᠥᠵᠢᠭ ᠦᠨ ᠬᠥᠮᠥᠰ ᠤᠨ ᠬᠤᠭᠤᠷᠣᠨᠳᠤ ᠰᠣᠶᠣᠯ ᠵᠢᠭᠤᠯᠴᠢᠯᠠᠯ ᠤᠨ ᠶᠠᠮᠤᠨ ᠤ ᠲᠠᠨᠢᠯᠴᠠᠭᠤᠯᠬᠤ ᠰᠣᠳᠣᠨ ᠵᠠᠮ ᠱᠤᠭᠤᠮ ᠢ ᠠᠮᠵᠢᠯᠲᠠ ᠲᠠᠢ ᠰᠣᠩᠭᠤᠵᠤ᠂ ᠳᠠᠯᠠᠨ ᠬᠠᠷ᠎ᠠ ᠠᠭᠤᠯᠠ ᠶᠢᠨ ᠴᠡᠷᠢᠭ ᠤᠨ ᠶᠠᠪᠤᠳᠠᠯ᠂ ᠠᠵᠤ ᠦᠢᠯᠡᠳᠪᠦᠷᠢ ᠶᠢᠨ ᠺᠢᠨᠣ᠋ ᠲᠧᠯᠸᠢᠰ ᠤᠨ ᠰᠠᠭᠤᠷᠢᠨ ᠭᠠᠵᠠᠷ ᠪᠠᠶᠢᠭᠤᠯᠤᠭᠳᠠᠪᠠ᠃ ᠲᠡᠦᠬᠡ ᠶᠢᠨ ᠳᠤᠷᠠᠰᠬᠠᠯᠲᠤ ᠵᠦᠢᠯ ᠪᠠ ᠰᠣᠶᠣᠯ ᠤᠨ ᠥᠪ ᠤᠨ ᠬᠠᠮᠠᠭᠠᠯᠠᠯᠲᠠ ᠶᠢ ᠨᠡᠩ ᠴᠢᠬᠤᠯᠠᠴᠢᠯᠠᠵᠤ᠂ ᠵᠤᠤ ᠪᠧᠢ ᠤᠷᠲᠤ ᠴᠠᠭᠠᠨ ᠬᠡᠷᠡᠮ ᠤᠨ ᠪᠠᠭᠤᠷᠢ ᠶᠢ ᠬᠠᠮᠠᠭᠠᠯᠠᠨ ᠰᠡᠯᠪᠢᠨ ᠵᠠᠰᠠᠬᠤ ᠢᠨᠵᠧᠨᠧᠷᠢᠩ ᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠤᠮᠠᠷᠠᠲᠤ ᠣᠷᠣᠨ ᠤ ᠠᠩᠬᠠᠳᠠᠭᠴᠢ ᠲᠣᠭᠠᠴᠢᠯᠠᠭᠰᠠᠨ ᠪᠣᠬᠢᠷᠲᠤᠯ ᠦᠭᠡᠢ ᠶᠠᠪᠤᠵᠤ ᠰᠠᠭᠤᠬᠤ ︽ᠬᠠ ᠯᠦᠸᠧ ᠵᠢᠵᠢᠭ ᠪᠠᠯᠭᠠᠰᠤ︾᠎ ᠶᠢᠨ ᠲᠥᠷᠥᠯ ᠵᠦᠢᠯ ᠮᠠᠨ ᠤ  ᠲᠣᠭᠤᠷᠢᠭ ᠲᠤ ᠣᠷᠣᠵᠤ ᠰᠠᠭᠤᠨ᠂ ᠨᠢᠭᠡᠳᠦᠭᠡᠷ ᠬᠤᠭᠤᠴᠠᠭᠠᠨ ᠤ ᠴᠠᠬᠢᠯᠭᠠᠨ ᠳᠤᠭᠤᠢ ᠲᠡᠷᠭᠡ 1500ᠰᠠᠭᠤᠷᠢ ᠣᠷᠣᠭᠤᠯᠵᠤ᠂ ᠣᠯᠠᠨ ᠲᠦᠮᠡᠨ ᠤ ᠶᠠᠪᠤᠵᠤ ᠰᠠᠭᠤᠬᠤ ︽ᠡᠴᠦᠰ ᠤᠨ ᠨᠢᠭᠡ ᠺᠢᠯᠣᠮᠧᠲᠷ︾᠎ ᠤᠨ ᠠᠰᠠᠭᠤᠳᠠᠯ ᠢ ᠦᠨᠡᠨ ᠬᠦ ᠰᠢᠢᠳᠪᠦᠷᠢᠯᠡᠪᠡ᠃        ᠳᠣᠯᠤᠭ᠎ᠠ ᠳᠤ᠂ ᠨᠡᠶᠢᠭᠡᠮ ᠤᠨ ᠣᠷᠴᠢᠨ ᠲᠣᠭᠤᠷᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠨ᠎ᠠ᠃ ᠠᠷᠭ᠎ᠠ ᠪᠦᠭᠦᠨ ᠢ ᠰᠦᠪᠡᠭᠴᠢᠯᠡᠨ ᠣᠨ ᠤ ᠥᠷᠢ ᠥᠭᠴᠡᠭᠡ ᠶᠢ ᠰᠢᠢᠳᠪᠦᠷᠢᠯᠡᠵᠦ᠂ ᠨᠡᠶᠢᠲᠡ 2.38 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠠᠷᠢᠯᠭᠠᠵᠤ᠂ ᠠᠷᠠᠳ ᠠᠴᠠ ᠡᠷᠭᠢᠯᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠥᠷᠢᠲᠦᠯ ᠢ 1.12 ᠳ᠋ᠦᠩᠰᠢᠭᠤᠷ ᠲᠥᠭᠦᠷᠢᠭ ᠢᠯᠭᠠᠷᠠᠭᠤᠯᠪᠠ᠃ ᠣᠯᠠᠨ ᠡᠭᠡᠯᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠶᠤᠯ ᠲᠦᠭᠰᠢᠭᠦᠷᠢ ᠶᠢ ᠪᠦᠲᠦᠮᠵᠢᠲᠡᠢ ᠠᠷᠭᠠᠴᠠᠵᠤ᠂ ︽8.13 ︾᠎ ᠤ ᠦᠶᠡᠷ ᠤᠨ ᠭᠠᠮᠰᠢᠭ ᠢ ᠲᠣᠬᠢᠲᠠᠢ ᠰᠢᠢᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠠᠶᠤᠯ ᠭᠠᠮᠰᠢᠭ ᠠᠴᠠ ᠠᠪᠤᠷᠠᠬᠤ ᠵᠡᠷᠭᠡ ᠡᠯ᠎ᠡ ᠲᠥᠷᠥᠯ ᠤᠨ ᠪᠡᠯᠡ ᠮᠥᠩᠭᠦ ᠶᠢ 7155 ᠲᠦᠮᠡᠨ ᠲᠥᠭᠦᠷᠢᠭ ᠣᠷᠣᠭᠤᠯᠪᠠ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠢᠮᠠᠭᠲᠠ ᠪᠠᠷᠢᠮᠲᠠᠯᠠᠵᠤ᠂ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠷᠡᠭ ᠤᠨ ᠱᠠᠭᠠᠷᠳᠠᠯᠭ᠎ᠠ ᠪᠠᠷ ᠥᠭᠡᠷᠡᠴᠢᠯᠡᠯᠲᠡ ᠬᠢᠬᠦ᠂ ᠭᠠᠯ ᠰᠡᠷᠭᠡᠶᠢᠯᠡᠨ ᠤᠨᠲᠠᠷᠠᠭᠠᠬᠤ ᠬᠦᠷᠢᠶ᠎ᠡ ᠬᠡᠪᠴᠢᠶ᠎ᠡ᠂ ᠨᠡᠶᠢᠲᠡ ᠶᠢᠨ ᠲᠦᠷᠢᠶᠡᠰᠦᠨ ᠭᠡᠷ ᠵᠡᠷᠭᠡ ᠲᠤᠰᠬᠠᠢ ᠴᠡᠭᠴᠡᠯᠡᠨ ᠵᠠᠰᠠᠯᠲᠠ ᠶᠢ ᠪᠦᠭᠦ ᠲᠠᠯ᠎ᠠ ᠪᠠᠷ ᠪᠡᠶᠡᠯᠡᠭᠦᠯᠵᠡᠢ᠃ ᠠᠶᠤᠯᠭᠦᠢ ᠦᠢᠯᠡᠳᠪᠦᠷᠢᠯᠡᠯ ᠤᠨ ︽4321︾ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠰᠤᠷᠭᠠᠭᠤᠯᠢ ᠶᠢᠨ ᠬᠦᠷᠢᠶᠡᠨ ᠤ ᠠᠶᠤᠯᠭᠦᠢ᠂ ᠢᠳᠡᠭᠡᠨ ᠡᠮ ᠤᠨ ᠵᠦᠢᠯᠡᠰ ᠤᠨ ᠬᠢᠨᠠᠨ ᠬᠠᠮᠢᠶᠠᠷᠤᠯᠲᠠ᠂ ᠵᠠᠬᠢᠳᠠᠯ ᠰᠣᠷᠪᠤᠯᠵᠢᠯᠠᠭ᠎ᠠ ᠲᠣᠭᠲᠠᠭᠤᠨ᠂ ᠨᠡᠶᠢᠭᠡᠮ ᠤᠨ ᠵᠠᠰᠠᠯᠲᠠ ᠵᠡᠷᠭᠡ ᠬᠦᠷᠢᠶᠡᠨ ᠤ ᠠᠵᠢᠯ ᠢ ᠦᠷᠭᠦᠯᠵᠢᠯᠡᠨ ᠴᠢᠩᠭᠠᠳᠬᠠᠪᠠ᠃ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠪᠠᠶᠢᠳᠠᠯ ᠦᠷᠭᠦᠯᠵᠢᠯᠡᠨ ᠪᠠᠬᠢᠵᠢᠵᠦ᠂ ᠵᠢᠪᠬᠤᠯᠠᠩᠲᠤ ᠰᠤᠮᠤ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶᠡᠴᠢ ᠬᠠᠮᠲᠤ ᠶᠢᠨ ᠢᠷᠠᠭᠤ ᠠᠯᠳᠠᠷ ᠢ ᠭᠦᠷᠲᠡᠪᠡ᠃         ᠨᠢᠭᠡ ᠵᠢᠯ ᠤᠨ ᠲᠤᠷᠰᠢ᠂ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠨᠡᠩ ᠴᠢᠬᠤᠯᠠᠴᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ︽ᠪᠤᠭᠤ ᠶᠢ ᠬᠠᠶᠢᠷᠠᠯᠠᠬᠤ᠂ ᠬᠤᠪᠢ ᠨᠡᠮᠡᠷᠢ ᠦᠵᠡᠭᠦᠯᠭᠦ︾ ᠭᠤᠣᠯ ᠰᠡᠳᠦᠪᠲᠦ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠵᠤ᠂ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠵᠡᠷᠭᠡ ᠲᠠᠯ᠎ᠠ ᠶᠢᠨ ᠠᠰᠠᠭᠤᠳᠠᠯ ᠢ ᠬᠢᠨᠠᠮᠠᠭᠠᠢ ᠪᠠᠶᠢᠴᠠᠭᠠᠨ ᠡᠷᠢᠵᠦ᠂ ᠠᠰᠠᠭᠤᠳᠠᠯ ᠢᠶᠠᠷ ᠵᠠᠰᠠᠭ ᠤᠨ ᠰᠤᠷᠲᠠᠯ ᠰᠠᠶᠢᠵᠢᠷᠠᠯᠲᠠ ᠲᠠᠢ ᠪᠤᠯᠭᠠᠬᠤ ᠶᠢ ᠠᠬᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠤᠯᠤᠰ ᠲᠥᠷᠥ ᠶᠢᠨ ᠤᠬᠠᠮᠰᠠᠷ᠂ ᠬᠠᠷᠢᠭᠤᠴᠠᠯᠭ᠎ᠠ ᠶᠢᠨ ᠦᠵᠡᠯ ᠤᠬᠠᠮᠰᠠᠷ ᠤᠯᠠᠮ ᠨᠢᠭᠡ ᠠᠯᠬᠤᠮ ᠴᠢᠩᠭᠠᠷᠠᠪᠠ᠃ ᠪᠢᠳᠡ ︽ᠠᠷᠠᠳ ᠤᠨ ᠪᠠᠶᠢᠳᠠᠯ ᠢ ᠦᠨᠡᠨᠴᠢ ᠪᠠᠷ ᠶᠠᠷᠢᠯᠴᠠᠬᠤ︾ ︽ᠦᠨᠳᠦᠰᠦᠨ ᠱᠠᠲᠤᠨ ᠳᠤ ᠭᠦᠨᠵᠡᠭᠡᠶᠢᠷᠡᠨ᠂ ᠰᠠᠷ᠎ᠠ ᠰᠤᠷᠪᠤᠯᠵᠢᠯᠠᠬᠤ︾ ᠰᠢᠷᠢᠰ ᠠᠵᠢᠯᠯᠠᠭᠠᠨ ᠢ ᠥᠷᠨᠢᠭᠦᠯᠵᠦ᠂ ᠦᠨᠳᠦᠰᠦᠨ ᠱᠠᠲᠤᠨ ᠳᠤ ᠬᠦᠷᠴᠦ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠭᠰᠡᠨ 900 ᠭᠠᠷᠤᠢ ᠤᠳᠠᠭ᠎ᠠ᠂ ᠠᠷᠠᠳ ᠤᠨ ᠠᠮᠢᠳᠤᠷᠠᠯ ᠤᠨ ᠰᠠᠶᠢᠨ ᠶᠠᠪᠤᠳᠠᠯ ᠪᠣᠳᠠᠲᠤ ᠶᠠᠪᠤᠳᠠᠯ ᠤᠨ ᠲᠥᠷᠥᠯ ᠵᠦᠢᠯ ᠢ ᠠᠬᠢᠭᠤᠯᠬᠤ ᠶᠢ ᠨᠢᠭᠲᠠ ᠠᠩᠬᠠᠷᠴᠤ᠂ ᠲᠥᠷᠥ ᠶᠢᠨ ᠪᠣᠳᠣᠯᠭ᠎ᠠ᠂ ᠪᠡᠯᠡ ᠮᠥᠩᠭᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠂ ᠠᠷᠠᠳ ᠣᠯᠠᠨ ᠤ ᠵᠣᠯ ᠵᠢᠷᠭᠠᠯᠲᠤ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠪᠢᠳᠡ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ︽ᠵᠠᠬᠢᠶᠠᠯᠠᠭ᠎ᠠ ᠶᠢᠨ ᠬᠠᠤᠯᠢ ᠲᠦᠭᠡᠮᠡᠯᠵᠢᠭᠦᠯᠬᠦ︾ ᠠᠵᠤ ᠠᠬᠤᠶᠢᠯᠠᠯ ᠢ ᠬᠠᠮᠠᠭᠠᠯᠠᠬᠤ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠠᠷᠠᠳ ᠣᠯᠠᠨ ᠤ ᠬᠠᠤᠯᠢ ᠴᠠᠭᠠᠵᠠ ᠶᠢᠨ ᠱᠠᠭᠠᠷᠳᠠᠯᠭ᠎ᠠ ᠶᠢ ᠦᠨᠡᠨ ᠬᠦ ᠬᠠᠩᠭᠠᠪᠠ᠃ᠪᠢᠳᠡ ᠴᠢᠬᠤᠯᠠ ᠶᠡᠭᠡ ᠬᠡᠷᠡᠭ ᠤᠴᠢᠷ ᠢ ᠲᠣᠭᠤᠷᠢᠭ ᠤᠨ ᠨᠠᠮ ᠤᠨ ᠬᠤᠷᠢᠶ᠎ᠠ ᠳᠤ ᠮᠡᠳᠡᠭᠦᠯᠬᠦ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠬᠤᠲᠠ ᠲᠣᠭᠤᠷᠢᠭ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ 147 ᠬᠤᠪᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ 131 ᠬᠤᠪᠢ ᠶᠢ ᠭᠦᠢᠴᠡᠳᠬᠡᠵᠦ᠂ ᠬᠠᠷᠢᠭᠤᠯᠲᠠ ᠥᠭᠭᠦᠭᠰᠡᠨ ᠨᠣᠷᠮ᠎ᠠ ᠪᠠ ᠬᠠᠨᠤᠮᠵᠢ ᠶᠢᠨ ᠨᠣᠷᠮ᠎ᠠ ᠴᠥᠮ 100 %᠎ ᠳᠤ ᠭᠦᠷᠪᠡ᠃ ᠪᠢᠳᠡ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠳᠥᠷᠪᠡᠨ ᠰᠤᠷᠲᠠᠯ︾᠎ ᠢ ᠭᠦᠨᠵᠡᠭᠡᠢ ᠴᠡᠭᠴᠡᠯᠡᠨ ᠵᠠᠰᠠᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠦᠨ᠂ ᠡᠩ ᠤᠨ ᠴᠢᠨᠠᠷᠲᠠᠢ ᠵᠠᠷᠤᠯᠭ᠎ᠠ ᠶᠢ ᠠᠳᠠᠯᠢ ᠬᠤᠭᠤᠴᠠᠭᠠᠨ ᠤ ᠬᠢ ᠠᠴᠠ 21 %᠎ ᠠᠴᠠ ᠳᠡᠭᠡᠭᠰᠢ ᠪᠠᠭᠤᠷᠠᠭᠤᠯᠪᠠ᠃ ᠡᠭᠦᠨ ᠤ ᠬᠠᠮᠲᠤ᠂ ᠠᠷᠠᠳ ᠤᠨ ᠠᠭᠠᠷ ᠤᠨ ᠰᠡᠷᠭᠡᠶᠢᠯᠡᠯᠲᠡ᠂ ᠱᠠᠰᠢᠨ ᠰᠤᠷᠲᠠᠬᠤᠨ᠂ ᠷᠠᠳᠢᠣ ᠲᠧᠯᠸᠢᠰ ᠰᠣᠨᠢᠨ ᠮᠡᠳᠡᠭᠡ᠂ ᠬᠤᠶᠠᠷ ᠢ ᠬᠦᠷᠢᠶᠡᠯᠡᠬᠦ ᠬᠠᠷᠠᠭᠠᠯᠵᠠᠨ ᠲᠡᠳᠬᠦᠬᠦ᠂ ᠪᠠᠶᠢᠭᠤᠯᠭ᠎ᠠ ᠶᠢᠨ ᠶᠠᠪᠤᠳᠠᠯ᠂ ᠲᠡᠦᠬᠡ ᠣᠶᠢᠯᠠᠯᠭ᠎ᠠ ᠶᠢᠨ ᠳᠠᠩᠰᠠ ᠡᠪᠬᠡᠮᠡᠯ᠂ ᠡᠮᠡᠭᠲᠡᠶᠢᠴᠦᠳ ᠬᠡᠦᠬᠡᠳ᠂ ᠵᠠᠯᠠᠭᠤᠴᠤᠳ ᠪᠠᠭᠠᠴᠤᠳ᠂ ᠠᠵᠢᠯᠴᠢᠨ ᠤ ᠡᠪᠯᠡᠯ᠂ ᠵᠡᠮᠳᠡᠭᠴᠦᠳ᠂ ᠤᠯᠠᠭᠠᠨ ᠵᠠᠭᠠᠯᠮᠠᠶᠢᠳᠠᠨ᠂ ᠠᠬᠠᠮᠠᠳ ᠺᠠᠲᠷ᠂ ᠬᠤᠶᠢᠴᠢ ᠦᠶ᠎ᠡ ᠪᠠᠨ ᠬᠠᠯᠠᠮᠵᠢᠯᠠᠬᠤ ᠵᠡᠷᠭᠡ ᠠᠵᠢᠯ ᠰᠢᠨ᠎ᠡ ᠠᠮᠵᠢᠯᠲᠠ ᠣᠯᠪᠠ︔ ᠭᠠᠶᠢᠯᠢ ᠶᠢᠨ ᠶᠠᠪᠤᠳᠠᠯ᠂ ᠴᠠᠭᠢᠯᠭᠠᠨ ᠬᠠᠩᠭᠠᠬᠤ᠂ ᠭᠠᠯ ᠤᠨᠲᠠᠷᠠᠭᠠᠬᠤ᠂ ᠴᠢᠮᠡᠭᠡ ᠬᠤᠯᠪᠤᠭ᠎ᠠ᠂ ᠰᠢᠤᠳᠠᠨ ᠤ ᠶᠠᠪᠤᠳᠠᠯ ᠵᠡᠷᠭᠡ ᠰᠠᠯᠠᠭ᠎ᠠ ᠮᠥᠴᠢᠷ ᠤᠳ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠪᠡ᠃           ᠲᠥᠯᠥᠭᠡᠯᠡᠭᠴᠢᠳ ᠠ᠋᠂ ᠤᠴᠢᠷ ᠶᠠᠪᠤᠳᠠᠯ ᠢ ᠵᠠᠪᠠᠯ ᠬᠦᠴᠢᠷ ᠢ ᠮᠡᠳᠡᠬᠦ ᠦᠭᠡᠢ ᠪᠣᠯ᠂ ᠭᠢᠯᠪᠠᠷ ᠮᠥᠷᠲᠡᠭᠡᠨ ᠬᠦᠴᠢᠷ ᠪᠡᠷᠬᠡ ᠶᠤᠮ᠃ ᠥᠩᠭᠡᠷᠡᠭᠰᠡᠨ ᠨᠢᠭᠡ ᠵᠢᠯ ᠳᠤ᠂ ᠠᠵᠤ ᠠᠬᠤᠢ ᠶᠢᠨ ᠪᠠᠶᠢᠳᠠᠯ ᠪᠤᠳᠤᠯᠢᠶᠠᠨᠲᠠᠢ ᠬᠤᠪᠢᠷᠠᠯᠲᠠ ᠶᠡᠬᠡᠲᠡᠢ᠂ ᠬᠢᠵᠢᠭ ᠤᠨ ᠪᠠᠶᠢᠳᠠᠯ ᠦᠷᠭᠦᠯᠵᠢᠯᠡᠭᠰᠡᠨ ᠴᠢᠨᠠᠷᠲᠠᠢ᠂ ᠭᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠠᠵᠢᠯ ᠮᠠᠰᠢ ᠶᠡᠭᠡ ᠥᠷᠢᠰᠦᠯᠳᠦᠭᠡᠨ ᠳᠤ ᠣᠷᠣᠯᠴᠠᠬᠰᠠᠨ ᠪᠠᠶᠢᠳᠠᠯ ᠳᠣᠣᠷ᠎ᠠ᠂ ᠡᠶᠢᠮᠦ ᠠᠮᠵᠢᠯᠲᠠ ᠣᠯᠣᠭᠰᠠᠨ ᠨᠢ ᠲᠣᠩ ᠭᠢᠯᠪᠠᠷ ᠪᠤᠰᠤ ᠶᠤᠮ᠃ ᠡᠨᠡ ᠪᠣᠯ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠦᠷᠭᠦᠯᠵᠢᠯᠡᠨ ᠶᠡᠬᠡᠰᠴᠦ᠂ ᠢᠳᠡᠪᠬᠢᠲᠡᠢ ᠪᠠᠷ ᠠᠵᠢᠯ ᠬᠢᠵᠦ᠂ ᠯᠠᠪᠳᠠᠭᠤᠨ ᠢᠶᠠᠷ ᠠᠷᠭᠠᠴᠠᠬᠤ ᠶᠠᠪᠤᠴᠠ ᠳᠤ ᠣᠯᠣᠭᠰᠠᠨ ᠶᠤᠮ︔ ᠡᠨᠧᠷᠭᠢ ᠶᠢᠨ ᠰᠣᠯᠢᠭᠳᠠᠯ ᠢ ᠠᠬᠢᠭᠤᠯᠬᠤ᠂ ᠪᠦᠲᠦᠴᠡ ᠶᠢᠨ ᠳᠡᠰ ᠲᠠᠪᠰᠢᠯᠲᠠ ᠶᠢ ᠠᠬᠢᠭᠤᠯᠬᠤ ᠳᠤᠮᠳᠠ ᠣᠯᠣᠭᠰᠠᠨ ; ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠰᠡᠷᠭᠡᠶᠢᠯᠡᠨ ᠠᠷᠢᠯᠭᠠᠬᠤ ᠶᠠᠪᠤᠴᠠ ᠳᠤ ᠣᠯᠣᠭᠰᠠᠨ ᠶᠤᠮ᠃ ᠡᠳᠡᠭᠡᠷ ᠠᠮᠵᠢᠯᠲᠠ ᠪᠦᠲᠦᠮᠵᠢ ᠶᠢ ᠣᠯᠣᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠤᠳᠤᠷᠢᠳᠤᠯᠭ᠎ᠠ ᠪᠠ ᠵᠠᠪᠤᠳᠠᠯ ᠢ ᠬᠠᠮᠤᠭ ᠦᠨᠳᠦᠰᠦᠨ ᠵᠦᠢᠯ ᠭᠡᠪᠡᠯ᠂  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠨᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠲᠣᠭᠤᠷᠢᠭ ᠤᠨ ᠨᠠᠮ ᠤᠨ ᠬᠤᠷᠢᠶ᠎ᠠ ᠶᠢᠨ ᠪᠦᠭᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠲᠤ ᠴᠢᠩᠭ᠎ᠠ ᠤᠳᠤᠷᠢᠳᠤᠯᠭ᠎ᠠ ᠶᠢ ᠳᠣᠪᠤᠶᠢᠯᠭᠠᠵᠤ᠂ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠨᠢᠭᠡ ᠰᠡᠳᠬᠢᠯ ᠨᠢᠭᠡ ᠵᠣᠷᠢᠭ ᠢᠶᠠᠷ᠂ ᠡᠷᠡᠰ ᠵᠣᠷᠢᠭ ᠲᠠᠢ ᠪᠠᠷ ᠤᠷᠤᠭᠰᠢᠯᠠᠨ ᠲᠠᠪᠰᠢᠬᠤ ᠣᠶᠤᠨ ᠤᠬᠠᠭᠠᠨ ᠤ ᠬᠦᠴᠦᠨ ᠢ ᠨᠢᠭᠲᠠᠷᠠᠭᠤᠯᠵᠤ᠂ ᠪᠦᠭᠦ ᠣᠷᠣᠨ ᠤ ᠥᠷᠭᠡᠨ ᠣᠯᠠᠨ ᠺᠠᠲᠷ ᠣᠯᠠᠨ ᠲᠦᠮᠡᠨ ᠤ ᠡᠷᠡᠯᠬᠡᠭᠯᠡᠨ ᠤᠷᠤᠭᠰᠢᠯᠠᠬᠤ᠂ ᠪᠣᠭᠤᠮᠲᠠ ᠰᠢᠪᠲᠤᠯᠤᠨ ᠬᠦᠴᠢᠷ ᠢ ᠢᠯᠠᠬᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠ ᠬᠦᠴᠦᠨ ᠴᠢᠳᠠᠯ ᠢᠶᠠᠨ ᠪᠠᠳᠠᠷᠠᠭᠤᠯᠵᠤ ᠪᠠᠶᠢᠭ᠎ᠠ ᠶᠤᠮ᠃ ᠬᠥᠮᠥᠨ ᠪᠦᠭᠦᠨ ᠬᠦᠴᠦᠨ ᠴᠢᠳᠠᠯ ᠢᠶᠠᠨ ᠡᠷᠭᠦᠳᠡᠭ ᠪᠣᠯᠬᠤᠷ ᠬᠥᠮᠥᠨ ᠪᠦᠭᠦᠨ ᠠᠮᠠᠷ ᠦᠭᠡᠢ ᠭᠡᠬᠦ ᠮᠡᠲᠦ ᠶᠢᠨ ᠤᠳᠬ᠎ᠠ᠃ ᠠᠳᠡ ᠪᠢ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠰᠢᠭᠤᠶᠢᠲᠤ  ᠲᠣᠭᠤᠷᠢᠭ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠥᠬᠦᠳ᠂ ᠨᠠᠶᠢᠵᠠ ᠨᠠᠷ ᠲᠤ ᠬᠠᠮᠤᠭ ᠤᠨ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠵᠦ᠂ ᠬᠠᠮᠤᠭ ᠤᠨ ᠡᠷᠬᠢᠮ ᠳᠡᠭᠡᠳᠦ ᠮᠡᠨᠳᠦᠴᠢᠯᠡᠯ ᠢᠶᠠᠨ ᠳᠡᠪᠰᠢᠭᠦᠯᠵᠦ ᠪᠠᠶᠢᠨ᠎ᠠ ︕         ᠲᠥᠯᠥᠭᠡᠯᠡᠭᠴᠢᠳ ᠠ᠋᠂ ᠨᠢᠭᠡ ᠵᠢᠯ ᠤᠨ ᠠᠵᠢᠯ ᠢᠶᠠᠨ ᠳ᠋ᠦᠩᠨᠡᠬᠦ ᠳᠤ᠂ ᠪᠢᠳᠡ ᠪᠠᠰᠠ ᠵᠠᠰᠠᠭ ᠤᠨ ᠣᠷᠳᠣᠨ ᠤ ᠠᠵᠢᠯ ᠨᠢ ᠪᠦᠭᠦ ᠣᠷᠣᠨ ᠤ ᠠᠷᠠᠳ ᠲᠦᠮᠡᠨ ᠤ ᠬᠦᠰᠡᠯ ᠡᠷᠡᠮᠡᠯᠵᠡᠯ ᠠᠴᠠ ᠪᠠᠰᠠ ᠵᠥᠷᠢᠶ᠎ᠡ ᠲᠠᠢ ᠪᠠᠶᠢᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠰᠡᠷᠭᠡᠭ ᠢᠶᠠᠷ ᠣᠯᠵᠤ ᠲᠠᠨᠢᠬᠤ ᠬᠡᠷᠡᠭᠲᠡᠢ᠂ ᠭᠤᠣᠯᠳᠠᠭᠤ᠄ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠ ᠠᠵᠤ ᠦᠢᠯᠡᠰ ᠤᠨ ᠬᠡᠪᠴᠢᠶ᠎ᠡ ᠮᠥᠨ ᠯᠡ ᠪᠠᠭ᠎ᠠ ᠪᠠᠶᠢᠵᠤ᠂ ᠳᠠᠭᠠᠭᠤᠯᠤᠭᠴᠢ ᠠᠵᠤ ᠠᠬᠤᠶᠢᠯᠠᠯ᠂ ︽ᠬᠡᠯᠬᠢᠶᠡᠵᠢᠯ ᠤᠨ ᠭᠤᠣᠯ︾ ᠠᠵᠤ ᠠᠬᠤᠶᠢᠯᠠᠯ ᠠᠷᠪᠢᠨ ᠪᠢᠰᠢ᠂ ᠠᠵᠤ ᠦᠢᠯᠡᠰ ᠤᠨ ᠪᠦᠲᠦᠴᠡ ᠰᠢᠯᠢᠳᠡᠭᠵᠢᠭᠰᠡᠨ ᠦᠭᠡᠢ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠡᠵᠡᠯᠡᠬᠦ ᠬᠠᠷᠢᠴᠠᠯ ᠳᠣᠣᠷ᠎ᠠ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠤᠰᠤ ᠪᠠᠶᠢᠬᠤ︔ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ᠂ ᠤᠰᠤᠨ ᠤ ᠡᠬᠢ ᠪᠠᠶᠠᠯᠢᠭ ᠲᠤᠲᠠᠭᠳᠠᠵᠤ ᠪᠠᠶᠢᠬᠤ ᠵᠡᠷᠭᠡ ᠪᠠᠭᠤᠷᠠᠢ ᠵᠦᠢᠯ ᠤᠳ ᠢ ᠰᠢᠢᠳᠪᠦᠷᠢᠯᠡᠬᠦ ᠴᠢᠬᠤᠯᠠ ᠲᠠᠢ ᠪᠠᠶᠢᠨ᠎ᠠ ; ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠪᠠᠰᠠ ᠨᠡᠯᠢᠶᠡᠳ ᠶᠡᠭᠡ ᠳᠡᠭᠡᠭᠰᠢᠯᠡᠬᠦ ᠣᠷᠣᠨ ᠵᠠᠢ ᠲᠠᠢ︔ ᠬᠥᠮᠥᠨ ᠠᠮᠠ᠂ ᠴᠢᠳᠠᠪᠤᠷᠢᠲᠠᠨ ᠤ ᠶᠡᠷᠦᠩᠬᠡᠢ ᠬᠡᠮᠵᠢᠶ᠎ᠡ ᠪᠠ ᠪᠦᠲᠦᠴᠡ ᠳᠤ ᠢᠯᠡᠷᠬᠡᠢ ᠬᠦᠷᠦᠯᠴᠡᠬᠦ ᠦᠭᠡᠢ ᠪᠠᠶᠢᠳᠠᠯ ᠣᠷᠣᠰᠢᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ ᠠᠷᠠᠳ ᠤᠨ ᠠᠮᠢᠳᠤᠷᠠᠯ ᠤᠨ ᠴᠢᠨᠠᠷ ᠰᠠᠶᠢᠲᠠᠢ ᠬᠠᠩᠭᠠᠯᠭ᠎ᠠ ᠬᠦᠷᠦᠯᠴᠡᠬᠦ ᠦᠭᠡᠢ ᠪᠠᠶᠢᠨ᠎ᠠ ; ᠺᠠᠲᠷ ᠤᠨ ᠲᠤᠰᠬᠠᠢ ᠮᠡᠷᠭᠡᠵᠢᠯ ᠤᠨ ᠬᠡᠪ ᠴᠢᠨᠠᠷ ᠢ ᠪᠠᠰᠠ ᠲᠠᠰᠤᠷᠠᠯᠲᠠ ᠦᠭᠡᠢ ᠳᠡᠭᠡᠭᠰᠢᠯᠡᠭᠦᠯᠭᠦ᠂ ᠣᠪᠣᠷ ᠰᠤᠷᠲᠠᠯ ᠢ ᠪᠠᠰᠠ ᠤᠯᠠᠮ ᠴᠢᠨᠠᠭᠰᠢᠳᠠ ᠬᠤᠪᠢᠷᠠᠭᠤᠯᠬᠤ ᠴᠢᠬᠤᠯᠠᠲᠠᠢ ᠪᠠᠶᠢᠬᠤ ᠵᠡᠷᠭᠡ ᠠᠰᠠᠭᠤᠳᠠᠯ ᠤᠳ ᠣᠷᠣᠰᠢᠵᠤ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠨᠢᠭᠡᠨᠲᠡ ᠲᠤᠰᠬᠠᠢ ᠰᠤᠳᠤᠯᠵᠤ᠂ ᠣᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠵᠣᠬᠢᠶᠠᠨ ᠪᠠᠶᠢᠭᠤᠯᠵᠤ᠂ ᠤᠯᠠᠮ ᠨᠢᠭᠡ ᠠᠯᠬᠤᠮ ᠠᠬᠢᠭᠤᠯᠵᠤ᠂ ᠨᠢᠭᠡ ᠨᠢᠭᠡ ᠪᠠᠷ ᠨᠢ ᠠᠷᠢᠯᠭᠠᠬᠤ ᠪᠣᠯᠣᠨ᠎ᠠ᠃ ᠡᠭᠦᠨ ᠤ ᠬᠠᠮᠲᠤ᠂ ᠨᠠᠮ ᠤᠨ ᠲᠥᠪ ᠬᠤᠷᠢᠶ᠎ᠠ ᠶᠢᠨ ᠰᠢᠰᠲ᠋ᠧᠮ ᠤᠨ ᠠᠵᠤ ᠠᠬᠤᠢ ᠶᠢᠨ ᠠᠵᠢᠯᠯᠠᠭᠠᠨ ᠢ ᠪᠦᠬᠦᠯᠢ ᠴᠣᠭᠴᠠ ᠪᠠᠷ ᠨᠢ ᠰᠠᠶᠢᠵᠢᠷᠠᠭᠤᠯᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠢ ᠠᠵᠤ ᠠᠬᠤᠢ ᠶᠢᠨ ᠰᠡᠷᠭᠦᠯᠲᠡ ᠳᠤ ᠴᠢᠬᠤᠯᠠ ᠶᠡᠭᠡ ᠢᠳᠡᠪᠬᠢᠲᠡᠢ ᠨᠥᠯᠥᠭᠡ ᠦᠵᠡᠭᠦᠯᠭᠦ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠠᠴᠠ ᠰᠢᠨ᠎ᠡ ᠡᠨᠧᠷᠭᠢ ᠪᠠᠷ ᠰᠢᠨ᠎ᠡ ᠠᠵᠤ ᠦᠢᠯᠡᠳᠪᠦᠷᠢ ᠶᠢ ᠳᠠᠶᠢᠴᠢᠯᠠᠬᠤ ᠶᠢ ᠪᠠᠷᠢᠮᠲᠠᠯᠠᠵᠤ᠂ ᠲᠡᠷᠢᠭᠦᠨ ᠤ ᠦᠢᠯᠡᠳᠬᠦ ᠦᠢᠯᠡᠰ ᠢᠶᠠᠷ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠳᠠᠶᠢᠴᠢᠯᠠᠬᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠬᠡᠷᠡᠭᠵᠢᠭᠦᠯᠬᠦ ᠪᠠᠷ ᠳᠤᠷᠠᠳᠴᠤ᠂ ᠪᠤᠭᠤᠲᠤ ᠬᠤᠲᠠ ︽ᠳᠡᠯᠡᠬᠡᠢ ᠶᠢᠨ ᠬᠤᠪᠣᠷ ᠰᠢᠷᠣᠢ ᠶᠢᠨ ᠬᠤᠲᠠ︾ ᠪᠠ ︽ᠳᠡᠯᠡᠬᠡᠢ ᠶᠢᠨ ᠪᠣᠬᠢᠷᠳᠤᠯ ᠦᠭᠡᠢ ᠴᠠᠬᠢᠭᠤᠷ ᠤᠨ ᠲᠥᠪ︾᠎ ᠢ ᠴᠣᠭᠴᠠᠯᠠᠬᠤ ᠬᠥᠭᠵᠢᠯᠲᠡ ᠶᠢᠨ ᠬᠠᠷᠠᠯᠲᠠ ᠶᠢ ᠳᠤᠷᠠᠳᠤᠨ ᠭᠠᠷᠭᠠᠪᠠ᠂ ᠡᠳᠡᠭᠡᠷ ᠨᠢ ᠴᠥᠮ ᠮᠠᠨ ᠤ ᠣᠷᠣᠨ ᠤ ᠠᠵᠤ ᠦᠢᠯᠡᠰ ᠤᠨ ᠰᠠᠭᠤᠷᠢ ᠶᠢᠨ ᠳᠠᠪᠠᠭᠤᠯᠢᠭ ᠢ ᠲᠦᠷᠭᠡᠨ ᠪᠤᠢ ᠪᠤᠯᠭᠠᠬᠤ᠂ ᠣᠨᠴᠠᠯᠢᠭᠲᠤ ᠠᠵᠤ ᠦᠢᠯᠡᠰ ᠤᠨ ᠲᠥᠪᠯᠡᠷᠡᠯ ᠢ ᠲᠦᠷᠭᠡᠳᠬᠡᠨ ᠪᠤᠵᠠᠭᠠᠶᠢᠷᠠᠭᠤᠯᠬᠤ ᠳᠤ ᠴᠢᠩᠭ᠎ᠠ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃  ᠪᠢᠳᠡ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠠᠵᠤ ᠠᠬᠤᠢ ᠶᠢᠨ ᠰᠡᠷᠭᠦᠯᠲᠡ ᠠᠴᠠ ᠪᠣᠯᠤᠭᠰᠠᠨ ᠠᠵᠠ ᠲᠣᠭᠢᠶᠠᠯ ᠢ ᠵᠠᠪᠳᠤᠨ ᠠᠳᠬᠤᠵᠤ ᠂ ᠰᠢᠨ᠎ᠡ ᠬᠠᠭᠤᠴᠢᠨ ᠠᠵᠢᠯᠯᠠᠭ᠎ᠠ ᠪᠠᠨ ᠬᠤᠪᠢᠷᠠᠭᠤᠯᠵᠤ ᠴᠢᠳᠠᠬᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠵᠠᠪᠳᠤᠨ ᠲᠡᠮᠡᠴᠡᠵᠦ ᠵᠣᠷᠢᠭᠲᠠᠢ ᠬᠢᠬᠦ ᠬᠡᠪ ᠰᠤᠷᠲᠠᠯ ᠢ ᠪᠤᠢ ᠪᠣᠯᠭᠠᠨ᠂ ᠰᠢᠨ᠎ᠡ ᠨᠡᠮᠡᠭᠳᠡᠯ ᠢ ᠪᠦᠭᠦ ᠬᠦᠴᠦᠨ ᠢᠶᠠᠷ ᠢᠶᠠᠨ ᠪᠣᠶᠢᠵᠢᠭᠤᠯᠵᠤ᠂ ᠵᠥᠪᠭᠡᠨ ᠥᠷᠯᠥᠭᠡ ᠦᠳᠡᠰᠢ ᠶᠢ ᠲᠡᠮᠡᠴᠡᠨ ᠰᠢᠨ᠎ᠡ ᠬᠥᠳᠡᠯᠭᠡᠬᠦ ᠬᠦᠴᠦᠨ ᠢ ᠡᠭᠦᠳᠴᠦ᠂ ᠴᠢᠨᠠᠷ ᠰᠠᠶᠢᠲᠠᠢ ᠬᠥᠭᠵᠢᠯᠲᠡ ᠳᠤ ᠠᠮᠢᠵᠢᠷᠠᠯ ᠤᠨ ᠬᠦᠴᠦᠨ ᠣᠯᠭᠤᠵᠤ᠂ ᠬᠥᠳᠡᠯᠭᠡᠬᠦ ᠬᠦᠴᠦᠨ ᠨᠡᠮᠡᠷᠢᠯᠡᠵᠦ᠂ ᠪᠦᠭᠦ ᠣᠷᠣᠨ ᠤ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠶᠤᠮ᠃         ᠬᠤᠶᠠᠷ᠂ 2023 ᠣᠨ ᠤ ᠠᠵᠢᠯ ᠤᠨ ᠪᠠᠶᠢᠷᠢᠯᠠᠭᠤᠯᠤᠯᠲᠠ         ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠬᠤ ᠡᠭᠢᠯᠡᠯᠲᠡ ᠶᠢᠨ ᠵᠢᠯ ᠪᠤᠯᠬᠤ ᠪᠥᠭᠡᠳ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ᠂ ᠠᠴᠢ ᠬᠤᠯᠪᠣᠭᠳᠠᠯ ᠨᠢ ᠴᠢᠬᠤᠯᠠ ᠶᠡᠭᠡ ᠶᠤᠮ᠃ ᠪᠢᠳᠡ ᠠᠵᠤ ᠠᠬᠤᠢ ᠶᠢ ᠲᠣᠭᠲᠠᠭᠤᠨ ᠪᠠᠶᠢᠯᠭᠠᠳᠠᠭ ︽ᠤᠯᠤᠰ ᠲᠥᠷᠥᠴᠢᠨ︾᠂ ᠬᠥᠭᠵᠢᠯᠲᠡ ᠶᠢ ᠠᠬᠢᠭᠤᠯᠬᠤ ︽ᠲᠤᠰᠬᠠᠢ ᠮᠡᠷᠭᠡᠵᠢᠯᠲᠡᠨ︾᠂ ᠲᠥᠷᠥᠯ ᠵᠦᠢᠯ ᠢ ᠠᠳᠬᠤᠭᠰᠠᠨ ︽ᠪᠣᠳᠠᠲᠠᠢ ᠠᠵᠢᠯᠯᠠᠭᠴᠢ︾᠎ ᠶᠢ ᠪᠠᠷᠢᠮᠲᠠᠯᠠᠵᠤ᠂ ︽ᠦᠰᠦᠷᠪᠡᠯ ᠬᠢᠵᠦ ᠥᠨᠳᠥᠷ ᠲᠦᠪᠰᠢᠨ ᠳᠤ ᠬᠦᠷᠭᠡᠬᠦ︾᠎ ᠶᠢ ᠪᠠᠷᠢᠮᠲᠠᠯᠠᠵᠤ᠂ ︽ᠣᠶᠢᠯᠠᠭᠠᠬᠤ ᠰᠡᠳᠬᠢᠬᠦᠢ ᠲᠠᠢ︾᠎ ᠶᠢ ᠠᠵᠢᠯ ᠤᠨ ᠪᠦᠭᠦ ᠶᠠᠪᠤᠴᠠ ᠳᠤ ᠠᠭᠤᠰᠬᠠᠵᠤ᠂ ᠬᠥᠭᠵᠢᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠬᠥᠭᠵᠢᠯᠲᠡ ᠶᠢ ᠲᠦᠷᠭᠡᠳᠬᠡᠬᠦ ᠪᠣᠯ ᠴᠠᠯᠠᠭᠠᠶᠢᠷᠠᠬᠤ ᠦᠭᠡᠢ ᠪᠠᠶᠢᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠪᠤᠢ ᠪᠣᠯᠭᠠᠨ᠎ᠠ᠃         ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠣᠨ ᠪᠤᠭᠤᠲᠤ ᠶᠢᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠭᠤᠶᠢᠪᠢᠰᠢ ᠦᠭᠡᠢ ᠪᠠᠷᠢᠮᠲᠠᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠠᠩ ᠰᠠᠶᠢᠲᠤᠷ ᠨᠢᠭᠡᠳᠦᠯᠲᠡᠢ ᠲᠥᠯᠥᠪᠯᠡᠨ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ︽ᠬᠤᠶᠠᠷ ᠰᠢᠨ᠎ᠡ︾᠎ ᠶᠢᠨ ᠤᠳᠤᠷᠢᠳᠤᠮᠵᠢ ᠶᠢ ᠪᠠᠷᠢᠮᠲᠠᠯᠠᠨ᠂ ᠨᠡᠮᠡᠭᠳᠡᠯ ᠤᠨ ᠤᠬᠠᠮᠰᠠᠷ ᠢᠶᠠᠨ ᠴᠢᠩᠭᠠᠳᠬᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠣᠪᠤᠶᠢᠯᠭᠠᠨ᠂ ᠪᠥᠬᠦ ᠬᠤᠲᠠ ᠶᠢᠨ ︽ᠬᠤᠶᠠᠷ ᠲᠥᠪ︾᠎ ᠢ ᠡᠭᠦᠳᠦᠨ ᠪᠠᠶᠢᠭᠤᠯᠬᠤ ᠶᠢᠨ ᠲᠣᠭᠤᠷᠢᠨ ᠳᠤ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠨᠢᠭᠡ ᠪᠦᠯᠦᠭ ᠰᠢᠨ᠎ᠡ ᠨᠡᠮᠡᠭᠳᠡᠯ ᠤᠨ ᠴᠡᠭ ᠢ ᠪᠣᠶ ᠪᠣᠯᠭᠠᠵᠤ᠂ ︽ᠬᠡᠯᠪᠡᠷᠢ ᠪᠠᠨ ᠬᠤᠪᠢᠷᠠᠭᠤᠯᠤᠨ ᠳᠠᠬᠢᠨ ᠪᠠᠶᠢᠭᠤᠯᠬᠤ ᠬᠡᠯᠪᠡᠷᠢ︾᠎ ᠶᠢ ︽ᠪᠠᠶᠢᠳᠠᠯ ᠢ ᠠᠰᠢᠭᠯᠠᠨ ᠨᠡᠮᠡᠭᠳᠡᠭᠦᠯᠬᠦ ᠬᠡᠯᠪᠡᠷᠢ︾᠂ ︽ᠠᠶᠠᠨᠳᠠᠭᠠᠨ ᠨᠡᠮᠡᠭᠳᠡᠬᠦ ᠬᠡᠯᠪᠡᠷᠢ︾᠎ ᠶᠢ ᠳᠡᠭᠡᠭᠰᠢᠯᠡᠭᠦᠯᠬᠦ ᠶᠢ ᠪᠡᠶᠡᠯᠡᠭᠦᠯᠵᠦ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠣᠨᠴᠠᠯᠢᠭ ᠤᠨ ᠢᠯᠡ ᠲᠣᠳᠣ ᠴᠢᠨᠠᠷ ᠰᠠᠶᠢᠲᠠᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠬᠤᠰᠢᠭᠤᠴᠢ ᠣᠷᠣᠨ ᠢ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠲᠣ ᠦᠶ᠎ᠡ ᠶᠢᠨ ᠴᠢᠯᠠᠭᠤᠨ ᠲᠣᠰᠣᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃        ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠠᠳᠠᠯᠢ ᠬᠤᠭᠤᠴᠠᠭᠠᠨ ᠤ ᠬᠢ ᠠᠴᠠ 8 % ᠣᠷᠴᠢᠮ ᠨᠡᠮᠡᠭᠳᠡᠭᠦᠯᠵᠦ᠂ 10 %᠎ ᠪᠠᠷ ᠨᠡᠮᠡᠭᠳᠡᠭᠦᠯᠬᠦ ᠪᠠᠷ ᠴᠢᠷᠮᠠᠶᠢᠨ᠎ᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠠᠳᠠᠯᠢ ᠬᠤᠭᠤᠴᠠᠭᠠᠨ ᠤ ᠬᠢ ᠠᠴᠠ 15 %᠎ ᠠᠴᠠ ᠳᠡᠭᠡᠭᠰᠢ ᠨᠡᠮᠡᠭᠳᠡᠭᠦᠯᠵᠦ᠂ 20 %᠎ ᠪᠠᠷ ᠴᠢᠷᠮᠠᠶᠢᠨ ᠨᠡᠮᠡᠭᠳᠡᠭᠦᠯᠦᠨ᠎ᠡ︔ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 15 %᠎ ᠠᠴᠠ ᠳᠡᠭᠡᠭᠰᠢ ᠨᠡᠮᠡᠭᠳᠡᠵᠦ᠂ 20 %᠎ ᠪᠠᠷ ᠴᠢᠷᠮᠠᠶᠢᠬᠤ ᠬᠡᠷᠡᠭᠲᠡᠢ︔ ᠰᠢᠨ᠎ᠡ ᠪᠠᠷ ᠨᠡᠮᠡᠭᠳᠡᠭᠰᠡᠨ ᠲᠣᠭᠲᠠᠭᠠᠯ ᠳᠡᠭᠡᠷᠡᠬᠢ ( ᠬᠢᠵᠠᠭᠠᠷᠯᠠᠬᠤ ᠬᠢᠵᠠᠭᠠᠷ ) ᠠᠵᠤ ᠠᠬᠤᠶᠢᠯᠠᠯ 12᠎ ᠠᠴᠠ ᠪᠠᠭ᠎ᠠ ᠪᠠᠶᠢᠵᠤ ᠪᠤᠯᠬᠤ ᠦᠭᠡᠢ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠠᠳᠠᠯᠢ ᠬᠤᠭᠤᠴᠠᠭᠠᠨ ᠤ ᠬᠢ ᠠᠴᠠ 8 % ᠎ ᠠᠴᠠ ᠳᠡᠭᠡᠭᠰᠢ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠠᠳᠠᠯᠢ ᠬᠤᠭᠤᠴᠠᠭᠠᠨ ᠤ ᠎ ᠬᠢ ᠠᠴᠠ 8.5 %᠎ ᠠᠴᠠ ᠳᠡᠭᠡᠭᠰᠢ ᠨᠡᠮᠡᠭᠳᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠪᠦᠷᠢ ᠶᠢᠨ ᠳᠤᠮᠳᠠᠴᠢ ᠡᠵᠡᠮᠳᠡᠵᠦ ᠪᠤᠯᠬᠤ ᠣᠷᠣᠯᠭ᠎ᠠ ᠶᠢᠨ ᠨᠡᠮᠡᠭᠳᠡᠯ ᠪᠠ ᠠᠵᠤ ᠠᠬᠤᠢ ᠶᠢᠨ ᠨᠡᠮᠡᠭᠳᠡᠯ ᠢ ᠠᠳᠠᠯᠢ ᠠᠯᠬᠤᠮ ᠢᠶᠠᠷ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.9 %᠎ ᠤ ᠳᠣᠲᠣᠷ᠎ᠠ ᠬᠢᠵᠠᠭᠠᠷᠯᠠᠨ᠎ᠠ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠪᠢᠳᠡ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠃         ( ᠨᠢᠭᠡ ) ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠨ᠎ᠡ ᠰᠢᠰᠲ᠋ᠧᠮ ᠢ ᠪᠠᠶᠢᠭᠤᠯᠬᠤ ᠲᠠᠯ᠎ᠠ ᠪᠠᠷ ᠬᠦᠴᠦᠯᠡᠨ ᠴᠢᠷᠮᠠᠶᠢᠨ᠎ᠠ         ᠠᠩᠬᠠᠷᠤᠯ ᠢᠶᠠᠨ ᠲᠥᠪᠯᠡᠷᠡᠭᠦᠯᠦᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠤ ᠰᠢᠨ᠎ᠡ ᠬᠥᠳᠡᠯᠭᠡᠭᠦᠷ ᠢ ᠪᠦᠲᠦᠭᠡᠨ᠎ᠡ᠃ ᠲᠣᠭᠲᠠᠭᠠᠯ ᠳᠡᠭᠡᠷᠡᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ︽ᠰᠢᠨᠵᠢᠯᠡᠭᠡ ᠮᠡᠷᠭᠡᠵᠢᠯ ᠤᠨ ᠪᠠᠶᠢᠴᠠᠭᠠᠯᠲᠠ︾᠎ ᠶᠢ ᠨᠢᠭᠡ ᠨᠢᠭᠡ ᠪᠠᠷ ᠶᠠᠪᠤᠭᠳᠠᠭᠤᠯᠵᠤ᠂ ᠰᠢᠨᠵᠢᠯᠡᠭᠡ ᠮᠡᠷᠭᠡᠵᠢᠯ ᠤᠨ ᠭᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ︽ᠬᠤᠣᠰ ᠳᠠᠭᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠂ ᠵᠢᠯ ᠤᠨ ᠳᠣᠲᠣᠷ᠎ᠠ ᠰᠢᠨ᠎ᠡ ᠪᠠᠷ 12 ᠰᠢᠨᠵᠢᠯᠡᠭᠡ ᠮᠡᠷᠭᠡᠵᠢᠯ ᠤᠨ ᠭᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠨᠡᠮᠡᠭᠳᠡᠭᠦᠯᠦᠨ᠂ ᠰᠢᠨ᠎ᠡ ᠪᠠᠷ ᠬᠢᠨᠠᠨ ᠲᠣᠭᠲᠠᠭᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 5᠎ ᠶᠢ ᠪᠣᠶᠢᠵᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 15 ᠳ᠋ᠦᠩᠰᠢᠭᠤᠷ ᠲᠥᠭᠦᠷᠢᠭ ᠠᠴᠠ ᠳᠡᠭᠡᠭᠰᠢ ᠨᠡᠮᠡᠭᠳᠡᠪᠡ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ ᠵᠣᠷᠢᠭᠵᠢᠭᠤᠯᠵᠤ᠂ ᠮᠢᠩ ᠶᠠᠩ᠂ ᠶᠠ ᠰᠢᠨ ᠵᠡᠷᠭᠡ ᠲᠣᠮᠣ ᠭᠡᠯᠪᠡᠷᠢ ᠶᠢᠨ ᠠᠵᠤ ᠠᠬᠤᠶᠢᠯᠠᠯ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠲᠥᠪ ᠪᠠᠶᠢᠭᠤᠯᠬᠤ ᠶᠢ ᠳᠡᠮᠵᠢᠵᠦ᠂ ᠳᠣᠣᠷ᠎ᠠ ᠡᠨᠧᠷᠭᠢ ᠶᠢᠨ ᠬᠤᠷᠣᠭᠳᠠᠭᠤᠯᠤᠯ ᠶᠡᠭᠡ ᠵᠤᠤᠬ᠎ᠠ ᠶᠢ ᠬᠠᠶᠢᠯᠤᠭᠤᠯᠬᠤ ᠮᠡᠷᠭᠡᠵᠢᠯ ᠤᠨ ᠥᠭᠡᠷᠡᠴᠢᠯᠡᠯᠲᠡ ᠵᠡᠷᠭᠡ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠭᠤᠣᠯᠳᠠᠯᠭ᠎ᠠ ᠲᠠᠢ ᠡᠬᠢᠯᠡᠭᠦᠯᠦᠨ᠎ᠡ᠃ ᠨᠡᠭᠦᠷᠡᠰᠦᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠶᠡᠷᠦᠩᠬᠡᠢ ᠬᠦᠷᠢᠶᠡᠯᠡᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠣᠶᠤᠨ ᠤ ᠬᠥᠮᠥᠷᠭᠡ ᠶᠢᠨ ᠪᠦᠯᠭᠦᠮ ᠯᠦᠭᠡ ᠶᠢᠨ ᠬᠤᠷᠰᠢᠯᠴᠠᠨ ᠰᠣᠯᠢᠯᠴᠠᠭ᠎ᠠ ᠬᠢᠬᠦ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠰᠢᠨ᠎ᠡ ᠶᠢ ᠡᠭᠦᠳᠬᠦ ᠲᠠᠪᠴᠠᠩ᠂ ᠮᠡᠷᠭᠡᠵᠢᠯ ᠤᠨ ᠰᠤᠳᠤᠯᠤᠨ ᠨᠡᠭᠡᠭᠡᠬᠦ ᠲᠥᠪ᠂ ᠵᠠᠪᠰᠠᠷ ᠤᠨ ᠲᠤᠷᠰᠢᠯᠲᠠ ᠶᠢᠨ ᠰᠠᠭᠤᠷᠢᠨ ᠭᠠᠵᠠᠷ ᠵᠡᠷᠭᠡ ᠰᠢᠨ᠎ᠡ ᠮᠠᠶ᠋ᠢᠭ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠬᠠᠮᠲᠤᠷᠠᠨ ᠪᠠᠶᠢᠭᠤᠯᠵᠤ᠂ ᠦᠬᠠᠨ ᠶᠡᠭᠡ ᠰᠤᠷᠭᠠᠭᠤᠯᠢ ᠶᠢᠨ ᠢᠦᠢ ᠵᠢᠷᠤᠭᠯᠠᠨ ᠲᠥᠯᠥᠪᠯᠡᠬᠦ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠨᠡᠩ ᠣᠯᠠᠨ ᠲᠣᠭᠠᠴᠢᠯᠠᠭᠰᠠᠨ ᠵᠠᠰᠠᠭ ᠤᠨ ᠶᠠᠪᠤᠳᠠᠯ ᠤᠨ ᠲᠠᠪᠴᠠᠩ ᠢ ᠬᠤᠸᠠ ᠸᠧᠢ ᠶᠢᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠡᠭᠦᠯᠡᠨ ᠲᠥᠪ ᠲᠤ ᠲᠥᠪᠯᠡᠷᠡᠭᠦᠯᠦᠨ ᠴᠤᠭᠯᠠᠭᠤᠯᠬᠤ ᠶᠢ ᠠᠬᠢᠭᠤᠯᠵᠤ᠂ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠢ ᠥᠪᠡᠷᠲᠡᠭᠡᠨ ᠵᠠᠰᠠᠬᠤ ᠣᠷᠣᠨ ᠤ ᠳᠡᠰ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠨᠡᠪᠴᠢᠭᠦᠯᠦᠭᠦᠷ ᠤᠨ ᠲᠠᠪᠴᠠᠩ ᠪᠠᠶᠢᠭᠤᠯᠬᠤ ᠪᠠᠷ ᠴᠢᠷᠮᠠᠶᠢᠨ᠎ᠠ᠃ ᠲᠣᠭᠤᠷᠢᠭ ᠲᠤ ᠰᠠᠭᠤᠭ᠎ᠠ ᠠᠵᠤ ᠠᠬᠤᠶᠢᠯᠠᠯ ᠪᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠤᠯᠪᠤᠭᠠᠯᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠵᠦ᠂ ︽ᠠᠵᠢᠯ ᠦᠢᠯᠡᠰ ᠤᠨ ᠣᠷᠣᠨ ᠲᠤᠭ᠎ᠠ ᠶᠢ ᠠᠵᠤ ᠠᠬᠤᠶᠢᠯᠠᠯ ᠳᠤ ᠬᠡᠷᠡᠭᠯᠡᠬᠦ︾᠎ ᠶᠢ ᠰᠠᠶᠢᠲᠤᠷ ᠨᠠᠶᠢᠳᠠᠪᠤᠷᠢᠵᠢᠭᠤᠯᠤᠨ᠂ ᠵᠢᠯ ᠤᠨ ᠳᠣᠲᠣᠷ᠎ᠠ ᠳᠡᠭᠡᠳᠦ ᠳᠡᠰ ᠳᠠᠪᠬᠤᠷᠭ᠎ᠠ ᠶᠢᠨ ᠪᠠ 29 ᠴᠢᠳᠠᠪᠤᠷᠢᠲᠠᠨ ᠲᠡᠳᠡᠨ ᠣᠷᠣᠭᠤᠯᠵᠤ᠂ 24 ᠲᠤᠰᠬᠠᠢ ᠮᠡᠷᠭᠡᠵᠢᠯ ᠤᠨ ᠴᠢᠳᠠᠪᠤᠷᠢᠲᠠᠨ ᠰᠢᠨ᠎ᠡ ᠪᠠᠷ ᠨᠡᠮᠡᠭᠳᠡᠭᠦᠯᠵᠦ᠂ ᠪᠠᠶᠢᠩᠭᠤ ᠰᠠᠭᠤᠭ᠎ᠠ ᠬᠥᠮᠥᠨ ᠠᠮᠠ ᠶᠢ 20 %᠎ ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠵᠤ᠂ ᠲᠥᠷᠥ ᠶᠢᠨ ᠪᠣᠳᠣᠯᠭ᠎ᠠ᠂ ᠰᠠᠶᠢᠨ ᠣᠷᠴᠢᠨ ᠲᠣᠭᠤᠷᠢᠨ ᠢ ᠠᠰᠢᠭᠯᠠᠨ ᠨᠡᠩ ᠣᠯᠠᠨ ᠴᠢᠳᠠᠪᠤᠷᠢᠲᠠᠨ᠂ ᠨᠤᠲᠤᠭ ᠤᠨ ᠡᠷᠳᠡᠮᠲᠡᠨ ᠱᠣᠶᠢᠵᠢᠨ᠂ ᠨᠤᠲᠤᠭ ᠲᠠᠭᠠᠨ ᠪᠤᠴᠠᠵᠤ᠂ ᠲᠡᠳᠡᠨ ᠢ ᠰᠠᠨᠠᠭ᠎ᠠ ᠠᠮᠤᠷ ᠠᠵᠢᠯ ᠬᠢᠵᠦ ᠦᠢᠯᠡᠰ ᠪᠣᠰᠬᠠᠬᠤ᠂ ᠭᠡᠷ ᠨᠤᠲᠤᠭ ᠲᠠᠭᠠᠨ ᠦᠨᠡᠨᠴᠢ ᠪᠠᠷ ᠵᠣᠷᠢᠭᠤᠯᠬᠤ ᠪᠣᠯᠭᠠᠨ᠎ᠠ᠃        ᠬᠦᠴᠦ ᠪᠠᠨ ᠲᠥᠪᠯᠡᠷᠡᠭᠦᠯᠦᠨ ᠲᠤᠭ ᠲᠡᠮᠳᠡᠭ ᠭᠡᠯᠪᠡᠷᠢ ᠶᠢᠨ ᠠᠵᠤ ᠦᠢᠯᠡᠰ ᠤᠨ ᠰᠦᠷᠦᠭᠵᠢᠯ ᠢ ᠴᠣᠭᠴᠠᠯᠠᠨ ᠪᠠᠶᠢᠭᠤᠯᠤᠨ᠎ᠠ᠃ ᠮᠢᠩ ᠶᠠᠩ ᠪᠦᠯᠦᠭᠯᠡᠯ ᠠᠴᠠ ᠰᠠᠯᠬᠢᠨ ᠴᠠᠭᠢᠯᠭᠠᠨ ᠵᠢᠴᠢ ᠲᠡᠭᠦᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠮᠡᠷᠭᠡᠵᠢᠯ ᠢ ᠰᠤᠳᠤᠯᠤᠨ ᠨᠡᠭᠡᠭᠡᠬᠦ᠂ ᠡᠬᠢ ᠪᠠᠶᠠᠯᠢᠭ ᠢ ᠨᠡᠶᠢᠯᠡᠭᠦᠯᠬᠦ᠂ ᠬᠡᠪ ᠵᠠᠭᠪᠤᠷ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ ᠳᠠᠪᠠᠭᠤᠯᠢᠭ ᠲᠤ ᠲᠦᠰᠢᠭᠯᠡᠨ᠂ ᠨᠡᠶᠢᠳᠡᠮ ᠬᠡᠷᠡᠭᠯᠡᠬᠦ ᠲᠣᠨᠤᠭ᠂ ᠬᠤᠷᠳᠤᠴᠠ ᠪᠠᠭᠤᠷᠠᠭᠤᠯᠬᠤ ᠮᠠᠰᠢᠨ᠂ ᠨᠢᠰᠬᠡᠯ ᠤᠨ ᠥᠷᠥᠭᠡᠨ ᠤ ᠪᠦᠷᠬᠦᠭᠦᠯ ᠵᠡᠷᠭᠡ 17 ᠶᠡᠭᠡ ᠲᠥᠷᠥᠯ ᠤᠨ ᠲᠣᠭᠤᠷᠢᠨ ᠳᠤ᠂ ᠭᠡᠷᠡᠯ ᠴᠡᠨᠡᠭ ᠤᠨ ᠵᠢᠶᠠᠰᠠ᠂ ᠰᠠᠯᠬᠢᠨ ᠬᠦᠴᠦᠨ ᠤ ᠮᠠᠰᠢᠨ ᠤ ᠳᠠᠮᠵᠢᠭᠤᠯᠬᠤ ᠪᠦᠷᠬᠦᠭᠦᠯ ᠵᠡᠷᠭᠡ ᠵᠠᠩᠭᠢᠯᠠᠭ᠎ᠠ ᠶᠢᠨ ᠭᠤᠣᠯᠯᠠᠬᠤ ᠲᠣᠨᠤᠭ ᠤᠭᠰᠠᠷᠠᠭ᠎ᠠ ᠲᠣᠨᠤᠭ ᠦᠢᠯᠡᠳᠬᠦ ᠲᠥᠷᠥᠯ ᠵᠦᠢᠯ ᠢ ᠭᠤᠣᠯᠳᠠᠯᠭ᠎ᠠ ᠲᠠᠢ ᠣᠷᠣᠭᠤᠯᠵᠤ ᠢᠷᠡᠨ᠂ ᠨᠠᠪᠴᠢᠨ ᠤ ᠭᠤᠣᠯ ᠮᠠᠲ᠋ᠧᠷᠢᠶᠠᠯ᠂ PE ᠪᠣᠭᠤᠳᠠᠯ ᠵᠡᠷᠭᠡ ᠲᠥᠷᠥᠯ ᠵᠦᠢᠯ ᠤᠨ ᠦᠢᠯᠡᠳᠪᠦᠷᠢᠯᠡᠬᠦ ᠴᠢᠳᠠᠪᠤᠷᠢ ᠶᠢ ᠲᠦᠷᠭᠡᠨ ᠪᠦᠷᠢᠯᠳᠦᠭᠦᠯᠬᠦ ᠶᠢ ᠪᠦᠭᠦ ᠬᠦᠴᠦᠨ ᠢᠶᠠᠷ ᠠᠬᠢᠭᠤᠯᠵᠤ᠂ ᠵᠢᠯ ᠤᠨ ᠳᠣᠲᠣᠷ᠎ᠠ 10 ᠵᠦᠢᠯ ᠠᠴᠠ ᠳᠡᠭᠡᠭᠰᠢ ᠭᠠᠵᠠᠷ ᠣᠷᠣᠨ ᠳᠤ ᠰᠠᠭᠤᠷᠢᠰᠢᠭᠤᠯᠤᠨ᠂ ᠰᠠᠯᠬᠢᠨ ᠬᠦᠴᠦᠨ ᠤ ᠴᠠᠭᠢᠯᠭᠠᠨ ᠤ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ ᠢ 50 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ ᠰᠠᠯᠬᠢᠨ ᠬᠦᠴᠦᠨ ᠤ ᠴᠠᠭᠢᠯᠭᠠᠨ ᠵᠢᠴᠢ ᠲᠣᠨᠤᠭ ᠲᠥᠬᠦᠭᠡᠷᠦᠮᠵᠢ ᠦᠢᠯᠡᠳᠬᠦ ᠲᠤᠭ ᠤᠨ ᠭᠡᠯᠪᠡᠷᠢ ᠶᠢᠨ ᠠᠵᠤ ᠦᠢᠯᠡᠰ ᠤᠨ ᠪᠦᠯᠦᠭᠯᠡᠯ ᠢ ᠬᠦᠴᠦᠯᠡᠨ ᠪᠠᠶᠢᠭᠤᠯᠤᠨ᠎ᠠ᠃ ᠰᠠᠯᠬᠢᠨ ᠬᠦᠴᠦᠨ ᠤ ᠴᠠᠭᠢᠯᠭᠠᠨ ᠤ ᠰᠡᠭᠦᠯᠴᠢ ᠶᠢᠨ ᠵᠠᠬ᠎ᠠ ᠳᠡᠯᠭᠡᠭᠦᠷ ᠤᠨ ᠠᠵᠤ ᠦᠢᠯᠡᠰ ᠤᠨ ᠣᠷᠣᠭᠤᠯᠤᠯᠲᠠ ᠶᠢ ᠨᠡᠮᠡᠭᠳᠡᠭᠦᠯᠵᠦ᠂ ᠰᠠᠯᠬᠢᠨ ᠬᠦᠴᠦᠨ ᠤ ᠮᠠᠰᠢᠨ ᠲᠥᠬᠦᠭᠡᠷᠦᠮᠵᠢ ᠶᠢᠨ ᠠᠵᠢᠯ ᠠᠴᠠ ᠪᠠᠨ ᠪᠠᠭᠤᠭᠠᠳ ᠪᠤᠴᠠᠭᠠᠨ ᠬᠤᠷᠢᠶᠠᠬᠤ᠂ ᠰᠠᠯᠬᠢᠨ ᠬᠦᠴᠦᠨ ᠤ ᠴᠠᠭᠢᠯᠭᠠᠨ ᠮᠠᠰᠢᠨ ᠴᠣᠭᠴᠠᠯᠠᠪᠤᠷᠢ ᠶᠢᠨ ᠠᠵᠢᠯᠯᠠᠭᠠᠨ ᠢ ᠬᠠᠮᠠᠭᠠᠯᠠᠬᠤ᠂ ᠣᠶᠤᠨᠴᠢ ᠠᠵᠢᠯᠯᠠᠭᠠᠨ ᠤ ᠬᠠᠮᠠᠭᠠᠯᠠᠬᠤ ᠦᠢᠯᠡᠳᠬᠦᠨ ᠰᠤᠳᠤᠯᠤᠨ ᠨᠡᠭᠡᠭᠡᠬᠦ ᠵᠡᠷᠭᠡ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡᠨ ᠤ ᠠᠵᠤ ᠦᠢᠯᠡᠰ ᠢ ᠪᠦᠭᠦ ᠲᠠᠯ᠎ᠠ ᠪᠠᠷ ᠬᠥᠭᠵᠢᠭᠦᠯᠵᠦ᠂ ᠮᠠᠨ ᠤ ᠣᠷᠣᠨ ᠤ ᠬᠤᠶᠠᠳᠤᠭᠠᠷ ᠵᠠᠭᠤᠨ ᠳ᠋ᠦᠩᠰᠢᠭᠤᠷ ᠦᠢᠯᠡᠳᠬᠦᠨ ᠤ ᠥᠷᠲᠡᠭ ᠤᠨ ᠲᠤᠯᠭᠠᠭᠤᠷᠢ ᠠᠵᠤ ᠦᠢᠯᠡᠰ ᠢ ᠲᠦᠷᠭᠡᠳᠬᠡᠨ ᠪᠤᠢ ᠪᠤᠯᠭᠠᠵᠤ᠂ ᠥᠪᠡᠷᠲᠡᠭᠡᠨ ᠵᠠᠰᠠᠬᠤ ᠣᠷᠣᠨ ᠤ ᠬᠡᠪᠴᠢᠶ᠎ᠡ ᠪᠠᠷ ᠬᠠᠮᠤᠭ ᠤᠨ ᠶᠡᠭᠡ᠂ ᠠᠵᠤ ᠦᠢᠯᠡᠰ ᠤᠨ ᠬᠡᠯᠬᠢᠶ᠎ᠡ ᠪᠠᠷ ᠬᠠᠮᠤᠭ ᠤᠨ ᠪᠦᠷᠢᠨ᠂ ᠲᠥᠪᠯᠡᠷᠡᠭᠦᠯᠦᠨ ᠵᠢᠷᠤᠭᠯᠠᠨ ᠲᠥᠯᠥᠪᠯᠡᠵᠦ᠂ ᠦᠢᠯᠡᠳᠪᠦᠷᠢᠯᠡᠵᠦ ᠠᠵᠢᠯᠯᠠᠭᠤᠯᠤᠨ ᠡᠵᠡᠩᠨᠡᠵᠦ ᠬᠠᠮᠠᠭᠠᠯᠠᠬᠤ ᠶᠢ ᠨᠢᠭᠡ ᠴᠣᠭᠴᠠᠵᠢᠭᠤᠯᠤᠭᠰᠠᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠲᠥᠪᠯᠡᠷᠡᠭᠰᠡᠨ ᠣᠷᠣᠨ ᠢ ᠬᠦᠴᠦᠯᠡᠨ ᠪᠤᠢ ᠪᠣᠯᠭᠠᠨ᠎ᠠ᠃         ᠤᠯᠠᠮᠵᠢᠯᠠᠯᠲᠤ ᠠᠵᠤ ᠦᠢᠯᠡᠰ ᠤᠨ ︽ᠭᠤᠷᠪᠠᠵᠢᠯᠲᠠ︾᠎ ᠶᠢᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ᠃ ᠤᠯᠠᠮᠵᠢᠯᠠᠯᠲᠤ ᠠᠵᠤ ᠦᠢᠯᠡᠰ ᠢ ᠳᠡᠭᠡᠳᠦ ᠳᠡᠰᠵᠢᠭᠦᠯᠭᠦ᠂ ᠣᠶᠤᠨᠴᠢᠯᠠᠬᠤ᠂ ᠪᠣᠬᠢᠷᠳᠤᠯ ᠦᠭᠡᠢ ᠳᠡᠰ ᠳᠡᠪᠰᠢᠭᠦᠯᠬᠦ ᠥᠭᠡᠷᠡᠴᠢᠯᠡᠯᠲᠡ᠂ ᠬᠡᠯᠬᠢᠶᠡᠵᠢᠭᠦᠯᠦᠨ ᠨᠥᠬᠦᠪᠦᠷᠢᠯᠡᠬᠦ ᠲᠣᠭᠤᠷᠢᠨ ᠳᠤ᠂ ᠠᠽᠢᠶ᠎ᠠ ᠲᠢᠪ ᠤᠨ ᠰᠢᠨ᠎ᠡ ᠨᠢᠭᠡ ᠬᠤᠭᠤᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠭᠠᠵᠠᠷ ᠬᠥᠳᠡᠯᠦᠯᠲᠡ ᠶᠢ ᠳᠠᠭᠠᠭᠠᠬᠤ ᠥᠨᠳᠥᠷ ᠬᠦᠴᠦᠯᠡᠴᠡᠲᠦ ᠡᠷᠭᠢᠭᠦᠯᠭᠡᠨ ᠠᠷᠲᠤ ᠪᠣᠯᠣᠳ᠂ ᠳᠡᠭᠡᠳᠦ ᠬᠤᠷᠳᠤᠴᠠᠲᠤ ᠤᠲᠠᠰᠤᠨ ᠮᠠᠲ᠋ᠧᠷᠢᠶᠠᠯ ᠤᠨ ᠪᠦᠲᠦᠭᠡᠭᠳᠡᠬᠦᠨ ᠢ ᠳᠡᠭᠡᠳᠦ ᠳᠡᠰ ᠤᠨ ᠦᠢᠯᠡᠳᠬᠦᠨ ᠤ ᠬᠦᠷᠢᠶ᠎ᠡ ᠳᠠᠰᠢ ᠤᠷᠲᠤᠳᠬᠠᠬᠤ ᠶᠢ ᠲᠦᠷᠭᠡᠳᠬᠡᠨ᠎ᠡ᠃ ᠥᠨᠳᠥᠷ ᠵᠤᠤᠬ᠎ᠠ ( ᠨᠢᠭᠡᠳᠦᠭᠡᠷ ᠬᠤᠭᠤᠴᠠᠭ᠎ᠠ ) ᠵᠢᠴᠢ ᠲᠥᠬᠦᠷ ᠪᠡᠯᠡᠳᠬᠡᠮᠵᠢ ᠶᠢᠨ ᠪᠣᠬᠢᠷᠳᠤᠯ ᠦᠭᠡᠢ ᠳᠡᠰ ᠳᠡᠪᠰᠢᠭᠦᠯᠬᠦ ᠮᠡᠷᠭᠡᠵᠢᠯ ᠤᠨ ᠥᠭᠡᠷᠡᠴᠢᠯᠡᠯᠲᠡ ᠵᠡᠷᠭᠡ 9 ᠲᠥᠷᠥᠯ ᠵᠦᠢᠯ ᠢ ᠬᠡᠷᠡᠭᠵᠢᠭᠦᠯᠵᠦ᠂ ᠳᠡᠳ᠋ ᠰᠢᠨ᠎ᠡ 50MW ᠨᠡᠭᠦᠷᠡᠰᠦᠨ ᠬᠡᠢ ᠪᠠᠷ ᠴᠠᠭᠢᠯᠭᠠᠨ ᠭᠠᠷᠭᠠᠬᠤ ᠶᠡᠷᠦᠩᠬᠡᠶᠢᠯᠡᠨ ᠠᠰᠢᠭᠯᠠᠬᠤ ᠦᠢᠯᠡᠳᠪᠦᠷᠢᠯᠡᠯ ᠪᠠ ᠦᠷ᠎ᠡ ᠠᠰᠢᠭ ᠣᠯᠬᠤ ᠶᠢ ᠲᠦᠷᠭᠡᠬᠡᠨ ᠪᠡᠶᠡᠯᠡᠭᠦᠯᠵᠦ᠂ ᠦᠢᠯᠡᠳᠬᠦᠨ ᠤ ᠮᠡᠷᠭᠡᠵᠢᠯ᠂ ᠤᠷᠠᠨ ᠳᠠᠷᠭ᠋᠎ᠠ ᠶᠢᠨ ᠲᠣᠨᠤᠭ ᠲᠥᠬᠦᠭᠡᠷᠦᠮᠵᠢ᠂ ᠡᠨᠧᠷᠭᠢ ᠶᠢᠨ ᠦᠷ᠎ᠡ ᠠᠰᠢᠭ ᠤᠨ ᠣᠷᠴᠢᠨ ᠲᠣᠭᠤᠷᠢᠨ ᠢ ᠬᠠᠮᠠᠭᠠᠯᠠᠬᠤ ᠬᠢᠷᠢ ᠬᠡᠮᠵᠢᠶ᠎ᠡ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠡᠮᠦᠷ ᠤᠨ ᠬᠠᠶᠢᠯᠤᠰᠢ ᠶᠢᠨ ᠠᠵᠢᠯ ᠲᠥᠷᠥᠯ ᠤᠨ ᠦᠢᠯᠡᠳᠪᠦᠷᠢᠯᠡᠬᠦ ᠴᠢᠳᠠᠪᠤᠷᠢ ᠶᠢ ᠰᠣᠯᠢᠬᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠢᠳᠡᠪᠬᠢᠲᠡᠢ ᠠᠬᠢᠭᠤᠯᠵᠤ᠂ ᠺᠦᠨ ᠳ᠋ᠡ ᠰᠢᠨ ᠤ 40 ᠲᠦᠮᠡᠨ ᠲᠤᠨ ᠤ ᠣᠨᠴᠠ ᠲᠥᠷᠥᠯ ᠤᠨ ᠲᠡᠮᠦᠷ ᠤᠨ ᠬᠠᠶᠢᠯᠤᠰᠢ ᠶᠢᠨ ᠲᠥᠷᠥᠯ ᠵᠦᠢᠯ ᠢ ᠡᠷᠲᠡᠬᠡᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ︽ᠬᠤᠪᠣᠷ ᠰᠢᠷᠣᠢ +︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠳᠣᠣᠷ᠎ᠠ ᠤᠷᠤᠰᠬᠠᠯ ᠤᠨ ᠬᠤᠪᠣᠷ ᠰᠢᠷᠣᠢ ᠶᠢᠨ ᠬᠠᠶᠢᠯᠤᠰᠢ ᠶᠢ ᠳᠠᠶᠢᠴᠢᠯᠠᠨ᠂ ᠨᠠᠷᠢᠯᠢᠭ ᠭᠦᠨ ᠪᠤᠯᠪᠠᠰᠤᠷᠠᠭᠤᠯᠬᠤ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠵᠤ᠂ ᠦᠢᠯᠡᠳᠬᠦᠨ ᠤ ᠨᠡᠮᠡᠯᠲᠡ ᠥᠷᠲᠡᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠨᠡᠭᠦᠷᠡᠰᠦ ᠶᠢ ᠡᠳᠰᠢᠭᠦᠯᠭᠦ ᠶᠢ ᠨᠠᠷᠢᠯᠢᠭᠵᠢᠭᠤᠯᠬᠤ ᠶᠢ ᠦᠷᠭᠦᠯᠵᠢᠯᠡᠨ ᠠᠬᠢᠭᠤᠯᠵᠤ᠂ ᠤᠷᠲᠤᠷᠢᠭ ᠥᠷᠭᠡᠷᠢᠭ ᠡᠨᠧᠷᠭᠢᠴᠢᠯᠡᠭᠰᠡᠨ ᠬᠠᠭᠤᠷᠠᠢ ᠬᠡᠦᠷᠰᠢᠭᠦᠯᠬᠦ ᠲᠥᠷᠥᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠵᠤ᠂ ᠬᠡᠦᠷᠰᠢᠭᠦᠯᠬᠦ᠂ ᠨᠡᠭᠦᠷᠡᠰᠦᠨ ᠴᠢᠯᠠᠭᠤ ᠵᠡᠷᠭᠡ ᠠᠵᠤ ᠦᠢᠯᠡᠰ ᠤᠨ ᠬᠥᠨᠳᠡᠯᠡᠨ ᠢᠶᠠᠷ ᠬᠤᠯᠪᠣᠯᠳᠤᠬᠤ ᠪᠠ ᠭᠤᠯᠳᠤ ᠪᠠᠷ ᠤᠷᠲᠤᠳᠬᠤ ᠶᠢ ᠠᠬᠢᠭᠤᠯᠤᠨ᠎ᠠ᠃         ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠦᠴᠦᠨ ᠢᠶᠠᠨ ᠲᠥᠪᠯᠡᠷᠡᠭᠦᠯᠦᠨ ᠪᠤᠵᠠᠭᠠᠶᠢᠷᠠᠭᠤᠯᠤᠨ᠎ᠠ᠃ ᠱᠦᠨ ᠹᠧᠩ᠂ ᠵᠢᠩ ᠳ᠋ᠦᠩ᠂ ᠮᠧᠢ ᠲᠤᠸᠠᠨ᠂ ᠳ᠋ᠧ ᠪᠠᠩ ᠵᠡᠷᠭᠡ ᠳᠤᠮᠳᠠ ᠠᠴᠠ ᠨᠢ ᠬᠥᠮᠥᠷᠭᠡ ᠳᠠᠮᠵᠢᠭᠤᠯᠬᠤ ᠳᠠᠪᠠᠭᠤᠯᠢᠭ ᠢ ᠭᠦᠢᠴᠡᠳ ᠠᠭᠤᠳᠠᠯᠵᠤ᠂ ᠨᠡᠩ ᠣᠯᠠᠨ ᠶᠡᠷᠦᠩᠬᠡᠢ ᠬᠡᠯᠲᠡᠰ ᠤᠨ ᠠᠵᠤ ᠠᠬᠤᠢ ᠮᠠᠨ ᠤ ᠣᠷᠣᠨ ᠳᠤ ᠰᠠᠭᠤᠷᠢᠰᠢᠬᠤ ᠶᠢ ᠵᠣᠯᠭᠠᠯᠳᠤᠭᠤᠯᠤᠨ᠂ ᠪᠠᠷᠠᠭ᠎ᠠ ᠶᠢᠨ ᠭᠦᠢᠯᠭᠡᠭᠡᠨ ᠤ ᠦᠢᠯᠡᠰ ᠤᠨ ᠨᠡᠮᠡᠭᠳᠡᠯ ᠥᠷᠲᠡᠭ ᠢ 12 % ᠎ ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠬᠤ ᠬᠡᠷᠡᠭᠲᠡᠢ᠃ ᠰᠢᠶᠠᠩ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠳᠤᠲᠠᠭᠳᠠᠯ ᠢ ᠦᠷᠭᠦᠯᠵᠢᠯᠡᠨ ᠨᠥᠬᠦᠪᠦᠷᠢᠯᠡᠵᠦ᠂ ᠳᠡᠭᠡᠳᠦ ᠱᠠᠲᠤᠨ ᠤ ᠪᠡᠯᠡ ᠮᠥᠩᠭᠦ ᠶᠢ ᠴᠢᠷᠮᠠᠶᠢᠨ ᠣᠯᠵᠤ ᠪᠠᠶᠢᠭᠠᠳ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠶᠡᠷᠦᠩᠬᠡᠶᠢᠯᠡᠭᠰᠡᠨ ᠬᠤᠳᠠᠯᠳᠤᠭᠠᠨ ᠤ ᠭᠡᠳᠦ ᠥᠭᠡᠷᠡᠴᠢᠯᠡᠯᠲᠡ ᠪᠠ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠠᠷᠠᠯᠵᠢᠶ᠎ᠠ ᠬᠤᠳᠠᠯᠳᠤᠭᠠᠨ ᠤ ᠶᠡᠷᠦᠩᠬᠡᠢ ᠴᠣᠭᠴᠠ᠂ ᠭᠡᠰᠢᠭᠦᠳ ᠤᠨ ᠳᠦᠷᠢᠮᠲᠦ ᠪᠠᠷᠠᠭ᠎ᠠ ᠬᠤᠳᠠᠯᠳᠤᠨ ᠠᠪᠬᠤ ᠲᠥᠪ᠂ ᠣᠳᠣᠨ ᠳᠡᠰ ᠤᠨ ᠪᠠᠭᠤᠳᠠᠯ ᠵᠡᠷᠭᠡ ᠲᠥᠷᠥᠯ ᠵᠦᠢᠯ ᠢ ᠡᠷᠲᠡᠬᠡᠨ ᠪᠠᠶᠢᠷᠢᠰᠢᠭᠤᠯᠵᠤ᠂ ᠣᠳᠣ ᠦᠶ᠎ᠡ ᠶᠢᠨ ᠠᠮᠢᠳᠤᠷᠠᠯ ᠤᠨ ᠦᠢᠯᠡᠴᠢᠯᠡᠭᠡᠨ ᠤ ᠦᠢᠯᠡᠰ ᠤᠨ ᠳᠡᠰ ᠳᠡᠪᠰᠢᠬᠦ ᠶᠢ ᠠᠬᠢᠭᠤᠯᠤᠨ᠎ᠠ᠃ᠮᠧᠩ ᠬᠤᠢ ᠢᠳᠡᠭᠡᠨ᠂ ᠰᠥᠩ ᠭᠦ᠋ ᠦ᠋᠂ ᠮᠢ ᠨᠠᠰᠤᠲᠠᠨ ᠵᠡᠷᠭᠡ ᠨᠡᠷᠡᠲᠦ ᠢᠳᠡᠭᠡᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠬᠤᠯᠪᠤᠭᠠᠯᠠᠨ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠵᠢᠴᠢ ᠣᠶᠤᠨᠴᠢ ᠪᠤᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠪᠤᠭᠤᠲᠤ ᠶᠢᠨ ᠠᠩᠬᠠᠳᠠᠭᠴᠢ ︽ᠢᠳᠡᠭᠡᠨ ᠤ ᠦᠦ ᠲᠧ ᠯᠠᠢ ᠰᠧ︾᠎ ᠶᠢ ᠡᠭᠦᠳᠴᠡᠢ᠃ ᠹᠦᠵᠢᠶᠠᠨ ᠤ ᠡᠮᠦᠨᠡᠲᠦ ᠬᠡᠰᠡᠭ ᠤᠨ ᠡᠳ᠋ ᠪᠠᠷᠠᠭᠠᠨ ᠤ ᠬᠦᠷᠢᠶᠡᠯᠡᠩ ᠪᠠ ᠷᠦᠩ ᠪᠠᠩ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠴᠢᠳᠠᠪᠬᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠨᠠᠷᠢᠯᠢᠭ ᠨᠡᠷᠡᠭᠰᠡᠨ ᠫᠢᠸᠤ᠋᠂ ᠬᠤᠲᠠ ᠬᠥᠳᠡᠭᠡ ᠶᠢᠨ ᠬᠦᠢᠲᠡᠨ ᠰᠣᠷᠭᠤᠭ ᠬᠡᠯᠬᠢᠶᠡᠵᠢᠯ ᠤᠨ ᠬᠠᠩᠭᠠᠨ ᠪᠣᠷᠤᠯᠠᠭᠤᠯᠭ᠎ᠠ᠂ ᠶᠠᠩ ᠫᠦ᠋ ᠬᠥᠩᠭᠡᠨ ᠮᠣᠳᠣ ᠪᠠ PET ᠪᠤᠯᠪᠠᠰᠤᠷᠠᠭᠤᠯᠬᠤ᠂ ᠵᠢᠦ ᠰᠢᠨ ᠡᠨᠧᠷᠭᠢ ᠪᠠᠷ ᠴᠠᠭᠢᠯᠭᠠᠨ ᠰᠣᠯᠢᠵᠤ ᠤᠭᠰᠠᠷᠠᠬᠤ ᠵᠡᠷᠭᠡ ᠲᠥᠷᠥᠯ ᠵᠦᠢᠯ ᠢ ᠤᠷᠢᠨ ᠣᠷᠣᠭᠤᠯᠤᠨ᠎ᠠ᠃ ᠵᠢᠯᠣᠭᠤᠴᠢ ᠦᠭᠡᠢ ᠨᠢᠰᠬᠡᠯ ᠤᠨ ᠰᠣᠷᠢᠯᠲᠠ᠂ ᠪᠣᠯᠪᠠᠰᠤᠷᠠᠯ᠂ ᠰᠤᠳᠤᠯᠭᠠᠨ ᠤ ᠪᠣᠯᠣᠨ ᠪᠠᠷᠠᠭ᠎ᠠ ᠲᠡᠭᠡᠭᠡᠪᠦᠷᠢ ᠶᠢᠨ ᠬᠦᠢᠰᠦ ᠵᠢᠴᠢ ᠲᠣᠭᠲᠠᠮᠠᠯ ᠵᠢᠭᠦᠷᠲᠦ ᠨᠢᠰᠬᠡᠯ ᠦᠢᠯᠡᠳᠬᠦ ᠵᠡᠷᠭᠡ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠤ ᠦᠢᠯᠡᠰ ᠢ ᠢᠳᠡᠪᠬᠢᠲᠡᠢ ᠪᠣᠶᠢᠵᠢᠭᠤᠯᠵᠤ᠂ ᠲᠤᠰ ᠵᠢᠯ ᠳᠤ 8 ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠪᠠ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠬᠤᠣᠰ ᠴᠢᠭᠯᠡᠯ ᠢᠶᠠᠷ ᠬᠥᠭᠵᠢᠬᠦ ᠶᠢ ᠠᠬᠢᠭᠤᠯᠤᠨ᠎ᠠ᠃         ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠭᠦ ᠪᠠᠷ ᠴᠢᠷᠮᠠᠶᠢᠨ᠎ᠠ᠃ ᠳᠠᠯᠠᠨ ᠬᠠᠷ᠎ᠠ ᠠᠭᠤᠯᠠ ᠶᠢᠨ ᠴᠡᠷᠢᠭ ᠤᠨ ᠶᠠᠪᠤᠳᠠᠯ᠂ ᠠᠵᠤ ᠦᠢᠯᠡᠳᠪᠦᠷᠢ ᠶᠢᠨ ᠺᠢᠨᠣ ᠲᠧᠯᠸᠢᠰ ᠤᠨ ᠰᠠᠭᠤᠷᠢᠨ ᠭᠠᠵᠠᠷ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠳᠤᠯᠭ᠎ᠠ ᠪᠣᠯᠪᠠᠰᠤᠷᠠᠯ ᠤᠨ ᠰᠤᠷᠭᠠᠨ ᠬᠥᠮᠦᠵᠢᠯ ᠤᠨ ᠬᠡᠪᠯᠡᠯ ᠤᠨ ᠬᠡᠰᠡᠭ ᠢ ᠲᠦᠷᠭᠡᠬᠡᠨ ᠠᠵᠢᠯ ᠡᠬᠢᠯᠡᠭᠦᠯᠬᠦ ᠶᠢ ᠭᠤᠣᠯᠳᠠᠯᠭ᠎ᠠ ᠲᠠᠢ ᠠᠬᠢᠭᠤᠯᠵᠤ᠂ ᠾᠧᠩ ᠳ᠋ᠢᠶᠠᠨ ᠺᠢᠨᠣ ᠲᠧᠯᠸᠢᠰ ᠤᠨ ᠬᠤᠲᠠ ᠵᠡᠷᠭᠡ ᠲᠡᠷᠢᠭᠦᠨ ᠤ ᠲᠤᠷᠰᠢᠯᠭ᠎ᠠ ᠶᠢ ᠢᠳᠡᠪᠬᠢᠲᠡᠢ ᠰᠤᠷᠤᠯᠴᠠᠨ᠂ ᠺᠢᠨᠣ ᠲᠧᠯᠸᠢᠰ ᠤᠨ ᠵᠢᠷᠤᠭᠯᠠᠯ᠂ ᠵᠢᠭᠤᠯᠴᠢᠯᠠᠯ᠂ ᠣᠷᠣᠨ ᠰᠠᠭᠤᠴᠠ ᠶᠢ ᠨᠢᠭᠡ ᠴᠣᠭᠴᠠᠵᠢᠭᠤᠯᠤᠭᠰᠠᠨ ︽ᠪᠦᠭᠦ ᠠᠵᠤ ᠦᠢᠯᠡᠰ ᠤᠨ ᠬᠡᠯᠬᠢᠶ᠎ᠡ︾ ᠭᠡᠯᠪᠡᠷᠢ ᠶᠢᠨ ᠺᠢᠨᠣ ᠲᠧᠯᠸᠢᠰ ᠤᠨ ᠰᠠᠭᠤᠷᠢᠨ ᠭᠠᠵᠠᠷ ᠢ ᠴᠣᠭᠴᠠᠯᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠺᠢᠨᠣ ᠲᠧᠯᠸᠢᠰ ᠤᠨ ᠠᠵᠤ ᠦᠢᠯᠡᠰ ᠤᠨ ᠲᠤᠷᠰᠢᠯᠲᠠ ᠶᠢᠨ ᠣᠷᠣᠨ ᠤ ᠠᠩᠬᠠᠳᠠᠭᠴᠢ ᠲᠤᠷᠰᠢᠯᠲᠠ ᠶᠢᠨ ᠣᠷᠣᠨ ᠢ ᠴᠣᠭᠴᠠᠯᠠᠨ ᠪᠠᠶᠢᠭᠤᠯᠬᠤ ᠪᠠᠷ ᠴᠢᠷᠮᠠᠶᠢᠨ᠎ᠠ᠃ ᠠᠵᠤ ᠦᠢᠯᠡᠳᠪᠦᠷᠢ ᠶᠢᠨ ᠦᠯᠡᠳᠡᠭᠳᠡᠯ ᠢ ᠬᠠᠮᠠᠭᠠᠯᠠᠨ ᠨᠡᠭᠡᠭᠡᠨ ᠬᠥᠭᠵᠢᠭᠦᠯᠬᠦ ᠬᠦᠴᠦᠯᠡᠴᠡ ᠪᠠᠨ ᠨᠡᠮᠡᠭᠳᠡᠭᠦᠯᠵᠦ᠂ ᠵᠣᠣ ᠪᠧᠢ ᠴᠠᠩ ᠴᠧᠩ ᠰᠣᠶᠣᠯ ᠤᠨ ᠦᠵᠡᠭᠦᠯᠦᠯᠭᠡ ᠶᠢᠨ ᠲᠣᠭᠤᠷᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠤᠷᠲᠤ ᠴᠠᠭᠠᠨ ᠬᠡᠷᠡᠮ ᠤᠨ ᠰᠣᠶᠣᠯ ᠢ ᠴᠢᠨᠠᠭᠰᠢᠳᠠ ᠠᠭᠤᠳᠠᠯᠵᠤ᠂ ᠤᠷᠲᠤ ᠴᠠᠭᠠᠨ ᠬᠡᠷᠡᠮ ᠤᠨ ᠦᠯᠢᠭᠡᠷ ᠢ ᠰᠠᠶᠢᠲᠤᠷ ᠶᠠᠷᠢᠨ᠎ᠠ᠃ ︽ᠪᠠᠶᠠᠰᠬᠤᠯᠠᠩᠲᠤ ᠰᠢᠭᠤᠶᠢᠲᠤ︾ ᠰᠣᠶᠣᠯ ᠵᠢᠭᠤᠯᠴᠢᠯᠠᠯ ᠤᠨ ᠳᠡᠯᠭᠡᠷᠡᠭᠦᠯᠦᠯᠲᠡ ᠶᠢᠨ ᠤᠯᠠᠷᠢᠯ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠣᠷᠣᠢ ᠶᠢᠨ ᠬᠤᠲᠠ ᠵᠡᠷᠭᠡ ᠰᠢᠷᠢᠰ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠭᠢᠯᠡᠵᠦ᠂ ᠮᠠᠨ ᠤ ᠣᠷᠣᠨ ᠤ ᠠᠩᠬᠠᠳᠠᠭᠴᠢ ︽ᠥᠪᠥᠷ ᠮᠣᠩᠭᠤᠯ ᠤᠨ ᠪᠡᠯᠡᠭ︾᠎ ᠤᠨ ᠪᠣᠳᠠᠲᠤ ᠴᠣᠭᠴᠠ ᠶᠢᠨ ᠳᠡᠯᠭᠡᠭᠦᠷ ᠢ ᠪᠠᠶᠢᠭᠤᠯᠵᠤ᠂ ᠪᠠᠳᠺᠠᠷ ᠵᠣᠣ᠂ ᠴᠡᠴᠡᠭ ᠤᠨ ᠪᠥᠵᠢᠭ ᠤᠨ ᠬᠥᠮᠥᠨ ᠤ ᠥᠷᠥᠭᠡ ᠂ ᠪᠤᠭᠤᠲᠤ ᠬᠤᠲᠠ ᠶᠢᠨ ᠡᠷᠲᠡᠨ ᠤ ᠬᠤᠲᠠ ᠵᠡᠷᠭᠡ ᠦᠵᠡᠮᠵᠢ ᠶᠢᠨ ᠣᠷᠣᠨ ᠳᠤ ᠲᠦᠰᠢᠭᠯᠡᠨ᠂ ᠵᠢᠭᠤᠯᠴᠢᠯᠠᠯ ᠤᠨ ᠬᠤᠳᠠᠯᠳᠤᠨ ᠠᠪᠴᠤ ᠲᠣᠭᠤᠷᠢᠨ ᠦᠵᠡᠬᠦ ᠰᠢᠨ᠎ᠡ ᠡᠵᠡᠩᠨᠡᠯᠲᠡ ᠶᠢᠨ ᠪᠠᠶᠢᠳᠠᠯ ᠢ ᠨᠡᠮᠡᠭᠳᠡᠭᠦᠯᠵᠦ᠂ ᠣᠳᠣᠨ ᠳᠡᠰ ᠤᠨ ᠵᠢᠭᠤᠯᠴᠢᠯᠠᠯ ᠤᠨ ᠠᠷᠠᠳ ᠤᠨ ᠪᠠᠶᠢᠷᠢ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠥᠪᠡᠷ ᠢᠶᠠᠨ ᠲᠡᠷᠭᠡ ᠵᠢᠯᠤᠭᠤᠳᠬᠤ ᠵᠠᠳᠠᠭᠠᠢ ᠰᠠᠭᠤᠷᠢᠨ ᠭᠠᠵᠠᠷ ᠢ 2 ᠪᠠᠶᠢᠭᠤᠯᠬᠤ ᠪᠠᠷ ᠴᠢᠷᠮᠠᠶᠢᠵᠤ᠂ ᠰᠥᠨᠢ ᠶᠢᠨ ᠠᠵᠤ ᠠᠬᠤᠢ ᠶᠢᠨ ᠬᠡᠷᠡᠭᠯᠡᠭᠡᠨ ᠤ ᠳᠠᠯᠳᠠ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ︽  ᠰᠢᠭᠤᠶᠢᠲᠤ ᠲᠣᠭᠤᠷᠢᠭ ᠲᠤ ᠨᠠᠭᠠᠳᠬᠤ︾᠎ ᠢ ᠨᠡᠩ ᠣᠯᠠᠨ ᠬᠤᠲᠠ ᠶᠢᠨ ᠠᠷᠠᠳ ᠤᠨ ᠲᠡᠷᠢᠭᠦᠨ ᠰᠣᠩᠭᠤᠯᠲᠠ ᠪᠣᠯᠭᠠᠨ᠎ᠠ᠃ ︽ᠰᠢᠭᠤᠶᠢᠲᠤ ᠲᠠᠢ ᠲᠣᠬᠢᠶᠠᠯᠳᠤᠬᠤ︾ ᠰᠢᠷᠢᠰ ᠠᠵᠢᠯᠯᠠᠭ᠎ᠠ ᠶᠢ ᠡᠷᠭᠢᠯᠡᠵᠦ᠂ ᠪᠦᠭᠦ ᠬᠤᠲᠠ ᠶᠢᠨ ᠠᠩᠬᠠᠳᠠᠭᠴᠢ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠭᠰᠡᠨ ᠵᠢᠱᠢᠶ᠎ᠡ ᠦᠵᠡᠭᠦᠯᠭᠦ ᠲᠣᠭᠤᠷᠢᠭ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠵᠢᠱᠢᠶ᠎ᠡ ᠦᠵᠡᠭᠦᠯᠭᠦ ᠲᠣᠭᠤᠷᠢᠭ ᠢ ᠴᠢᠷᠮᠠᠶᠢᠨ ᠡᠭᠦᠳᠦᠨ᠎ᠡ᠃ ︽ᠪᠡᠳᠭᠡᠷ ᠵᠣᠣ︾ ᠬᠤᠨᠳᠠᠭᠠᠲᠤ ᠪᠦᠭᠦ ᠤᠯᠤᠰ ᠤᠨ ᠳᠤᠭᠤᠢ ᠲᠡᠷᠭᠡᠨ ᠤ ᠤᠷᠢᠯᠭ᠎ᠠ ᠶᠢᠨ ᠤᠷᠤᠯᠳᠤᠭᠠᠨ ᠵᠡᠷᠭᠡ ᠡᠯ᠎ᠡ ᠵᠦᠢᠯ ᠤᠨ ᠤᠷᠤᠯᠳᠤᠭᠠᠨ ᠢ ᠨᠠᠷᠢᠨ ᠨᠢᠮᠪᠠᠢ ᠰᠠᠶᠢᠲᠤᠷ ᠡᠷᠭᠢᠯᠡᠵᠦ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠭᠦᠨᠵᠡᠭᠡᠢ ᠬᠥᠭᠵᠢᠭᠦᠯᠦᠨ᠎ᠡ᠃ ᠪᠠᠳᠺᠠᠷ ᠵᠣᠣ ᠰᠦᠮ᠎ᠡ ᠶᠢᠨ ᠦᠵᠡᠮᠵᠢ ᠶᠢᠨ ᠣᠷᠣᠨ ᠤ ᠵᠤᠭᠠᠴᠠᠯ ᠤᠨ ᠵᠠᠰᠠᠮᠠᠯ ᠵᠠᠮ ᠤᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠠᠷ ᠭᠦᠢᠴᠡᠳᠬᠡᠯ ᠢ ᠬᠢᠬᠦ ᠶᠢ ᠵᠣᠬᠢᠴᠠᠭᠤᠯᠤᠨ᠂ 2023 ᠣᠨ ᠳᠤ ᠪᠠᠷᠢᠯᠭ᠎ᠠ ᠶᠢᠨ ᠠᠵᠢᠯ ᠢ ᠰᠡᠷᠭᠦᠭᠡᠵᠦ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃         ( ᠬᠤᠶᠠᠷ ) ︽ᠬᠤᠶᠠᠷ ᠰᠢᠨ᠎ᠡ︾᠎ ᠶᠢ ᠪᠣᠶᠢᠵᠢᠭᠤᠯᠵᠤ ︽ᠨᠡᠮᠡᠭᠳᠡᠯ ᠤᠨ ᠬᠡᠮᠵᠢᠶ᠎ᠡ︾᠎ ᠶᠢ ᠠᠳᠬᠤᠬᠤ ᠪᠠᠷ ᠲᠤᠯᠭᠠᠭᠤᠷᠢᠯᠠᠭᠤᠯᠵᠤ᠂ ᠭᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠰᠢᠨ᠎ᠡ ᠡᠨᠧᠷᠭᠢ ᠶᠢᠨ ᠳᠡᠰ ᠢ ᠴᠢᠩᠭᠠᠳᠬᠠᠬᠤ ᠲᠠᠯ᠎ᠠ ᠪᠠᠷ ᠳᠠᠬᠢᠨᠲᠠ ᠬᠦᠴᠦ ᠲᠠᠯᠪᠢᠨ᠎ᠠ ᠬᠦᠴᠦ ᠪᠠᠨ ᠲᠥᠪᠯᠡᠷᠡᠭᠦᠯᠦᠨ ᠪᠠᠶᠢᠯᠳᠤᠬᠤ ᠰᠢᠨ᠎ᠡ ᠠᠵᠤ ᠦᠢᠯᠡᠰ ᠢ ᠪᠣᠶᠢᠵᠢᠭᠤᠯᠤᠨ᠎ᠠ᠃ ᠰᠢᠨ᠎ᠡ ᠡᠨᠧᠷᠭᠢ ᠪᠠᠷ ᠰᠢᠨ᠎ᠡ ᠠᠵᠤ ᠦᠢᠯᠡᠳᠪᠦᠷᠢ ᠶᠢ ᠳᠠᠶᠢᠴᠢᠯᠠᠬᠤ ᠶᠢ ᠪᠠᠷᠢᠮᠲᠠᠯᠠᠵᠤ᠂ ︽ᠬᠤᠶᠠᠷ ᠲᠥᠪ︾᠎ ᠤᠨ ᠪᠠᠶᠢᠯᠳᠤᠬᠤ ᠪᠣᠳᠣᠯᠭ᠎ᠠ ᠳᠤ ᠪᠦᠭᠦ ᠲᠠᠯ᠎ᠠ ᠪᠠᠷ ᠠᠭᠤᠰᠤᠯᠴᠠᠬᠤ ᠪᠠᠷ ᠭᠤᠣᠯᠯᠠᠭᠤᠯᠤᠨ᠂ ᠮᠢᠩ ᠶᠠᠩ ᠤᠨ 200MWᠸᠣᠯᠲ ᠲᠥᠪᠯᠡᠷᠡᠭᠦᠯᠦᠨ ᠠᠵᠢᠯ ᠲᠥᠷᠥᠯ ᠤᠨ ᠤᠷᠤᠯᠳᠤᠭᠠᠨ ᠢ ᠵᠢᠯ ᠤᠨ ᠳᠣᠲᠣᠷ᠎ᠠ ᠰᠦᠯᠵᠢᠶ᠎ᠡ ᠨᠡᠶᠢᠯᠡᠭᠦᠯᠦᠨ᠂ 350MWᠪᠣᠬᠢᠷᠳᠤᠯ ᠦᠭᠡᠢ ᠳᠠᠭᠢᠨ ᠡᠭᠦᠰᠴᠦ ᠪᠤᠯᠬᠤ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠲᠤᠬᠠᠢ ᠶᠢᠨ ᠭᠠᠵᠠᠷ ᠲᠤᠨᠢ ᠪᠠᠭᠲᠠᠭᠠᠨ ᠰᠢᠩᠭᠡᠭᠡᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠹᠧᠩ 1 ᠴᠠᠭᠢᠯᠭᠠᠨ ᠬᠦᠷᠭᠡᠬᠦ ᠬᠤᠪᠢᠰᠬᠠᠬᠤ ᠨᠡᠪᠲᠡᠷᠡᠬᠦ ᠵᠠᠮ ᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠭᠠᠨ ᠦᠯᠡᠳᠡᠭᠡᠵᠦ ᠠᠪᠬᠤ ᠶᠢ ᠢᠳᠡᠪᠬᠢᠲᠡᠢ ᠲᠡᠮᠡᠴᠡᠨ ᠣᠯᠵᠤ᠂ ᠭᠡᠷ ᠤᠨ ᠠᠳᠠᠭᠠᠷ ᠤᠨ ᠲᠠᠷᠬᠠᠯᠲᠠ ᠶᠢᠨ ᠭᠡᠯᠪᠡᠷᠢ ᠶᠢᠨ ᠭᠡᠷᠡᠯ ᠸᠣᠯᠲ ᠤᠨ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠢ ᠰᠦᠪᠡᠭᠴᠢᠯᠡᠨ᠎ᠡ᠃ ᠥᠩᠭᠡ ᠦᠵᠡᠮᠵᠢ ᠶᠢᠨ ᠤᠰᠤᠳᠦ᠋ᠷᠦᠭᠴᠢ ᠦᠢᠯᠡᠳᠬᠦ ᠵᠡᠷᠭᠡ ᠠᠬᠤᠢ ᠲᠠᠯᠠᠪᠠᠢ ᠶᠢᠨ ᠦᠵᠡᠮᠵᠢ ᠶᠢ ᠰᠠᠶᠢᠲᠤᠷ ᠠᠰᠢᠭᠯᠠᠵᠤ᠂ ᠮᠢᠩ ᠶᠠᠩ ᠪᠦᠯᠦᠭᠯᠡᠯ ᠨᠢ ᠤᠰᠤᠳᠦ᠋ᠷᠦᠭᠴᠢ ᠡᠨᠧᠷᠭᠢ ᠶᠢᠨ ᠮᠢᠩᠭᠠᠨ ᠳ᠋ᠦᠩᠰᠢᠭᠤᠷ ᠤᠨ ᠳᠡᠰ ᠤᠨ ᠠᠵᠤ ᠦᠢᠯᠡᠰ ᠤᠨ ᠲᠥᠷᠥᠯ ᠵᠦᠢᠯ ᠢ ᠮᠠᠨ ᠤ ᠣᠷᠣᠨ ᠳᠤ ᠨᠤᠲᠤᠭᠰᠢᠭᠤᠯᠤᠨ᠂ ᠭᠠᠵᠠᠷ ᠣᠷᠣᠨ ᠤ ᠡᠨᠧᠷᠭᠢ ᠶᠢᠨ ᠪᠦᠲᠦᠴᠡ ᠶᠢ ᠤᠯᠠᠮ ᠨᠢᠭᠡ ᠠᠯᠬᠤᠮ ᠰᠠᠶᠢᠵᠢᠷᠠᠭᠤᠯᠬᠤ ᠬᠡᠷᠡᠭᠲᠡᠢ᠃ ᠨᠡᠭᠦᠷᠡᠰᠦᠨ ᠤ ᠰᠤᠳᠤᠯᠤᠯ ᠤᠨ ᠳᠡᠭᠡᠳᠦ ᠴᠢᠨᠠᠷ ᠴᠢᠨᠰᠠᠭ᠎ᠠ ᠲᠠᠢ ᠵᠡᠷᠭᠡ ᠲᠣᠭᠲᠠᠩᠭᠤᠢ ᠪᠠᠯ ᠴᠢᠯᠠᠭᠤ ᠶᠢᠨ ᠲᠥᠷᠥᠯ ᠵᠦᠢᠯ ᠪᠠ ᠲᠣᠭᠲᠠᠮᠠᠯ ᠰᠣᠷᠢᠨᠵᠢᠨ ᠰᠢᠨ᠎ᠡ ᠮᠠᠲ᠋ᠧᠷᠢᠶᠠᠯ ᠤᠨ ᠲᠤᠰᠬᠠᠢ ᠬᠡᠷᠡᠭᠯᠡᠭᠡᠨ ᠤ ᠥᠨᠳᠥᠷ ᠴᠤᠯᠤ ᠪᠤᠷ ᠤᠨ ᠬᠠᠶᠢᠯᠤᠰᠢ ᠪᠦᠬᠦᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠬᠤᠭᠤᠰᠤᠨ ᠢ ᠨᠥᠬᠦᠪᠦᠷᠢᠯᠡᠬᠦ ᠬᠡᠷᠡᠭᠲᠡᠢ᠃ ᠰᠢᠨ ᠢᠦᠢ ᠪᠦᠯᠦᠭᠯᠡᠯ᠂ ᠱᠠᠨᠰᠢ ᠶᠢᠨ ᠶᠠᠨ ᠴᠠᠩ ᠴᠢᠯᠠᠭᠤᠨ ᠲᠣᠰᠣ ᠵᠡᠷᠭᠡ ᠠᠵᠤ ᠠᠬᠤᠶᠢᠯᠠᠯ ᠲᠠᠢ ᠬᠠᠮᠲᠤᠷᠠᠯᠴᠠᠭ᠎ᠠ ᠪᠠᠨ ᠴᠢᠩᠭᠠᠳᠬᠠᠨ᠂ ᠴᠡᠪᠡᠷ ᠡᠨᠧᠷᠭᠢ ᠶᠢ ᠨᠡᠭᠡᠭᠡᠨ ᠠᠰᠢᠭᠯᠠᠬᠤ ᠲᠠᠯ᠎ᠠ ᠪᠠᠷ ᠨᠡᠭᠦᠷᠡᠰᠦᠨ ᠴᠢᠯᠠᠭᠤ ᠶᠢ ᠰᠢᠨ᠎ᠡ ᠪᠠᠷ ᠠᠰᠢᠭᠯᠠᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠤᠯᠭᠠᠵᠤ᠂ ᠨᠡᠭᠦᠷᠡᠰᠦᠨ ᠴᠢᠯᠠᠭᠤ ᠶᠢ ᠥᠨᠳᠥᠷ ᠦᠨ᠎ᠡ ᠥᠷᠲᠡᠭ ᠲᠠᠢ ᠬᠠᠲᠠᠭᠤ ᠪᠡᠶᠡᠲᠦ ᠬᠠᠶᠠᠭᠳᠠᠮᠠᠯ ᠪᠣᠯᠭᠠᠨ ᠶᠡᠷᠦᠩᠬᠡᠶᠢᠯᠡᠨ ᠠᠰᠢᠭᠯᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠤ ᠦᠢᠯᠡᠰ ᠤᠨ ᠰᠦᠷᠦᠭᠵᠢᠯ ᠤᠨ ᠲᠥᠪᠯᠡᠷᠡᠵᠦ ᠪᠠᠶᠢᠭᠰᠠᠨ ᠠᠴᠠ ᠬᠥᠭᠵᠢᠬᠦ ᠶᠢ ᠠᠬᠢᠭᠤᠯᠤᠨ᠎ᠠ᠃         ᠠᠩᠬᠠᠷᠤᠯ ᠲᠥᠪᠯᠡᠷᠡᠭᠦᠯᠦᠨ ᠠᠷᠠᠯᠵᠢᠶᠠᠴᠢᠨ ᠤᠷᠢᠵᠤ ᠪᠡᠯᠡ ᠲᠠᠲᠠᠬᠤ᠃ ᠠᠷᠠᠯᠵᠢᠶᠠᠴᠢᠨ ᠤᠷᠢᠬᠤ ᠲᠥᠷᠥᠯ ᠵᠦᠢᠯ ᠤᠨ ᠬᠥᠮᠥᠷᠭᠡ ᠶᠢᠨ ᠬᠠᠷᠠᠯᠲᠠ ᠠᠵᠤ ᠠᠬᠤᠶᠢᠯᠠᠯ ᠢ ᠨᠠᠷᠢᠯᠢᠭ ᠣᠨᠣᠪᠴᠢᠲᠠᠢ ᠪᠠᠷ ᠵᠣᠯᠭᠠᠭᠤᠯᠵᠤ᠂ ᠨᠢᠰᠬᠦ ᠭᠠᠵᠠᠷ ᠢᠶᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠵᠡᠷᠭᠡ ᠠᠷᠭ᠎ᠠ ᠭᠡᠯᠪᠡᠷᠢ ᠪᠠᠷ ᠭᠤᠣᠯᠳᠠᠯᠭ᠎ᠠ ᠲᠠᠢ ᠠᠵᠤ ᠦᠢᠯᠡᠰ ᠤᠨ ᠬᠦᠷᠢᠶ᠎ᠡ ᠬᠡᠪᠴᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠥᠨᠳᠥᠷ ᠨᠡᠮᠡᠯᠲᠡ ᠭᠤᠭᠴᠤᠭ᠎ᠠ ᠪᠠ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢ ᠪᠠᠶᠢᠷᠢᠯᠠᠭᠤᠯᠵᠤ᠂ ︽ᠨᠢᠰᠬᠦ ᠭᠠᠵᠠᠷ ᠠᠴᠠ ᠴᠤᠭᠯᠠᠷᠠᠨ᠂ ᠰᠠᠭᠤᠷᠢᠨ ᠭᠠᠵᠠᠷ ᠤᠨ ᠠᠴᠢᠶᠠᠯᠠᠪᠤᠷᠢ︾᠎ ᠶᠢ ᠣᠨᠳᠣᠣ ᠭᠠᠵᠠᠷ ᠬᠠᠮᠵᠢᠯᠴᠠᠨ ᠰᠢᠨ᠎ᠡ ᠶᠢ ᠡᠭᠦᠳᠴᠦ ᠬᠥᠭᠵᠢᠭᠰᠡᠨ ᠪᠠᠶᠢᠳᠠᠯ ᠢ ᠪᠡᠶᠡᠯᠡᠭᠦᠯᠦᠨ᠎ᠡ᠃ ︽ᠭᠤᠷᠪᠠ ᠶᠢ ᠲᠡᠮᠡᠴᠡᠨ ᠣᠯᠬᠤ︾ ᠠᠵᠢᠯ ᠢ ᠢᠳᠡᠪᠬᠢᠲᠡᠢ ᠰᠠᠶᠢᠲᠤᠷ ᠬᠢᠵᠦ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 215 ᠳ᠋ᠦᠩᠰᠢᠭᠤᠷ ᠲᠥᠭᠦᠷᠢᠭ ᠤᠨ ᠭᠤᠣᠯᠳᠠᠯᠭ᠎ᠠ ᠲᠠᠢ ᠠᠵᠤ ᠦᠢᠯᠡᠰ ᠤᠨ ᠲᠥᠷᠥᠯ ᠵᠦᠢᠯ 25᠎ ᠶᠢ ᠬᠡᠷᠡᠭᠵᠢᠭᠦᠯᠵᠦ᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ 3 ᠰᠠᠷ᠎ᠠ ᠶᠢᠨ ᠰᠡᠭᠦᠯᠴᠢ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ 4 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠭᠦᠨ ᠢ ᠠᠵᠢᠯ ᠡᠬᠢᠯᠡᠭᠦᠯᠦᠨ᠂ ᠵᠢᠯ ᠤᠨ ᠪᠡᠯᠡ ᠣᠷᠣᠭᠤᠯᠤᠯᠲᠠ ᠶᠢ 35 ᠳ᠋ᠦᠩᠰᠢᠭᠤᠷ ᠲᠥᠭᠦᠷᠢᠭ ᠠᠴᠠ ᠳᠤᠲᠠᠭᠤ ᠦᠭᠡᠢ ᠪᠡᠶᠡᠯᠡᠭᠦᠯᠬᠦ ᠶᠢ ᠪᠠᠲᠤᠯᠠᠨ᠎ᠠ᠃ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠣᠶᠤᠨᠴᠢ ᠦᠢᠯᠡᠳᠬᠦ᠂ ᠲᠣᠭᠠᠴᠢᠯᠠᠭᠰᠠᠨ ᠠᠵᠤ ᠠᠬᠤᠢ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠬᠡᠯᠬᠢᠶᠡᠵᠢᠯ ᠢ ᠲᠦᠷᠭᠡᠳᠬᠡᠨ ᠤᠷᠲᠤᠳᠬᠠᠵᠤ᠂ ᠪᠦᠭᠦ ᠵᠢᠯ ᠳᠤ ᠭᠡᠷ᠎ᠡ ᠲᠣᠭᠲᠠᠭᠰᠠᠨ ᠲᠥᠷᠥᠯ ᠵᠦᠢᠯ ᠢ 70᠎ ᠠᠴᠠ ᠳᠣᠷᠣᠭᠰᠢ ᠦᠭᠡᠢ ᠪᠠᠶᠢᠯᠭᠠᠵᠤ᠂ ᠭᠡᠷ᠎ᠡ ᠲᠣᠭᠲᠠᠭᠰᠠᠨ ᠶᠡᠷᠦᠩᠬᠡᠢ ᠪᠡᠯᠡ ᠣᠷᠣᠭᠤᠯᠤᠯᠲᠠ ᠶᠢ 560 ᠳ᠋ᠦᠩᠰᠢᠭᠤᠷ ᠲᠥᠭᠦᠷᠢᠭ ᠠᠴᠠ ᠳᠤᠲᠠᠭᠤ ᠦᠭᠡᠢ ᠪᠠᠶᠢᠯᠭᠠᠵᠤ᠂ ᠭᠠᠵᠠᠷ ᠨᠠᠶᠢᠳᠠᠪᠤᠷᠢᠵᠢᠭᠤᠯᠤᠭᠰᠠᠨ ᠲᠥᠷᠥᠯ ᠵᠦᠢᠯ ᠢ 53᠎ ᠠᠴᠠ ᠳᠤᠲᠠᠭᠤ ᠦᠭᠡᠢ ᠪᠠᠶᠢᠯᠭᠠᠵᠤ᠂ ᠲᠥᠷᠥᠯ ᠵᠦᠢᠯ ᠢ ᠭᠠᠵᠠᠷ ᠲᠤᠨᠢ ᠨᠠᠶᠢᠳᠠᠪᠤᠷᠢᠵᠢᠭᠤᠯᠤᠭᠰᠠᠨ ᠨᠣᠷᠮ᠎ᠠ ᠶᠢ 75.7 %᠎ ᠠᠴᠠ ᠳᠣᠣᠷ᠎ᠠ ᠦᠭᠡᠢ ᠪᠠᠶᠢᠯᠭᠠᠵᠤ᠂ ᠪᠦᠭᠦ ᠵᠢᠯ ᠳᠤ ᠴᠢᠬᠤᠯᠠ ᠶᠡᠭᠡ ᠲᠥᠷᠥᠯ ᠵᠦᠢᠯ ᠤᠨ ᠨᠥᠭᠡᠴᠡᠯᠡᠯᠲᠡ ᠶᠢ 50᠎ ᠠᠴᠠ ᠳᠤᠲᠠᠭᠤ ᠦᠭᠡᠢ ᠪᠠᠶᠢᠯᠭᠠᠵᠤ᠂ ᠶᠡᠷᠦᠩᠬᠡᠢ ᠪᠡᠯᠡ ᠣᠷᠣᠭᠤᠯᠤᠯᠲᠠ ᠶᠢ 110 ᠳ᠋ᠦᠩᠰᠢᠭᠤᠷ ᠲᠥᠭᠦᠷᠢᠭ ᠠᠴᠠ ᠳᠤᠲᠠᠭᠤ ᠦᠭᠡᠢ ᠪᠠᠶᠢᠯᠭᠠᠵᠤ᠂ ᠤᠯᠤᠰ ᠤᠨ ᠳᠣᠲᠣᠭᠠᠳᠤ ( ᠣᠷᠣᠨ ᠤ ᠭᠠᠳᠠᠨ᠎ᠠ )᠎ ᠶᠢ ᠣᠷᠣᠭᠤᠯᠤᠨ ᠠᠪᠴᠢᠷᠠᠭᠰᠠᠨ ᠪᠡᠯᠡ ᠮᠥᠩᠭᠦ ᠶᠢ 16 ᠳ᠋ᠦᠩᠰᠢᠭᠤᠷ ᠲᠥᠭᠦᠷᠢᠭ ᠠᠴᠠ ᠳᠤᠲᠠᠭᠤ ᠦᠭᠡᠢ ᠪᠠᠶᠢᠯᠭᠠᠨ᠎ᠠ ᠃         ᠬᠦᠴᠦᠨ ᠢᠶᠠᠨ ᠲᠥᠪᠯᠡᠷᠡᠭᠦᠯᠦᠨ ᠬᠦᠷᠢᠶᠡᠯᠡᠩ ᠲᠣᠭᠤᠷᠢᠭ ᠢ ᠲᠡᠰ ᠳᠡᠪᠰᠢᠭᠦᠯᠦᠨ᠎ᠡ᠃ ︽ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︾᠎ ᠤᠨ ᠭᠤᠣᠯ ᠲᠠᠯᠠᠪᠤᠷ ᠤᠨ ᠦᠢᠯᠡᠳᠦᠯ ᠢ ᠳᠣᠪᠤᠶᠢᠯᠭᠠᠵᠤ᠂ ᠮᠦ ᠪᠦᠷᠢ ᠶᠢᠨ ᠳᠤᠮᠳᠠᠴᠢ ᠪᠡᠯᠡ ᠣᠷᠣᠭᠤᠯᠤᠯᠲᠠ ᠶᠢᠨ ᠣᠨᠣᠯᠴᠢ ᠪᠠᠭᠠᠲᠤᠷ᠂ ᠮᠦ ᠪᠦᠷᠢ ᠶᠢᠨ ᠳᠤᠮᠳᠠᠴᠢ ᠦᠢᠯᠡᠳᠪᠦᠷᠢᠯᠡᠯ ᠤᠨ ᠥᠷᠲᠡᠭ ᠤᠨ ᠣᠨᠣᠯᠴᠢ ᠪᠠᠭᠠᠲᠤᠷ᠂ ᠮᠦ ᠪᠦᠷᠢ ᠶᠢᠨ ᠳᠤᠮᠳᠠᠴᠢ ᠬᠤᠷᠣᠭᠳᠠᠯ ᠢ ᠪᠠᠭᠤᠷᠠᠭᠤᠯᠬᠤ ᠣᠨᠣᠯᠲᠠ ᠶᠢᠨ ᠬᠥᠲᠥᠯᠥᠮᠵᠢ ᠶᠢ ᠴᠢᠩᠭᠠᠷᠠᠭᠤᠯᠤᠨ᠂ ᠦᠬᠦᠰᠢᠷᠡᠮᠡᠯ ᠠᠵᠤ ᠠᠬᠤᠶᠢᠯᠠᠯ ᠢ ᠢᠯᠭᠠᠷᠠᠭᠤᠯᠤᠨ ᠠᠮᠢᠳᠤᠯᠢᠭᠵᠢᠭᠤᠯᠵᠤ᠂ ᠰᠤᠯᠠ ᠪᠠᠶᠢᠭ᠎ᠠ ᠳᠣᠣᠷ᠎ᠠ ᠦᠷ᠎ᠡ ᠪᠦᠲᠦᠮᠵᠢᠲᠡᠢ ᠭᠠᠵᠠᠷ ᠲᠠᠯᠠᠪᠠᠢ ᠶᠢ ᠠᠮᠢᠳᠤᠯᠢᠭ ᠪᠤᠯᠭᠠᠬᠤ ᠡᠷᠴᠢᠮ ᠢ ᠴᠢᠩᠭᠠᠷᠠᠭᠤᠯᠤᠨ᠂ ᠪᠣᠬᠢᠷᠳᠤᠯ ᠦᠭᠡᠢ ᠬᠦᠷᠢᠶᠡᠯᠡᠩ ᠲᠣᠭᠤᠷᠢᠭ ᠤᠨ ᠳᠡᠰ ᠳᠡᠪᠰᠢᠬᠦ ᠶᠢ ᠲᠦᠯᠬᠢᠨ ᠠᠬᠢᠭᠤᠯᠵᠤ᠂ ᠲᠥᠷᠥᠯ ᠵᠦᠢᠯ ᠤᠨ ᠮᠦ ᠪᠦᠷᠢ ᠶᠢᠨ ᠳᠤᠮᠳᠠᠴᠢ ᠪᠡᠯᠡ ᠣᠷᠣᠭᠤᠯᠤᠯᠲᠠ ᠶᠢ 240 ᠲᠦᠮᠡᠨ ᠲᠥᠭᠦᠷᠢᠭ ᠠᠴᠠ ᠳᠡᠭᠡᠭᠰᠢ ᠳᠤ ᠬᠦᠷᠦᠭᠦᠯᠵᠦ᠂ ᠮᠦ ᠪᠦᠷᠢ ᠶᠢᠨ ᠳᠤᠮᠳᠠᠴᠢ ᠭᠠᠶᠢᠯᠢ ᠶᠢᠨ ᠣᠷᠣᠯᠭ᠎ᠠ ᠶᠢ 9.4 ᠲᠦᠮᠡᠨ ᠲᠥᠭᠦᠷᠢᠭ ᠠᠴᠠ ᠳᠡᠭᠡᠭᠰᠢ ᠳᠤ ᠬᠦᠷᠦᠭᠦᠯᠵᠦ᠂ ᠵᠢᠯ ᠤᠨ ᠳᠣᠲᠣᠷᠠᠬᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠦᠢᠯᠡᠳᠬᠦᠨ ᠤ ᠥᠷᠲᠡᠭ ᠢ 200 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠬᠦᠷᠢᠶ᠎ᠡ ᠬᠡᠪᠴᠢᠶᠡᠨ ᠤ ᠳᠣᠣᠷ᠎ᠠ ᠨᠡᠭᠦᠷᠡᠰᠦᠲᠥ᠋ᠷᠥᠭᠴᠢᠲᠦ ᠥᠭᠡᠷᠡᠴᠢᠯᠡᠯᠲᠡ ᠪᠠ ᠠᠵᠤ ᠦᠢᠯᠡᠰ ᠤᠨ ᠳᠡᠰ ᠳᠡᠪᠰᠢᠬᠦ ᠶᠢ ᠲᠦᠯᠬᠢᠨ ᠠᠬᠢᠭᠤᠯᠵᠤ᠂ ᠨᠢᠭᠡ ᠪᠦᠯᠦᠭ ᠲᠣᠭᠠᠴᠢᠯᠠᠭᠰᠠᠨ ᠦᠢᠯᠡᠳᠪᠦᠷᠢ᠂ ᠬᠠᠷ᠎ᠠ ᠳ᠋ᠧᠩ ᠤᠨ ᠦᠢᠯᠡᠳᠪᠦᠷᠢ ᠪᠠ ᠪᠣᠬᠢᠷᠳᠤᠯ ᠦᠭᠡᠢ ᠦᠢᠯᠡᠳᠪᠦᠷᠢ ᠶᠢ ᠪᠠᠶᠢᠭᠤᠯᠤᠨ᠎ᠠ᠃ ᠥᠨᠳᠥᠷ ᠡᠭᠢᠯᠡᠯᠲᠡ ᠶᠢᠨ ᠴᠢᠭ ᠠᠴᠠ ᠪᠤᠭᠤᠲᠤ ᠬᠤᠲᠠ ᠶᠢᠨ ᠬᠠᠮᠲᠤᠪᠠᠷ ᠲᠣᠬᠢᠷᠠᠭᠤᠯᠤᠨ ᠬᠦᠷᠭᠡᠬᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠲᠥᠯᠦᠪᠵᠢᠭᠦᠯᠭᠡ ᠶᠢ ᠡᠬᠢᠯᠡᠭᠦᠯᠵᠦ᠂ ᠨᠠᠷᠢᠯᠢᠭ ᠪᠣᠷᠳᠤᠭ᠎ᠠ ᠪᠤᠯᠪᠠᠰᠤᠷᠠᠭᠤᠯᠬᠤ᠂ ᠡᠮᠴᠢᠯᠡᠭᠡᠨ ᠤ ᠪᠠᠭᠠᠵᠢ ᠬᠡᠷᠡᠭᠰᠡᠯ ᠦᠢᠯᠡᠳᠬᠦ᠂ ᠪᠣᠬᠢᠷᠳᠤᠯ ᠦᠭᠡᠢ ᠰᠢᠨ᠎ᠡ ᠭᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠵᠡᠷᠭᠡ ᠲᠥᠷᠥᠯ ᠵᠦᠢᠯ ᠤᠨ ᠬᠦᠷᠢᠶᠡᠯᠡᠩ ᠲᠣᠭᠤᠷᠢᠭ ᠲᠤ ᠰᠠᠭᠤᠷᠢᠰᠢᠬᠤ ᠶᠢ ᠭᠤᠣᠯᠳᠠᠯᠭ᠎ᠠ ᠲᠠᠢ ᠠᠬᠢᠭᠤᠯᠵᠤ᠂ ᠦᠢᠯᠡᠴᠢᠯᠡᠭᠡᠨ ᠤ ᠦᠢᠯᠡᠰ ᠤᠨ ᠴᠢᠬᠤᠯᠠ ᠶᠡᠭᠡ ᠲᠥᠷᠥᠯ ᠵᠦᠢᠯ 34᠎ ᠶᠢ ᠬᠡᠷᠡᠭᠵᠢᠭᠦᠯᠬᠦ ᠶᠢ ᠠᠬᠢᠭᠤᠯᠵᠤ᠂ 55 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠣᠶᠤᠨᠴᠢ ᠣᠨᠴᠠᠯᠢᠭᠲᠤ ᠣᠷᠣᠨ ᠪᠦᠰᠡ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠲᠥᠪ ᠢ ᠬᠦᠴᠦᠯᠡᠨ ᠪᠠᠶᠢᠭᠤᠯᠵᠤ᠂ ᠨᠡᠭᠦᠷᠡᠰᠦᠲᠥ᠋ᠷᠥᠭᠴᠢ ᠪᠠᠭ᠎ᠠ᠂ ᠣᠶᠤᠨᠴᠢ ᠨᠡᠭᠦᠷᠡᠰᠦᠲᠥ᠋ᠷᠥᠭᠴᠢ ᠪᠠᠭ᠎ᠠ ᠭᠡᠯᠪᠡᠷᠢ ᠶᠢᠨ ᠬᠤᠯᠪᠤᠭᠠᠯᠠᠨ ᠲᠡᠭᠡᠭᠡᠪᠦᠷᠢᠯᠡᠬᠦ ᠤᠯᠤᠰ ᠤᠨ ᠳᠡᠰ ᠤᠨ ᠵᠢᠱᠢᠶ᠎ᠡ ᠦᠵᠡᠭᠦᠯᠭᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ ᠪᠤᠢ ᠪᠣᠯᠭᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠲᠣᠭᠤᠷᠢᠭ ᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠯᠦᠪᠵᠢᠭᠦᠯᠭᠡ ᠶᠢᠨ ᠬᠡᠪᠴᠢᠶᠡᠨ ᠳᠤ ᠣᠷᠣᠭᠤᠯᠬᠤ ᠪᠠᠷ ᠢᠳᠡᠪᠬᠢᠲᠡᠢ ᠴᠢᠷᠮᠠᠶᠢᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠩᠬᠠᠷᠴᠤ᠂ ᠠᠤᠭ᠎ᠠ ᠶᠡᠭᠡ ᠵᠠᠮ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠡᠭᠡ ᠵᠠᠮ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠵᠠᠮ ᠡᠨᠡ ᠵᠢᠯ ᠲᠡᠷᠭᠡ ᠨᠡᠪᠲᠡᠷᠡᠬᠦ ᠶᠢ ᠦᠨᠡᠨᠬᠦ ᠪᠠᠲᠤᠯᠠᠵᠤ᠂ ︽ᠠᠯᠪᠠᠨ ᠠᠴᠠ ᠡᠷᠭᠢᠯᠡᠭᠰᠡᠨ ᠬᠤᠷᠠᠭᠤᠯᠬᠤ ᠲᠡᠮᠦᠷ︾ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠲᠤᠭ ᠲᠡᠮᠳᠡᠭ ᠪᠦᠬᠦᠢ ᠠᠵᠤ ᠦᠢᠯᠡᠰ ᠤᠨ ᠰᠦᠷᠦᠭᠵᠢᠯ ᠢ ᠪᠤᠢ ᠪᠤᠯᠭᠠᠬᠤ ᠳᠤ ᠰᠠᠶᠢᠲᠤᠷ ᠪᠠᠲᠤᠯᠠᠭ᠎ᠠ ᠬᠠᠩᠭᠠᠨ᠎ᠠ᠃         ᠲᠣᠭᠠᠴᠠᠯᠠᠭᠰᠠᠨ ᠠᠵᠤ ᠠᠬᠤᠢ ᠶᠢᠨ ᠰᠢᠨ᠎ᠡ ᠪᠠᠶᠢᠳᠠᠯ ᠢ ᠪᠤᠢ ᠪᠤᠯᠭᠠᠬᠤ ᠳᠤ ᠠᠩᠬᠠᠷᠤᠯ ᠬᠠᠨᠳᠤᠭᠤᠯᠵᠤ ᠪᠠᠶᠢᠨ᠎ᠠ᠃ ᠥᠨᠳᠥᠷ ᠬᠤᠪᠢ ᠤᠮᠠᠷᠠᠲᠤ ᠣᠷᠣᠨ ᠤ ᠲᠡᠮᠡᠴᠡᠯᠳᠦᠭᠡᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠳᠤ ᠰᠠᠭᠤᠷᠢᠰᠢᠬᠤ ᠳᠤ ᠲᠦᠰᠢᠭᠯᠡᠨ᠂ ᠪᠧᠢ ᠴᠧᠨ ᡁᠢ ᠬᠥᠮᠥᠷᠭᠡ᠂ ᠱᠠᠨ ᠰᠢ ᠶᠢᠨ ᠳ᠋ᠢ ᠠᠤᠤ  ᠫᠦ᠋᠂ ᠵᠦᠩ ᠺᠧ ᠪᠠᠴᠢᠮ ᠪᠠᠶᠢᠳᠠᠯ ᠢ ᠠᠷᠭᠠᠴᠠᠬᠤ ᠰᠤᠳᠤᠯᠭᠠᠨ ᠤ ᠬᠦᠷᠢᠶᠡᠯᠡᠩ ᠵᠡᠷᠭᠡ ᠳᠠᠭᠠᠭᠤᠯᠤᠭᠴᠢ ᠠᠵᠤ ᠠᠬᠤᠶᠢᠯᠠᠯ ᠢ ᠲᠡᠳᠡᠨ ᠣᠷᠣᠭᠤᠯᠵᠤ ᠨᠤᠲᠤᠭᠰᠢᠭᠤᠯᠬᠤ ᠳᠤ ᠢᠳᠡᠪᠬᠢᠲᠡᠢ ᠬᠠᠷᠢᠯᠴᠠᠨ᠂ ᠥᠨᠳᠥᠷ ᠬᠤᠪᠢ ᠤᠮᠠᠷᠠᠲᠤ ᠣᠷᠣᠨ ᠤ ᠲᠡᠮᠡᠴᠡᠯ ᠤᠨ ᠲᠤᠭ᠎ᠠ ᠪᠠᠷᠢᠮᠲᠠ ᠶᠢ ᠭᠦᠢᠴᠡᠳ ᠠᠰᠢᠭᠯᠠᠵᠤ᠂ ᠮᠠᠰᠢᠨ ᠲᠡᠷᠭᠡ ᠬᠠᠮᠲᠤᠷᠠᠨ ᠲᠣᠣᠷ ᠬᠤᠯᠪᠣᠭᠰᠠᠨ ᠦᠢᠯᠡᠳᠬᠦᠨ ᠢ ᠳᠡᠯᠭᠡᠷᠡᠭᠦᠯᠦᠨ᠂ ᠠᠮᠢ ᠠᠬᠤᠢ ᠶᠢᠨ ᠡᠬᠢ ᠪᠠᠶᠠᠯᠢᠭ᠂ ᠭᠠᠮᠰᠢᠭ ᠢ ᠬᠢᠨᠠᠨ ᠬᠡᠮᠵᠢᠬᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ ᠬᠡᠮᠵᠢᠯᠲᠡ ᠵᠢᠴᠢ ᠠᠷᠠᠯᠵᠢᠶ᠎ᠠ ᠵᠡᠷᠭᠡ ᠵᠢᠱᠢᠶ᠎ᠡ ᠦᠵᠡᠭᠦᠯᠭᠦ ᠬᠡᠷᠡᠭᠯᠡᠭᠡᠨ ᠤ ᠲᠥᠷᠥᠯ ᠵᠦᠢᠯ ᠪᠠ ᠭᠠᠵᠠᠷ ᠵᠦᠢ ᠶᠢᠨ ᠮᠡᠳᠡᠭᠡ ᠵᠠᠩᠭᠢ ᠶᠢᠨ ᠢᠵᠢ ᠪᠦᠷᠢᠳᠦᠭᠰᠡᠨ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ ᠢ ᠨᠡᠭᠡᠭᠡᠨ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠭᠦᠭᠡᠬᠤᠲᠠ ᠪᠤᠭᠤᠲᠤ ᠣᠷᠳᠣᠰ ᠬᠤᠲᠠ ᠶᠢᠨ ᠣᠯᠠᠨ ᠲᠦᠮᠡᠨ ᠤ ᠲᠤᠶᠢᠯ ᠤᠨ ᠨᠥᠯᠥᠭᠡᠯᠡᠬᠦ ᠬᠦᠴᠦᠨ ᠲᠠᠢ ᠥᠨᠳᠥᠷ ᠬᠤᠪᠢ ᠬᠤᠪᠢᠶᠠᠵᠤ ᠤᠮᠠᠷᠠᠰᠢ ᠲᠡᠮᠡᠴᠡᠬᠦ ᠬᠡᠷᠡᠭᠯᠡᠭᠡᠨ ᠤ ᠣᠨᠴᠠᠯᠢᠭᠲᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠵᠤ᠂ ᠪᠦᠭᠦ ᠵᠢᠯ ᠳᠤ ᠬᠦᠷᠢᠶᠡᠯᠡᠩ ᠲᠣᠭᠤᠷᠢᠭ ᠤᠨ ᠡᠵᠡᠩᠨᠡᠯᠲᠡ ᠶᠢᠨ ᠣᠷᠣᠯᠭ᠎ᠠ ᠶᠢ 1 ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ ᠴᠢᠷᠮᠠᠶᠢᠨ᠎ᠠ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠵᠦ᠂ ᠲᠣᠮᠣ ᠳ᠋ᠠᠶᠢᠲ᠋ᠠ ᠶᠢᠨ ᠡᠭᠦᠯᠡᠨ ᠦᠢᠯᠡᠴᠢᠯᠡᠭᠡ ᠶᠢᠨ ᠠᠭᠤᠰᠤᠯᠴᠠᠯ᠂ ᠣᠶᠤᠨᠴᠢᠯᠠᠨ ᠬᠡᠷᠡᠭᠯᠡᠬᠦ ᠵᠡᠷᠭᠡ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠬᠤᠷᠠᠭᠤᠯᠬᠤ ᠶᠢ ᠲᠦᠷᠭᠡᠳᠬᠡᠵᠦ᠂ ᠡᠯ᠎ᠡ ᠲᠥᠷᠥᠯ ᠤᠨ ︽ᠣᠶᠤᠨᠲᠤ ᠴᠢᠯᠠᠭᠤᠨ ᠲᠠᠶᠠᠭ︾ ᠎ ᠤᠨ ᠬᠡᠷᠡᠭᠯᠡᠭᠡᠨ ᠤ ᠲᠠᠪᠴᠠᠩ ᠢ ᠰᠢᠨᠵᠢᠯᠡᠬᠦ ᠤᠬᠠᠭᠠᠨᠴᠢ ᠪᠠᠷ ᠡᠮᠬᠢᠯᠡᠨ ᠨᠡᠶᠢᠯᠡᠭᠦᠯᠵᠦ᠂ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠴᠢᠯᠦᠭᠡᠲᠡᠢ ᠪᠤᠯᠭᠠᠬᠤ᠂ ᠪᠠᠬᠢᠯᠡᠯᠲᠡ ᠨᠡᠪᠲᠡᠷᠡᠭᠦᠯᠬᠦ ᠶᠢ ᠠᠬᠢᠭᠤᠯᠤᠨ᠂ ᠣᠢ ᠰᠢᠭᠤᠢ᠂ ᠠᠭᠤᠷᠬᠠᠢ᠂ ᠲᠠᠯ᠎ᠠ ᠨᠤᠲᠤᠭ ᠵᠡᠷᠭᠡ ᠲᠥᠯᠥᠭᠡᠯᠡᠬᠦ ᠴᠢᠨᠠᠷᠲᠠᠢ᠂ ᠨᠡᠶᠢᠲᠡᠯᠢᠭ ᠴᠢᠨᠠᠷᠲᠠᠢ ᠡᠯᠪᠡᠭ ᠪᠠᠶᠠᠯᠢᠭ ᠬᠡᠷᠡᠭᠯᠡᠭᠡᠨ ᠤ ᠲᠠᠯᠠᠪᠠᠢ ᠭᠠᠵᠠᠷ ᠲᠤ ᠲᠦᠰᠢᠭᠯᠡᠨ᠂ ᠪᠠᠳᠺᠡᠷ ᠵᠣᠣ ᠯᠤᠭ᠎ᠠ ᠨᠡᠶᠢᠳᠡᠮ ᠬᠡᠷᠡᠭᠯᠡᠭᠡᠨ ᠤ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠲᠠᠢ ᠣᠷᠭᠠᠨᠢᠭ ᠢᠶᠠᠷ ᠠᠭᠤᠰᠤᠯᠴᠠᠭᠤᠯᠵᠤ᠂ ︽ᠨᠢᠭᠡ ᠲᠠᠯᠠᠪᠤᠷ︾᠂ ︽ᠨᠢᠭᠡ ᠵᠢᠷᠤᠭ︾ ᠂ ︽ᠲᠤᠭ᠎ᠠ ᠪᠠᠷᠢᠮᠲᠠ  ᠶᠢᠨ ᠲᠥᠪ︾᠎ ᠢ ᠴᠢᠷᠮᠠᠶᠢᠨ ᠪᠡᠶᠡᠯᠡᠭᠦᠯᠵᠦ᠂ ᠨᠥᠭᠦᠷᠰᠡᠭ ᠪᠠᠶᠢᠴᠠᠭᠠᠯᠲᠠ ᠶᠢᠨ ᠬᠤᠲᠠ ᠶᠢᠨ ᠲᠣᠭᠤᠷᠢᠭ ᠢ ᠪᠦᠭᠦ ᠲᠠᠯ᠎ᠠ ᠪᠠᠷ ᠪᠤᠢ ᠪᠣᠯᠭᠠᠨ᠎ᠠ᠃ ( ᠭᠤᠷᠪᠠ ) ᠣᠷᠴᠢᠨ ᠲᠣᠭᠤᠷᠢᠨ ᠢ ᠰᠢᠯᠢᠳᠡᠭᠵᠢᠭᠦᠯᠵᠦ ᠴᠢᠳᠠᠪᠬᠢ ᠶᠢ ᠨᠢ ᠨᠡᠮᠡᠭᠳᠡᠭᠦᠯᠬᠦ ᠪᠠᠷ ᠭᠤᠣᠯᠳᠠᠯᠭ᠎ᠠ ᠪᠤᠯᠭᠠᠵᠤ᠂ ᠬᠤᠲᠠ ᠬᠥᠳᠡᠭᠡ ᠶᠢᠨ ᠬᠥᠭᠵᠢᠯᠲᠡ ᠶᠢᠨ ᠰᠢᠨ᠎ᠡ ᠳᠦᠷᠰᠦ ᠪᠠᠶᠢᠳᠠᠯ ᠢ ᠪᠤᠢ ᠪᠤᠯᠭᠠᠬᠤ ᠳᠡᠭᠡᠷ᠎ᠡ ᠬᠦᠴᠦ ᠨᠡᠮᠡᠨ᠎ᠡ         ᠬᠤᠲᠠ ᠶᠢᠨ ᠠᠭᠤᠯᠤᠭᠳᠠᠬᠤᠨ ᠤ ᠭᠡᠯᠪᠡᠷᠢ ᠶᠢᠨ ᠬᠥᠭᠵᠢᠯᠲᠡ ᠳᠤ ᠠᠩᠬᠠᠷᠤᠯ ᠬᠠᠨᠳᠠᠭᠤᠯᠤᠨ᠎ᠠ᠃ ᠰᠢᠨ᠎ᠡ ᠲᠣᠭᠤᠷᠢᠭ ᠨᠢ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ᠂ ᠬᠤᠲᠠ ᠶᠢᠨ ᠡᠵᠡᠩᠨᠡᠯᠲᠡ ᠶᠢ ᠣᠶᠤᠨᠴᠢᠯᠠᠬᠤ᠂ ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠭᠦ ᠭᠤᠷᠪᠠᠨ ᠶᠡᠭᠡ ᠢᠨᠵᠧᠨᠧᠷᠢᠩ ᠢᠶᠠᠷ ᠠᠳᠬᠤᠴᠠ ᠪᠤᠯᠭᠠᠵᠤ᠂ ᠬᠤᠲᠠ ᠶᠢᠨ ᠰᠢᠨᠡᠳᠬᠡᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠂ ᠺᠧ ᠶᠤᠸᠠᠨ ᠵᠠᠮ᠂ ᠺᠧ ᡁᠢ ᠵᠠᠮ᠂ ᠺᠧ ᠴᠤᠸᠠᠩ ᠡᠮᠦᠨ᠎ᠡ ᠵᠠᠮ ᠵᠡᠷᠭᠡ ᠭᠤᠷᠪᠠᠨ ᠵᠤᠷᠪᠤᠰ ᠵᠠᠮ ᠤᠨ ᠠᠵᠢᠯ ᠢ ᠡᠬᠢᠯᠡᠭᠦᠯᠵᠦ ᠪᠦᠲᠦᠭᠡᠨ ᠪᠠᠶᠢᠭᠤᠯᠬᠤ ᠶᠢ ᠠᠬᠢᠭᠤᠯᠵᠤ᠂ ᠠᠷᠠᠳ ᠤᠨ ᠡᠮᠨᠡᠯᠭᠡ ᠶᠢᠨ ᠬᠤᠷᠢᠶᠠᠨ ᠤ ᠢᠵᠢ ᠪᠦᠷᠢᠳᠦᠭᠰᠡᠨ ᠵᠠᠮ᠂ ᠪᠠᠭᠰᠢ ᠶᠢᠨ ᠬᠦᠷᠢᠶᠡᠯᠡᠩ ᠤᠨ ᠢᠵᠢ ᠪᠦᠷᠢᠳᠦᠭᠰᠡᠨ ᠵᠠᠮ ᠵᠢᠴᠢ ᠭᠡᠷᠡᠯᠲᠦᠭᠦᠯᠭᠡ᠂ ᠨᠣᠭᠤᠭᠠᠷᠠᠭᠤᠯᠤᠯᠲᠠ᠂ ᠬᠤᠭᠤᠯᠠᠢ ᠲᠣᠣᠷ ᠵᠡᠷᠭᠡ ᠢᠵᠢ ᠪᠦᠷᠢᠳᠦᠭᠰᠡᠨ ᠢᠨᠵᠧᠨᠧᠷᠢᠩ ᠢ ᠪᠦᠭᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠶᠢᠩ ᠪᠢᠨ ᠬᠠᠷᠮᠠᠨ ᠢ ᠲᠣᠭᠤᠷᠢᠭᠤᠯᠬᠤ ᠴᠡᠴᠡᠷᠯᠢᠭ᠂ ᠵᠢᠢ ᠰᠢᠶᠠᠩ ᠵᠠᠮ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠪᠦᠭᠦ ᠲᠠᠯ᠎ᠠ ᠶᠢᠨ ᠠᠵᠢᠯ ᠳᠠᠭᠤᠰᠬᠤ ᠶᠢ ᠠᠬᠢᠭᠤᠯᠵᠤ᠂ 12 ᠰᠠᠭᠤᠷᠢ ᠬᠤᠲᠠ ᠶᠢᠨ ᠦᠵᠡᠮᠵᠢ ᠶᠢᠨ ᠵᠢᠵᠢᠭ ᠲᠣᠭᠤᠷᠢᠭ ᠢ ᠬᠦᠴᠦᠯᠡᠨ ᠪᠠᠶᠢᠭᠤᠯᠵᠤ᠂ 2.3 ᠲᠦᠮᠡᠨ ᠲᠡᠭᠰᠢ ᠳᠥᠷᠪᠡᠯᠵᠢᠨ ᠮᠧᠲᠷ ᠨᠣᠭᠤᠭᠠᠷᠠᠭᠤᠯᠤᠯᠲᠠ ᠶᠢᠨ ᠲᠠᠯᠠᠪᠠᠢ ᠶᠢ ᠡᠭᠦᠳᠪᠡ᠃ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠂ ᠣᠯᠠᠨ ︽ᠬᠤᠲᠠ ᠶᠢᠨ ᠨᠢᠭᠡ ᠥᠨᠴᠥᠭ︾᠎ ᠢ ᠪᠤᠢ ᠪᠤᠯᠭᠠᠵᠤ᠂ ᠬᠤᠲᠠ ᠡᠭᠦᠳᠦᠨ ᠡᠷᠡᠭᠦᠯ ᠬᠠᠮᠠᠭᠠᠯᠠᠯ ᠤᠨ ᠦᠷ᠎ᠡ ᠪᠦᠲᠦᠭᠡᠯ ᠢ ᠪᠠᠶ᠋ᠢᠩᠭᠤᠵᠢᠭᠤᠯᠤᠨ ᠪᠠᠬᠢᠵᠢᠭᠦᠯᠵᠦ᠂ ︽ᠵᠡᠭᠡᠯᠢ ᠶᠢᠨ ᠳᠠᠷᠤᠭ᠎ᠠ ᠶᠢᠨ ᠳᠦᠷᠢᠮ︾ ︽ᠠᠳᠠᠯ ᠠᠬᠤᠢ ᠶᠢᠨ ᠲᠣᠮᠢᠯᠠᠭᠰᠠᠨ ᠠᠵᠢᠯᠯᠠᠬᠤ ᠳᠤᠭᠤᠶᠢᠯᠠᠩ︾᠎ ᠤᠨ ᠬᠠᠮᠢᠶᠠᠷᠤᠯᠲᠠ ᠶᠢᠨ ᠵᠠᠭᠪᠤᠷ ᠢ ᠲᠡᠭᠦᠯᠳᠡᠷᠵᠢᠭᠦᠯᠦᠨ᠂ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠤᠷᠰᠢᠯᠲᠠ ᠶᠢᠨ ᠠᠵᠢᠯ ᠢ ᠢᠳᠡᠪᠬᠢᠲᠡᠢ ᠥᠷᠨᠢᠭᠦᠯᠵᠦ᠂ ︽ᠪᠤᠭᠤᠲᠤ ᠬᠤᠲᠠ ᠶᠢᠨ ᠲᠣᠭᠠᠴᠢᠯᠠᠭᠰᠠᠨ ᠣᠶᠤᠨᠴᠢ ᠬᠠᠮᠢᠶᠠᠷᠤᠭᠴᠢ︾᠎ ᠶᠢᠨ ᠲᠠᠪᠴᠠᠩ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠬᠠᠭᠤᠴᠢᠨ ᠰᠠᠭᠤᠷᠢᠨ ᠭᠠᠵᠠᠷ ᠥᠭᠡᠷᠡᠴᠢᠯᠡᠨ ᠳᠡᠭᠡᠭᠰᠢᠯᠡᠭᠦᠯᠭᠦ᠂ ᠰᠣᠶᠣᠯ ᠵᠢᠭᠤᠯᠴᠢᠯᠠᠯ ᠤᠨ ᠴᠢᠳᠠᠮᠵᠢ᠂ IPᠡᠵᠡᠩᠨᠡᠨ ᠪᠣᠷᠣᠯᠠᠭᠤᠯᠬᠤ ᠭᠤᠷᠪᠠᠨ ᠶᠡᠭᠡ ᠠᠵᠢᠯᠯᠠᠭ᠎ᠠ ᠶᠢ ᠭᠤᠣᠯᠳᠠᠯᠭ᠎ᠠ ᠲᠠᠢ ᠬᠡᠷᠡᠭᠵᠢᠭᠦᠯᠵᠦ᠂ ᠺᠢᠨᠣ ᠲᠧᠯᠸᠢᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠰᠠᠭᠤᠷᠢᠯᠠᠨ᠂ ᠺᠢᠨᠣ ᠲᠧᠯᠸᠢᠰ ᠰᠡᠭᠦᠳᠡᠷᠯᠡᠬᠦ ᠲᠥᠬᠦᠷ ᠦᠢᠯᠡᠴᠢᠯᠡᠭᠡ ᠶᠢ ᠢᠳᠡᠪᠬᠢᠲᠡᠢ ᠥᠷᠨᠢᠭᠦᠯᠵᠦ᠂ ᠲᠥᠬᠦᠭᠡᠷᠦᠮᠵᠢ ᠪᠠᠭᠠᠵᠢ ᠬᠡᠷᠡᠭᠰᠡᠯ᠂ ᠬᠤᠪᠴᠠᠰᠤ ᠬᠤᠨᠠᠷ ᠵᠢᠷᠤᠵᠤ ᠲᠥᠯᠥᠪᠯᠡᠬᠦ᠂ ᠲᠣᠭᠯᠠᠭᠴᠢᠳ ᠤᠨ ᠵᠠᠰᠠᠵᠤ ᠴᠢᠮᠡᠬᠦ᠂ ᠪᠠᠭᠠᠵᠢ ᠬᠡᠷᠡᠭᠰᠡᠯ ᠪᠥᠰ ᠦᠵᠡᠮᠵᠢ ᠵᠡᠷᠭᠡ ᠠᠵᠤ ᠠᠬᠤᠶᠢᠯᠠᠯ ᠢ ᠲᠡᠳᠡᠨ ᠣᠷᠣᠭᠤᠯᠵᠤ᠂ ᠬᠠᠭᠤᠴᠢᠨ ᠰᠠᠭᠤᠷᠢᠨ ᠭᠠᠵᠠᠷ ᠤᠨ ᠢᠳᠡᠭᠡᠨ ᠤᠮᠳᠠᠭᠠᠨ ᠬᠤᠨᠤᠭ ᠪᠠᠭᠤᠳᠠᠯ ᠵᠡᠷᠭᠡ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠳᠠᠶᠢᠴᠢᠯᠠᠨ᠎ᠠ᠃ ᠬᠠᠭᠤᠴᠢᠨ ᠰᠠᠭᠤᠭᠠᠯᠢ ᠲᠣᠭᠤᠷᠢᠭ ᠪᠠ ᠳᠤᠯᠠᠭᠠᠯᠠᠭ᠎ᠠ ᠶᠢᠨ ᠲᠥᠬᠦᠭᠡᠷᠦᠮᠵᠢ ᠶᠢ ᠥᠭᠡᠷᠡᠴᠢᠯᠡᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠠᠭᠤᠴᠢᠨ ᠰᠠᠭᠤᠷᠢᠨ ᠭᠠᠵᠠᠷ ᠤᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠭᠤᠳᠠᠮ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠷᠠᠳ ᠣᠯᠠᠨ ᠤ ᠵᠣᠯ ᠵᠢᠷᠭᠠᠯ ᠢ ᠨᠡᠩ ᠴᠢᠨᠠᠷ ᠰᠠᠶᠢᠲᠠᠢ ᠂ ᠨᠡᠩ ᠬᠠᠯᠠᠭᠤᠨ ᠳᠤᠯᠠᠭᠠᠨ ᠪᠣᠯᠭᠠᠨ᠎ᠠ᠃         ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠲᠦᠯᠬᠢᠨ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ᠃ ︽123︾ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠦᠯᠦᠨ ᠬᠥᠭᠵᠢᠭᠦᠯᠬᠦ ᠰᠡᠳᠬᠢᠴᠡ ᠶᠣᠰᠣᠭᠠᠷ᠂ ᠰᠠᠭᠤᠷᠢ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠵᠤ᠂ ᠪᠦᠭᠦ ᠵᠢᠯ ᠳᠤ ᠲᠠᠷᠢᠮᠠᠯ ᠤᠨ ᠦᠢᠯᠡᠰ ᠤᠨ ᠲᠠᠯᠠᠪᠠᠢ ᠶᠢ 2.33 ᠲᠦᠮᠡᠨ ᠮᠦ ᠶᠢ ᠳᠠᠪᠠᠭᠤᠯᠵᠤ᠂ ᠮᠠᠯ ᠠᠵᠤ ᠠᠬᠤᠢ ᠶᠢᠨ ᠠᠷᠠᠴᠢᠯᠠᠨ ᠲᠡᠵᠢᠭᠡᠵᠦ ᠪᠠᠶᠢᠭ᠎ᠠ ᠲᠤᠭ᠎ᠠ ᠶᠢ 15 ᠲᠦᠮᠡᠨ ᠲᠣᠯᠣᠭᠠᠢ ᠳᠤ ᠬᠦᠷᠦᠭᠦᠯᠬᠦ ᠪᠠᠷ ᠴᠢᠷᠮᠠᠶᠢᠨ᠎ᠠ᠃ 3 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠲᠠᠢ ᠣᠶᠤᠨᠴᠢ ᠡᠪᠡᠰᠦ ᠪᠡᠯᠴᠢᠭᠡᠷ ᠤᠨ ᠦᠢᠯᠡᠳᠪᠦᠷᠢ᠂ ᠪᠡᠯᠡᠳᠬᠡᠯ ᠨᠣᠭᠤᠭ᠎ᠠ ᠦᠢᠯᠡᠳᠪᠦᠷᠢᠯᠡᠬᠦ᠂ ᠬᠥᠳᠡᠭᠡ ᠨᠤᠲᠤᠭ ᠤᠨ ᠶᠡᠷᠦᠩᠬᠡᠶᠢᠯᠡᠭᠰᠡᠨ ᠴᠣᠭᠴᠠ ᠵᠡᠷᠭᠡ 10 ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠲᠦᠷᠭᠡᠳᠬᠡᠨ᠎ᠡ᠃ 4000 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠬᠤᠸᠠ ᠰᠢ ᠲᠠᠷᠢᠶᠠᠯᠠᠩ ᠤᠨ ᠣᠳᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠲᠥᠷᠥᠯ ᠵᠦᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠯᠢᠶᠠᠨ ᠳ᠋ᠦᠩ ᠣᠶᠤᠨᠴᠢ ᠬᠦᠯᠡᠮᠵᠢ ᠶᠢ 5000 ᠲᠡᠭᠰᠢ ᠳᠥᠷᠪᠡᠯᠵᠢᠨ ᠮᠧᠲᠷ ᠪᠦᠲᠦᠭᠡᠨ ᠪᠠᠶᠢᠭᠤᠯᠵᠤ᠂ ᠪᠤᠭᠤᠲᠤ ᠬᠤᠲᠠ ᠶᠢᠨ ᠲᠠᠷᠢᠶᠠᠯᠠᠩ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠵᠢᠱᠢᠶ᠎ᠡ ᠦᠵᠡᠭᠦᠯᠭᠦ ᠰᠠᠭᠤᠷᠢᠨ ᠭᠠᠵᠠᠷ ᠢ ᠪᠠᠶᠢᠭᠤᠯᠤᠨ᠎ᠠ᠃ ᠣᠷᠣᠨ ᠪᠦᠰᠡ ᠶᠢᠨ ᠨᠡᠷᠡᠲᠦ ᠲᠥᠷᠥᠯ ᠲᠡᠮᠳᠡᠭᠲᠦ ᠶᠢᠨ ᠢᠯᠭᠠᠬᠤ ᠲᠡᠮᠳᠡᠭ ᠢ ᠰᠢᠰᠲ᠋ᠧᠮ ᠲᠠᠢ ᠲᠥᠯᠥᠪᠯᠡᠨ᠂ ᠰᠢᠭᠤᠶᠢᠲᠤ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠦᠵᠡᠰᠬᠦᠯᠡᠩᠲᠦ ᠬᠥᠳᠡᠭᠡ ᠲᠣᠰᠬᠤᠨ ᠢ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠵᠣᠷᠯᠣᠩ ᠤᠨ ᠬᠤᠪᠢᠰᠬᠠᠯ᠂ ᠬᠤᠭ ᠨᠣᠪᠰᠢ ᠶᠢ ᠲᠥᠷᠥᠯ ᠬᠤᠪᠢᠶᠠᠬᠤ᠂ ᠪᠤᠵᠠᠷ ᠤᠰᠤ ᠶᠢ ᠰᠢᠢᠳᠪᠦᠷᠢᠯᠡᠬᠦ᠂ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠶᠢ ᠯᠠᠪᠳᠠᠭᠤᠨ ᠠᠬᠢᠭᠤᠯᠵᠤ᠂ ᠵᠢᠯ ᠤᠨ ᠳᠣᠲᠣᠷ᠎ᠠ ᠵᠠᠰᠠᠭ ᠵᠠᠬᠢᠷᠭᠠᠨ ᠤ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠪᠦᠷᠬᠦᠴᠡ ᠶᠢᠨ ᠨᠣᠷᠮ᠎ᠠ ᠶᠢ 100 %᠎ ᠳᠤ ᠬᠦᠷᠭᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠥᠷᠭᠡᠳᠬᠡᠨ ᠴᠢᠨᠠᠷ ᠢ ᠳᠡᠭᠡᠭᠰᠢᠯᠡᠭᠦᠯᠦᠨ᠎ᠡ᠃ ᠪᠡᠳᠬᠡᠷ ᠭᠤᠤ ᠶᠢᠨ ᠭᠤᠣᠯ ᠤᠰᠤᠨ ᠴᠥᠭᠦᠷᠥᠮ ᠤᠨ ᠲᠥᠷᠥᠯ ᠵᠦᠢᠯ ᠢ ᠤᠯᠤᠰ ᠤᠨ ᠳᠤᠮᠳᠠ ᠪᠠᠭ᠎ᠠ ᠭᠡᠯᠪᠡᠷᠢ ᠶᠢᠨ ᠤᠰᠤᠨ ᠴᠥᠭᠦᠷᠥᠮ ᠤᠨ ᠲᠥᠯᠦᠪᠵᠢᠭᠦᠯᠭᠡ ᠳᠤ ᠣᠷᠣᠭᠤᠯᠬᠤ ᠪᠠᠷ ᠢᠳᠡᠪᠬᠢᠯᠡᠨ ᠴᠢᠷᠮᠠᠶᠢᠵᠤ᠂ ᠬᠤᠸᠠᠠᠭᠤᠬᠠ ᠲᠠᠢ ᠳᠠᠬᠢ ᠤᠰᠤᠨ ᠴᠥᠭᠦᠷᠥᠮ ᠤᠨ ᠬᠡᠰᠡᠭ ᠤᠨ ᠤᠰᠤ ᠬᠠᠩᠭᠠᠬᠤ ᠶᠡᠷᠦᠩᠬᠡᠶᠢᠯᠡᠭᠰᠡᠨ ᠬᠤᠭᠤᠯᠠᠢ ᠱᠤᠭᠤᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂  ᠪᠡᠳᠬᠡᠷ ᠭᠤᠤ ᠶᠢᠨ ᠭᠤᠣᠯ ᠤᠨ ᠵᠠᠮ ᠢ ᠵᠠᠰᠠᠬᠤ᠂ ᠠᠭᠤᠯᠠᠨ ᠦᠶᠡᠷ ᠭᠤᠣ ᠰᠤᠪᠠᠭ ᠤᠨ ᠦᠶᠡᠷ ᠢ ᠰᠡᠷᠭᠡᠶᠢᠯᠡᠵᠦ ᠵᠠᠰᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠬᠥᠭᠵᠢᠭᠦᠯᠦᠨ ᠪᠤᠵᠠᠭᠠᠶᠢᠷᠠᠭᠤᠯᠵᠤ᠂ 17 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠨ ᠤ ᠣᠷᠣᠯᠭ᠎ᠠ ᠶᠢ ᠴᠥᠮ 100 ᠲᠦᠮᠡᠨ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠲᠠᠷᠢᠶᠠᠯᠠᠩ ᠤᠨ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠴᠢᠩ ᠱᠠᠨ ᠲᠣᠰᠬᠤᠨ ᠤ ᠪᠦᠭᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠢ ᠴᠢᠷᠮᠠᠶᠢᠨ ᠡᠭᠦᠳᠬᠦ ᠶᠢ ᠠᠬᠢᠭᠤᠯᠵᠤ᠂ ᠺᠠᠢ ᠵᠧᠦ ᠶᠣᠣ ᠽᠢ ᠪᠠ ᠭᠠᠩ ᠹᠠᠩ ᠳ᠋ᠢ ᠲᠣᠰᠬᠤᠨ ᠪᠤᠭᠤᠲᠤ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠭᠦ ᠲᠣᠰᠬᠤᠨ ᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠰᠠᠶᠢᠨ ᠪᠡᠷᠢ᠂ ᠰᠠᠶᠢᠨ ᠬᠠᠳᠠᠮ ᠡᠵᠢ᠂ ᠰᠠᠶᠢᠨ ᠬᠥᠷᠰᠢ᠂ ᠰᠠᠶᠢᠨ ᠠᠪᠢᠰᠤᠨ ᠠᠵᠢᠨ ︽ᠳᠥᠷᠪᠡᠨ ᠰᠠᠶᠢᠨ︾᠎ ᠢ ᠰᠢᠯᠭᠠᠷᠠᠭᠤᠯᠬᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠡᠷᠬᠢᠮ ᠳᠡᠭᠡᠳᠦ ᠶᠢ ᠡᠷᠬᠢᠮᠯᠡᠨ ᠰᠠᠶᠢᠨ ᠰᠠᠶᠢᠬᠠᠨ ᠨᠤᠲᠤᠭ ᠤᠰᠤᠨ ᠤ ᠬᠡᠪ ᠰᠤᠷᠲᠠᠯ ᠢ ᠪᠤᠢ ᠪᠣᠯᠭᠠᠶ᠎ᠠ᠃        ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠡᠢ᠃ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠵᠢᠯ ᠤᠨ ᠳᠣᠲᠣᠷ᠎ᠠ ᠬᠥᠮᠥᠨ ᠤ ᠬᠦᠴᠦ ᠪᠠᠷ 1 ᠲᠦᠮᠡᠨ ᠮᠦ ᠮᠣᠳᠣ ᠲᠠᠷᠢᠵᠤ ᠣᠶᠢᠵᠢᠭᠤᠯᠬᠤ ᠶᠢ ᠦᠨᠡᠨᠬᠦ ᠪᠠᠲᠤᠯᠠᠵᠤ᠂ 2 ᠲᠦᠮᠡᠨ ᠮᠦ ᠣᠢ ᠰᠢᠭᠤᠢ ᠶᠢ ᠰᠡᠷᠭᠦᠭᠡᠨ ᠰᠡᠷᠭᠦᠭᠡᠵᠦ᠂ 5000 ᠮᠦ ᠣᠢ ᠰᠢᠭᠤᠢ ᠶᠢ ᠠᠷᠠᠴᠢᠯᠠᠨ ᠪᠣᠶᠢᠵᠢᠭᠤᠯᠤᠨ᠎ᠠ ᠃ ᠠᠭᠤᠷᠬᠠᠢ ᠶᠢᠨ ᠠᠮᠢ ᠠᠬᠤᠢ ᠶᠢ ᠵᠠᠰᠠᠨ ᠰᠡᠷᠭᠦᠭᠡᠬᠦ ᠡᠷᠴᠢᠮ ᠢᠶᠠᠨ ᠴᠢᠩᠭᠠᠷᠠᠭᠤᠯᠵᠤ᠂ 600 ᠮᠦ ᠭᠠᠵᠠᠷ ᠤᠨ ᠣᠷᠴᠢᠨ ᠲᠣᠭᠤᠷᠢᠨ ᠢ ᠵᠠᠰᠠᠨ ᠰᠠᠶᠢᠵᠢᠷᠠᠭᠤᠯᠬᠤ ᠲᠠᠯᠠᠪᠠᠢ ᠶᠢ ᠪᠡᠶᠡᠯᠡᠭᠦᠯᠵᠦ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠳᠥᠷᠪᠡᠨ ᠤᠰᠤ ᠳᠥᠷᠪᠡᠨ ᠵᠦᠭ︾ ᠲᠣᠭᠲᠠᠭᠠᠬᠤ ᠵᠠᠷᠴᠢᠮ ᠢ ᠪᠠᠷᠢᠮᠲᠠᠯᠠᠵᠤ᠂ ᠨᠡᠩ ᠣᠯᠠᠨ ᠤᠰᠤᠨ ᠤ ᠭᠦᠢᠴᠡᠳᠬᠡᠯ ᠲᠤᠭ᠎ᠠ ᠶᠢ ᠴᠢᠷᠮᠠᠶᠢᠨ ᠣᠯᠬᠤ ᠳᠡᠭᠡᠷ᠎ᠡ ᠬᠦᠴᠦ ᠲᠠᠯᠪᠢᠨ᠎ᠠ᠃ ᠭᠠᠵᠠᠷ ᠰᠢᠷᠣᠢ ᠶᠢᠨ ᠵᠤᠷᠰᠢᠮᠠᠯ ᠬᠢᠨᠠᠨ ᠪᠠᠶᠢᠴᠠᠭᠠᠬᠤ ᠪᠠ ᠳᠠᠭᠠᠭᠤᠯᠢ ᠣᠳᠣᠨ ᠤ ᠹᠢᠯᠢᠮ ᠤᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠥᠩᠭᠡᠷᠡᠭᠰᠡᠨ ᠵᠢᠯ ᠤᠳ ᠤᠨ ᠭᠠᠵᠠᠷ ᠰᠢᠷᠣᠢ ᠶᠢᠨ ᠵᠤᠷᠰᠢᠮᠠᠯ ᠰᠢᠮᠳᠠᠭᠤᠯᠤᠨ ᠪᠠᠶᠢᠴᠠᠭᠠᠬᠤ ᠪᠠ ᠬᠠᠤᠯᠢ ᠠᠴᠠ ᠵᠥᠷᠢᠴᠡᠭᠰᠡᠨ ᠵᠢᠷᠤᠭ ᠤᠨ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠨᠣᠷᠮ᠎ᠠ ᠶᠢ 80 %᠎ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢ ᠴᠢᠩᠭᠠᠳᠬᠠᠨ᠂ ᠳᠠᠯᠳᠠᠭᠤᠷ ᠮᠠᠯᠵᠢᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠴᠢᠩᠭ᠎ᠠ ᠰᠡᠷᠭᠡᠶᠢᠯᠡᠨ᠎ᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠶᠢ ᠬᠦᠴᠦᠲᠡᠢ ᠠᠬᠢᠭᠤᠯᠵᠤ᠂ ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠬᠠᠷᠢᠶᠠᠲᠤ ᠣᠷᠣᠨ ᠤ ᠠᠭᠠᠷ ᠤᠨ ᠵᠢᠭᠠᠯᠲᠠ ᠲᠤᠭ᠎ᠠ ᠶᠢᠨ ᠰᠢᠯᠢᠳᠡᠭ ᠡᠳᠦᠷ ᠤᠨ ᠲᠤᠭ᠎ᠠ ᠶᠢᠨ ᠬᠠᠷᠢᠴᠠᠯ ᠢ 85 %᠎ ᠠᠴᠠ ᠳᠣᠣᠷ᠎ᠠ ᠪᠠᠶᠢᠯᠭᠠᠬᠤ ᠦᠭᠡᠢ ᠪᠠᠶᠢᠬᠤ ᠶᠢ ᠪᠠᠲᠤᠯᠠᠨ᠎ᠠ᠃ ᠤᠤᠭᠤᠬᠤ ᠤᠰᠤᠨ ᠤ ᠰᠤᠷᠪᠤᠯᠵᠢ ᠶᠢᠨ ᠭᠠᠵᠠᠷ ᠵᠢᠴᠢ ᠭᠠᠵᠠᠷ ᠳᠡᠭᠡᠷᠡᠬᠢ ᠤᠰᠤ᠂ ᠭᠠᠵᠠᠷ ᠳᠣᠣᠷᠠᠬᠢ ᠤᠰᠤᠨ ᠤ ᠴᠢᠨᠠᠷ ᠢ ᠬᠢᠨᠠᠨ ᠬᠡᠮᠵᠢᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠬᠠᠶᠢᠯᠠᠰᠤᠨ ᠭᠠᠴᠠᠭ᠎ᠠ᠂ ᠴᠠᠭᠠᠨᠭᠤᠣᠯ ᠲᠣᠰᠬᠤᠨ᠂ ᠲᠠᠬᠢᠶᠠᠨ ᠮᠣᠣ ᠶᠣᠣ ᠽᠢ ᠲᠣᠰᠬᠤᠨ ᠤ ᠠᠮᠢᠳᠤᠷᠠᠯ ᠤᠨ ᠪᠤᠵᠠᠷ ᠤᠰᠤ ᠶᠢ ᠵᠠᠰᠠᠬᠤ ᠶᠢ ᠲᠦᠯᠬᠢᠨ ᠠᠬᠢᠭᠤᠯᠵᠤ᠂ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠦᠨᠡᠨᠬᠦ ᠪᠠᠲᠤᠯᠠᠨ᠎ᠠ᠃ ᠠᠶᠤᠯᠲᠠᠢ ᠬᠠᠶᠠᠭᠳᠠᠮᠠᠯ ᠡᠳ᠋ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠥᠷᠨᠢᠭᠦᠯᠵᠦ᠂ 4000 ᠲᠦᠮᠡᠨ ᠲᠥᠭᠦᠷᠢᠭ ᠤᠨ ᠪᠡᠯᠡ ᠣᠷᠣᠭᠤᠯᠵᠤ ᠪᠠᠶᠢᠭᠠᠳ ᠡᠵᠡᠨ ᠦᠭᠡᠢ ᠦᠯᠡᠳᠡᠭᠳᠡᠯ ᠬᠦᠳᠡᠷ ᠤᠨ ᠬᠥᠮᠥᠷᠭᠡ ᠶᠢ ᠬᠠᠭᠠᠵᠤ ᠵᠠᠰᠠᠬᠤ ᠶᠢ ᠲᠦᠯᠬᠢᠨ ᠠᠬᠢᠭᠤᠯᠤᠨ᠎ᠠ᠃ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢ ᠲᠣᠬᠢᠷᠠᠭᠤᠯᠤᠨ ᠡᠵᠡᠮᠳᠡᠬᠦ ᠶᠢ ᠴᠢᠩᠭᠠᠳᠬᠠᠵᠤ᠂ ᠬᠤᠲᠠ ᠶᠢᠨ ᠪᠠᠭᠤᠯᠭᠠᠭᠰᠠᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠬᠢᠵᠠᠭᠠᠷᠯᠠᠬᠤ ᠬᠠᠷᠠᠯᠲᠠ ᠶᠢ ᠪᠡᠶᠡᠯᠡᠭᠦᠯᠵᠦ᠂ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ 5᠎ ᠶᠢ ᠬᠡᠷᠡᠭᠵᠢᠭᠦᠯᠵᠦ᠂ ᠪᠣᠬᠢᠷᠳᠤᠯ ᠦᠭᠡᠢ ᠦᠢᠯᠡᠳᠪᠦᠷᠢ 3᠎ ᠶᠢ ᠰᠢᠨ᠎ᠡ ᠪᠠᠷ ᠨᠡᠮᠡᠭᠳᠡᠭᠦᠯᠪᠡ᠃ ᠵᠡᠭᠦᠨᠳᠣ ᠰᠤᠮᠤ᠂ ᠪᠠᠳᠺᠠᠷ ᠵᠣᠣ ᠪᠠᠯᠭᠠᠰᠤ᠂ ᠳ᠋ᠠ ᠳ᠋ᠧ ᠾᠧᠩ ᠵᠡᠭᠡᠯᠢ ᠭᠤᠳᠤᠮᠵᠢ ᠵᠡᠷᠭᠡ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ 5.3 ᠲᠦᠮᠡᠨ ᠲᠡᠭᠰᠢ ᠳᠥᠷᠪᠡᠯᠵᠢᠨ ᠮᠧᠲᠷ ᠬᠡᠷᠡᠭᠵᠢᠭᠦᠯᠵᠦ᠂ ᠰᠢᠨ᠎ᠡ ᠪᠠᠷ ᠪᠠᠶᠢᠭᠤᠯᠤᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠡᠵᠡᠯᠡᠬᠦ ᠬᠠᠷᠢᠴᠠᠯ ᠢ 20 %᠎ ᠳᠤ ᠬᠦᠷᠭᠡᠨ᠎ᠡ᠃         ᠬᠤᠳᠠᠯᠳᠤᠭᠠᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠬᠦᠴᠦᠨ ᠢᠶᠠᠨ ᠲᠥᠪᠯᠡᠷᠡᠭᠦᠯᠦᠨ ᠰᠢᠯᠢᠳᠡᠭᠵᠢᠭᠦᠯᠦᠨ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠢᠯᠢᠭᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠪᠦᠭᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠰᠦᠯᠵᠢᠶ᠎ᠡ ᠪᠠᠷ ᠭᠦᠢᠴᠡᠳᠬᠡᠵᠦ ᠪᠤᠯᠬᠤ ᠨᠣᠷᠮ᠎ᠠ᠂ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ ᠨᠣᠷᠮ᠎ᠠ ᠶᠢ 100 %᠎ ᠳᠤ ᠬᠦᠷᠭᠡᠬᠦ ᠶᠢ ᠠᠬᠢᠭᠤᠯᠵᠤ᠂ ︽ᠨᠢᠭᠡ ᠬᠠᠭᠤᠳᠠᠰᠤ ᠪᠠᠷ ᠭᠦᠢᠴᠡᠳ ᠵᠢᠭᠰᠠᠭᠠᠬᠤ᠂ ᠠᠰᠲᠠᠭᠠᠨ ᠳᠠᠩᠰᠠ ᠪᠠᠶᠢᠯᠭᠠᠬᠤ ᠦᠭᠡᠢ︾᠎ ᠶᠢ ᠪᠡᠶᠡᠯᠡᠭᠦᠯᠦᠨ᠎ᠡ᠃ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠤᠳᠤᠷᠢᠳᠤᠮᠵᠢ ᠶᠢ ᠴᠢᠩᠭᠠᠷᠠᠭᠤᠯᠵᠤ᠂ ᠭᠠᠵᠠᠷ ᠰᠢᠷᠣᠢ ᠬᠠᠩᠭᠠᠬᠤ᠂ ᠴᠠᠭᠢᠯᠭᠠᠨ ᠬᠠᠩᠭᠠᠬᠤ᠂ ᠤᠰᠤ ᠬᠠᠩᠭᠠᠬᠤ᠂ ᠣᠷᠴᠢᠨ ᠲᠣᠭᠤᠷᠢᠨ ᠢ ᠦᠨᠡᠯᠡᠬᠦ ᠵᠡᠷᠭᠡ ᠲᠠᠯ᠎ᠠ ᠪᠠᠷ ᠬᠢ ᠲᠦᠭᠵᠢᠷᠡᠬᠦ ᠠᠰᠠᠭᠤᠳᠠᠯ ᠢ ᠲᠤᠶᠢᠯ ᠤᠨ ᠣᠨᠣᠪᠴᠢᠲᠠᠢ ᠪᠠᠷ ᠰᠢᠢᠳᠪᠦᠷᠢᠯᠡᠵᠦ᠂ ︽ᠦᠨᠡᠨ ᠰᠡᠳᠬᠢᠯ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠭᠤᠯᠤᠭᠳᠠᠬᠤᠨ ᠢ ᠪᠠᠶᠠᠯᠢᠭᠵᠢᠭᠤᠯᠵᠤ᠂ ︽ᠴᠢᠮ᠎ᠠ ᠳᠤ ᠰᠡᠳᠬᠢᠯ ᠬᠠᠨᠤᠮᠵᠢᠲᠠᠢ︾ ᠨᠡᠷᠡᠲᠦ ᠲᠡᠮᠳᠡᠭ ᠢ ᠠᠯᠳᠠᠷᠰᠢᠭᠤᠯᠤᠨ᠎ᠠ᠃ ︽ᠪᠠᠭᠲᠠᠭᠠᠮᠵᠢ ᠳᠤᠲᠠᠮᠠᠭ ᠪᠣᠯ ᠭᠥᠯᠢᠶᠡᠨ ᠠᠪᠴᠤ ᠰᠢᠢᠳᠪᠦᠷᠢᠯᠡᠬᠦ︾᠂ ︽ᠪᠦᠭᠦ ᠬᠤᠲᠠ ᠳᠤ ᠨᠡᠶᠢᠳᠡᠮ ᠭᠦᠢᠴᠡᠳᠬᠡᠬᠦ︾᠂ ︽ᠳᠠᠷᠤᠶᠢᠬᠠᠨ ᠭᠦᠢᠴᠡᠳᠬᠡᠬᠦ︾᠂ ︽ᠣᠶᠢᠷ᠎ᠠ ᠬᠠᠪᠢ ᠳᠤᠨᠢ ᠭᠦᠢᠴᠡᠳᠬᠡᠬᠦ︾ ᠵᠡᠷᠭᠡ ᠦᠢᠯᠡᠴᠢᠯᠡᠭᠡ ᠶᠢ ᠢᠳᠡᠪᠬᠢᠲᠡᠢ ᠬᠡᠷᠡᠭᠵᠢᠭᠦᠯᠦᠨ᠂ ᠰᠠᠯᠠᠭ᠎ᠠ ᠮᠥᠴᠢᠷ ᠠᠯᠤᠰᠯᠠᠭᠰᠠᠨ᠂ ᠬᠦᠷᠢᠶ᠎ᠡ ᠠᠯᠤᠰᠯᠠᠭᠰᠠᠨ ︽ᠬᠤᠣᠰ ᠲᠣᠭᠲᠠᠮᠠᠯ ᠪᠤᠰᠤ᠂ ᠨᠢᠭᠡ ᠢᠯᠡ ᠪᠤᠯᠭᠠᠬᠤ︾ ᠬᠤᠯᠪᠣᠭᠠᠯᠠᠭᠰᠠᠨ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠣᠬᠢᠴᠠᠮᠵᠢ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠱᠠᠭᠠᠷᠳᠠᠯᠭ᠎ᠠ ᠶᠢ ᠨᠡᠩ ᠰᠠᠶᠢᠨ ᠬᠠᠩᠭᠠᠵᠤ᠂ ᠪᠦᠭᠦ ᠵᠢᠯ ᠳᠤ ᠵᠠᠬ᠎ᠠ ᠳᠡᠯᠭᠡᠭᠦᠷ ᠤᠨ ᠭᠤᠣᠯ ᠴᠣᠭᠴᠠ 350 ᠡᠷᠦᠭᠡ ᠠᠴᠠ ᠳᠡᠭᠡᠭᠰᠢ ᠰᠢᠨ᠎ᠡ ᠪᠠᠷ ᠨᠡᠮᠡᠭᠳᠡᠪᠡ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ︽ᠰᠡᠳᠬᠢᠯ ᠢᠶᠠᠨ ᠬᠤᠯᠪᠣᠬᠤ ᠬᠥᠭᠦᠷᠭᠡ︾ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ︽ᠶᠠᠷᠰᠢᠭ ᠲᠠᠢ ᠠᠵᠢᠯ︾᠎ ᠶᠢ ᠵᠠᠰᠠᠭ ᠤᠨ ᠣᠷᠳᠣᠨ ᠤ ︽ᠰᠡᠳᠬᠢᠯ ᠤᠨ ᠶᠠᠪᠤᠳᠠᠯ︾ ᠪᠤᠯᠭᠠᠵᠤ ᠪᠣᠳᠠᠲᠠᠢ ᠰᠠᠶᠢᠲᠤᠷ ᠬᠢᠵᠦ᠂ ︽ᠲᠠᠨ ᠢ ᠳᠠᠭᠠᠭᠠᠴᠢᠯᠠᠭᠤᠯᠬᠤ ᠳᠤ ᠰᠠᠨᠠᠭ᠎ᠠ ᠠᠮᠤᠷ︾ ᠬᠠᠤᠯᠢᠵᠢᠯ ᠤᠨ ᠬᠤᠳᠠᠯᠳᠤᠭ᠎ᠠ ᠡᠷᠭᠢᠯᠡᠭᠦ ᠣᠷᠴᠢᠨ ᠲᠣᠭᠤᠷᠢᠨ ᠤ ᠬᠤᠷᠢᠨ ᠵᠤᠷᠪᠤᠰ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠣᠬᠢᠲᠠᠢ ᠰᠢᠢᠳᠪᠦᠷᠢᠯᠡᠨ᠎ᠡ᠃ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠡᠬᠡ ᠳᠠᠩᠰᠠ ᠶᠢ ᠪᠠᠶᠢᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠤᠨ 1100 ᠠᠵᠢᠯᠴᠢᠨ ᠬᠡᠷᠡᠭᠯᠡᠬᠦ ᠶᠢ ᠬᠥᠳᠡᠯᠦᠩᠭᠦᠢ ᠪᠠᠷ ᠰᠢᠢᠳᠪᠦᠷᠢᠯᠡᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠰᠢᠯᠢᠳᠡᠭᠵᠢᠭᠦᠯᠦᠨ ᠳᠠᠭᠢᠨ ᠵᠣᠬᠢᠶᠠᠨ ᠪᠠᠶᠢᠭᠤᠯᠬᠤ ᠶᠢ ᠦᠷᠭᠦᠯᠵᠢᠯᠡᠨ ᠲᠦᠯᠬᠢᠨ ᠠᠬᠢᠭᠤᠯᠵᠤ᠂ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠪᠣᠯᠣᠨ ᠡᠵᠡᠩᠨᠡᠯᠲᠡ ᠶᠢᠨ ᠠᠰᠢᠭ ᠣᠯᠵᠠᠪᠤᠷᠢ ᠶᠢ ᠬᠤᠶᠠᠷ ᠳᠠᠭᠢᠨ ᠨᠡᠮᠡᠭᠳᠡᠭᠦᠯᠬᠦ ᠶᠢ ᠴᠢᠷᠮᠠᠶᠢᠨ ᠪᠡᠶᠡᠯᠡᠭᠦᠯᠵᠦ᠂ ᠲᠤᠰ ᠲᠤᠰ 2 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠ 1500 ᠲᠦᠮᠡᠨ ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ᠃ ᠡᠬᠢ ᠰᠤᠷᠪᠤᠯᠵᠢ ᠶᠢᠨ ᠺᠤᠮᠫᠠᠨᠢ ᠶᠢᠨ ᠰᠢᠨ᠎ᠡ ᠭᠤᠷᠪᠠᠳᠤᠭᠠᠷ ᠰᠠᠮᠪᠠᠷ᠎ᠠ ᠳᠤ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠤᠨ᠎ᠠ᠃         ( ᠳᠥᠷᠪᠡ ) ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠬᠤ ᠪᠠᠷ ᠦᠨᠳᠦᠰᠦ ᠪᠤᠯᠭᠠᠵᠤ᠂ ᠵᠣᠯ ᠵᠢᠷᠭᠠᠯᠲᠤ ᠠᠮᠢᠳᠤᠷᠠᠯ ᠤᠨ ᠰᠢᠨ᠎ᠡ ᠬᠡᠪ ᠴᠢᠨᠠᠷ ᠢ ᠪᠤᠢ ᠪᠤᠯᠭᠠᠬᠤ ᠲᠠᠯ᠎ᠠ ᠪᠠᠷ ᠬᠦᠴᠦ ᠨᠡᠮᠡᠨ᠎ᠡ         ︽8.13︾᠎ ᠤ ᠦᠶᠡᠷ ᠤᠨ ᠭᠠᠮᠰᠢᠭ ᠤᠨ ᠳᠠᠭᠢᠨ ᠪᠦᠲᠦᠭᠡᠨ ᠪᠠᠶᠢᠭᠤᠯᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠡᠢ᠃ ᠵᠠᠭᠤᠨ ᠵᠢᠯ ᠳᠤ ᠨᠢᠭᠡ ᠲᠣᠬᠢᠶᠠᠯᠳᠤᠬᠤ ︽8.13︾᠎ ᠤ ᠦᠶᠡᠷ ᠤᠨ ᠭᠠᠮᠰᠢᠭ ᠤᠨ ᠡᠮᠦᠨ᠎ᠡ᠂ ᠪᠢᠳᠡ ᠢᠳᠡᠪᠬᠢᠲᠡᠢ ᠪᠠᠷ ᠥᠭᠡᠳᠡᠯᠡᠨ ᠲᠠᠪᠰᠢᠵᠤ ᠳᠡᠮᠵᠢᠯᠭᠡ ᠶᠢ ᠣᠯᠬᠤ ᠪᠠᠷ ᠴᠢᠷᠮᠠᠶᠢᠵᠤ᠂ ᠬᠢᠮᠤᠷᠠᠯ ᠤᠨ ᠳᠤᠮᠳᠠ ᠰᠢᠨ᠎ᠡ ᠠᠵᠠ ᠲᠣᠭᠢᠶᠠᠯ ᠪᠤᠢ ᠪᠣᠯᠵᠤ᠂ ᠤᠰᠤᠨ ᠳᠤ ᠡᠪᠳᠡᠭᠳᠡᠭᠰᠡᠨ ᠲᠥᠬᠦᠭᠡᠷᠦᠮᠵᠢ ᠶᠢ ᠭᠠᠮᠰᠢᠭ ᠤᠨ ᠳᠠᠷᠠᠭ᠎ᠠ ᠳᠠᠭᠢᠨ ᠪᠠᠶᠢᠭᠤᠯᠬᠤ ᠠᠵᠢᠯ ᠢ ᠲᠦᠷᠭᠡᠳᠬᠡᠨ ᠠᠬᠢᠭᠤᠯᠵᠤ᠂ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ ᠯᠤᠭ᠎ᠠ ᠢᠳᠡᠪᠬᠢᠲᠡᠢ ᠵᠣᠬᠢᠴᠠᠭᠤᠯᠤᠨ 6 ᠰᠠᠷ᠎ᠠ ᠶᠢᠨ ᠰᠡᠭᠦᠯᠴᠢ ᠠᠴᠠ ᠡᠮᠦᠨ᠎ᠡ ᠭᠦᠭᠡᠬᠤᠲᠠ  ᠶᠢᠨ ᠲᠠᠪᠤᠳᠤᠭᠠᠷ ᠵᠠᠰᠠᠮᠠᠯ ᠵᠠᠮ᠂ ᠪᠤᠭᠤᠲᠤ ᠠᠴᠠ ᠴᠢᠯᠠᠭᠤ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠢ ᠡᠪᠳᠡᠯᠡᠵᠦ ᠰᠡᠷᠭᠦᠭᠡᠬᠦ ᠶᠢ ᠪᠡᠶᠡᠯᠡᠭᠦᠯᠦᠨ᠎ᠡ᠃ 1430 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠭᠤᠣᠯ ᠮᠥᠷᠡᠨ ᠤ ᠰᠠᠪᠠ ᠭᠠᠵᠠᠷ ᠤᠨ ᠬᠤᠲᠠ ᠲᠣᠭᠤᠷᠢᠭ ᠤᠨ ᠦᠶᠡᠷ ᠢ ᠰᠡᠷᠭᠡᠶᠢᠯᠡᠬᠦ ᠬᠠᠰᠢᠯᠭ᠎ᠠ᠂ ᠮᠠᠯᠵᠢᠬᠤ ᠲᠠᠷᠢᠶᠠᠯᠠᠬᠤ ᠣᠷᠣᠨ ᠤ ᠤᠰᠤᠯᠠᠯᠲᠠ ᠶᠢᠨ ᠬᠤᠳᠳᠤᠭ᠂ ᠭᠠᠵᠠᠷ ᠬᠠᠮᠠᠭᠠᠯᠠᠬᠤ ᠬᠠᠰᠢᠯᠭ᠎ᠠ ᠵᠡᠷᠭᠡ ᠲᠠᠷᠢᠶᠠᠨ ᠭᠠᠵᠠᠷ ᠤᠨ ᠪᠡᠯᠡᠳᠬᠡᠮᠵᠢ ᠶᠢ ᠰᠡᠯᠪᠢᠨ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠦᠨ᠎ᠡ᠃ 5170 ᠲᠦᠮᠡᠨ ᠲᠥᠭᠦᠷᠢᠭ ᠤᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ ᠭᠦᠢᠴᠡᠳ ᠰᠠᠶᠢᠲᠤᠷ ᠬᠡᠷᠡᠭᠯᠡᠵᠦ᠂ ᠰᠢᠭᠤᠶᠢᠲᠤ ᠡᠷᠲᠡ ᠴᠢᠯᠦᠭᠡᠯᠡᠭᠳᠡᠭᠰᠡᠨ ᠣᠷᠣᠨ ᠤ ᠤᠰᠤ ᠬᠠᠩᠭᠠᠵᠤ ᠭᠠᠳᠠᠭᠰᠢᠯᠠᠭᠤᠯᠬᠤ ᠬᠤᠭᠤᠯᠠᠢ ᠶᠢᠨ ᠲᠣᠣᠷ ᠵᠢᠴᠢ ᠪᠤᠵᠠᠷ ᠤᠰᠤᠨ ᠤ ᠬᠥᠭᠡᠷᠭᠡ ᠶᠢᠨ ᠥᠷᠲᠡᠭᠡ ᠶᠢ ᠲᠡᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ 2027 ᠲᠦᠮᠡᠨ ᠲᠥᠭᠦᠷᠢᠭ ᠤᠨ ᠪᠡᠯᠡ ᠣᠷᠣᠭᠤᠯᠵᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠷᠠᠭᠠᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠤᠰᠤᠨ ᠳᠤ ᠡᠪᠳᠡᠭᠳᠡᠭᠰᠡᠨ ᠵᠠᠮ ᠪᠠ ᠤᠰᠤ ᠬᠠᠩᠭᠠᠵᠤ ᠭᠠᠳᠠᠭᠰᠢᠯᠠᠭᠤᠯᠬᠤ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠤᠰᠤᠨ ᠳᠤ ᠡᠪᠳᠡᠭᠳᠡᠭᠰᠡᠨ ᠭᠠᠵᠠᠷ ᠤᠨ ᠬᠠᠰᠢᠯᠭ᠎ᠠ ᠶᠢᠨ ᠦᠨᠡᠯᠡᠨ ᠵᠢᠱᠢᠬᠦ᠂ ᠮᠡᠷᠭᠡᠵᠢᠯ ᠪᠣᠯᠣᠨ ᠠᠶᠤᠯ ᠦᠭᠡᠢ ᠶᠢᠨ ᠬᠢᠨᠠᠨ ᠲᠣᠭᠲᠠᠭᠠᠯᠲᠠ ᠬᠢᠬᠦ ᠵᠡᠷᠭᠡ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠦᠶᠡᠷ ᠤᠨ ᠬᠤᠭᠤᠴᠠᠭ᠎ᠠ ᠎ ᠠᠴᠠ ᠡᠮᠦᠨ᠎ᠡ ᠡᠯ᠎ᠡ ᠲᠥᠷᠥᠯ ᠤᠨ ᠠᠶᠤᠯ ᠦᠭᠡᠢ ᠶᠢᠨ ᠳᠠᠯᠳᠠ ᠭᠡᠮ ᠢ ᠠᠷᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ ᠃ ᠣᠯᠠᠨ ᠲᠦᠮᠡᠨ ᠤ ᠡᠪᠳᠡᠭᠳᠡᠭᠰᠡᠨ ᠭᠡᠷ ᠪᠠᠶᠢᠰᠢᠩ ᠢ ᠳᠠᠭᠢᠨ ᠪᠠᠶᠢᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠰᠦᠪᠡᠭᠴᠢᠯᠡᠵᠦ᠂ ᠳᠠᠭᠢᠨ ᠪᠠᠶᠢᠭᠤᠯᠬᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠭᠠᠮᠰᠢᠭᠳᠠᠭᠰᠠᠨ ᠣᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ᠂ ᠦᠢᠯᠡᠳᠪᠦᠷᠢᠯᠡᠯ ᠠᠮᠢᠳᠤᠷᠠᠯ ᠤᠨ ᠪᠠᠲᠤᠯᠠᠭ᠎ᠠ ᠵᠡᠷᠭᠡ ᠠᠵᠢᠯ ᠢ ᠪᠦᠭᠦ ᠲᠠᠯ᠎ᠠ ᠪᠠᠷ ᠰᠠᠶᠢᠲᠤᠷ ᠬᠢᠵᠦ᠂ ᠣᠯᠠᠨ ᠲᠦᠮᠡᠨ ᠤ ᠭᠠᠮᠰᠢᠭᠳᠠᠭᠰᠠᠨ ᠨᠥᠯᠥᠭᠡ ᠶᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠨ᠎ᠠ᠃         ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠤᠯᠠᠮ ᠵᠤᠵᠠᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠦᠨ᠃ ᠠᠵᠢᠯ ᠣᠯᠭᠤᠯᠲᠠ ᠶᠢ ᠡᠩ ᠲᠡᠷᠢᠭᠦᠨ ᠳᠤ ᠤᠳᠤᠷᠢᠳᠤᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠣᠶᠤᠲᠠᠨ᠂ ᠬᠥᠯᠥᠰᠦᠨ ᠠᠵᠢᠯᠴᠢᠨ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠲᠥᠷᠥᠯ ᠬᠤᠪᠢᠶᠠᠨ ᠪᠠᠲᠤᠯᠠᠵᠤ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠬᠤᠲᠠ ᠪᠠᠯᠭᠠᠰᠤᠨ ᠤ 300 ᠬᠥᠮᠥᠨ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠬᠤ ᠶᠢ ᠪᠠᠲᠤᠯᠠᠨ᠎ᠠ᠃ ᠳᠤᠮᠳᠠ ᠵᠢᠵᠢᠭ ᠠᠵᠤ ᠠᠬᠤᠶᠢᠯᠠᠯ ᠤᠨ ᠴᠢᠳᠠᠪᠤᠷᠢᠲᠠᠨ ᠤ ᠨᠥᠭᠡᠴᠡᠯᠡᠯᠲᠡ ᠶᠢᠨ ᠨᠥᠬᠦᠪᠦᠷᠢ᠂ ᠠᠳᠠᠯ ᠦᠢᠯᠡᠰ ᠴᠣᠭᠴᠠᠯᠠᠬᠤ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠵᠡᠷᠭᠡ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠶᠢ 500 ᠲᠦᠮᠡᠨ ᠲᠥᠭᠦᠷᠢᠭ ᠠᠴᠠ ᠳᠡᠭᠡᠭᠰᠢ ᠣᠯᠭᠤᠨ᠎ᠠ᠃ ᠣᠷᠣᠯᠭ᠎ᠠ ᠪᠠᠭᠠᠲᠠᠢ ᠬᠠᠮᠲᠤᠯᠢᠭ ᠤᠨ ︽ᠬᠠᠶᠢᠷ᠎ᠠ ᠬᠠᠯᠠᠮᠵᠢ ᠶᠢ ᠬᠠᠪᠰᠤᠷᠤᠨ ᠳᠡᠮᠵᠢᠬᠦ︾ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ ᠰᠢᠰᠲ᠋ᠧᠮ ᠪᠣᠯᠣᠨ ᠪᠠᠲᠤᠯᠠᠭᠠᠨ ᠤ ᠰᠢᠰᠲ᠋ᠧᠮ ᠢ ᠲᠡᠭᠦᠯᠳᠡᠷᠵᠢᠭᠦᠯᠦᠨ᠂ ᠠᠰᠠᠷ ᠲᠤ ᠲᠤᠰᠢᠶᠠᠵᠤ᠂ ᠲᠣᠭᠲᠠᠭᠤᠨ ᠪᠠᠶᠢᠳᠠᠯ ᠢ ᠪᠠᠲᠤᠯᠠᠨ᠂ ᠠᠷᠠᠳ ᠤᠨ ᠠᠮᠢᠳᠤᠷᠠᠯ ᠢ ᠪᠠᠲᠤᠯᠠᠨ᠎ᠠ᠃ ᠰᠤᠷᠭᠠᠨ ᠬᠥᠮᠦᠵᠢᠯ᠂ ᠡᠮ ᠡᠮᠨᠡᠯᠭᠡ ᠂ ᠨᠠᠰᠤᠵᠢᠯ᠂ ᠴᠡᠴᠡᠷᠯᠢᠭ ᠵᠡᠷᠭᠡ ᠲᠠᠯ᠎ᠠ ᠶᠢᠨ ᠠᠵᠢᠯ ᠢ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ 80 %᠎ ᠠᠴᠠ ᠳᠡᠭᠡᠭᠰᠢᠬᠢ ᠶᠢ ᠪᠠᠲᠤᠯᠠᠨ᠎ᠠ᠃ ᠤᠯᠤᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠲᠦᠭᠡᠮᠡᠯ ᠬᠦᠷᠲᠡᠭᠡᠬᠦ ᠶᠢᠨ ᠦᠨᠡᠯᠡᠨ ᠵᠢᠱᠢᠵᠦ ᠰᠢᠯᠭᠠᠨ ᠠᠪᠬᠤ ᠠᠵᠢᠯ ᠢ ᠪᠡᠶᠡᠯᠡᠭᠦᠯᠵᠦ᠂ ᠬᠤᠲᠠ ᠶᠢᠨ ᠳᠡᠰ ᠤᠨ ᠵᠢᠱᠢᠶ᠎ᠡ ᠦᠵᠡᠭᠦᠯᠭᠦ ᠬᠡᠦᠬᠡᠳ ᠤᠨ ᠴᠡᠴᠡᠷᠯᠢᠭ ᠢ ᠳᠠᠭᠢᠨ ᠪᠠᠶᠢᠭᠤᠯᠵᠤ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠰᠢᠭᠤᠶᠢᠲᠤ ᠰᠤᠷᠭᠠᠭᠤᠯᠢ ᠶᠢᠨ ᠲᠣᠭᠤᠷᠢᠭ ᠤᠨ ᠵᠢᠯ ᠤᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠰᠢᠭᠤᠶᠢᠲᠤ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠳᠤ ᠲᠦᠰᠢᠭᠯᠡᠨ᠂ 3 ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢ ᠳᠠᠶᠢᠴᠢᠯᠠᠨ ᠣᠷᠣᠨ ᠪᠦᠰᠡ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠵᠠᠯᠠᠭᠤᠴᠤᠳ ᠤᠨ ᠬᠥᠭᠵᠢᠯᠲᠡ ᠶᠢᠨ ᠭᠡᠯᠪᠡᠷᠢ ᠶᠢᠨ ᠬᠤᠲᠠ ᠶᠢ ᠬᠦᠴᠦᠯᠡᠨ ᠪᠦᠲᠦᠭᠡᠨ ᠪᠠᠶᠢᠭᠤᠯᠵᠤ᠂ ︽ᠵᠠᠯᠠᠭᠤᠴᠤᠳ ᠠᠶᠢᠯ︾᠎ ᠤᠨ ᠡᠭᠦᠳᠦᠨ ᠴᠣᠭᠴᠠᠯᠠᠭᠴᠢ ᠶᠢᠨ ᠨᠡᠶᠢᠭᠡᠮ ᠲᠣᠭᠤᠷᠢᠭ ᠢ ᠪᠠᠶᠢᠭᠤᠯᠤᠨ᠎ᠠ᠃ ︽ᠨᠢᠭᠡ ᠨᠠᠰᠤᠲᠠᠨ ᠨᠢᠭᠡ ᠪᠠᠭ᠎ᠠ︾᠎ ᠤ ᠦᠢᠯᠡᠴᠢᠯᠡᠭᠡ ᠶᠢ ᠯᠠᠪᠳᠠᠭᠤᠨ ᠪᠠᠲᠤᠲᠠᠢ ᠠᠬᠢᠭᠤᠯᠵᠤ᠂ ᠱᠧᠩ ᠹᠠ ᠨᠡᠶᠢᠭᠡᠮ ᠲᠣᠭᠤᠷᠢᠭ ᠤᠨ ᠪᠦᠭᠦ ᠤᠯᠤᠰ ᠤᠨ ᠵᠢᠱᠢᠶ᠎ᠡ ᠦᠵᠡᠭᠦᠯᠭᠦ ᠴᠢᠨᠠᠷᠲᠠᠢ ᠨᠠᠰᠤᠲᠠᠶᠢᠴᠤᠳ ᠤᠨ ᠨᠥᠭᠦᠷᠰᠡᠭ ᠭᠡᠯᠪᠡᠷᠢ ᠶᠢᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ 1500 ᠲᠦᠮᠡᠨ ᠲᠥᠭᠦᠷᠢᠭ ᠤᠨ ᠪᠡᠯᠡ ᠣᠷᠣᠭᠤᠯᠵᠤ 1700 ᠮᠦ ᠶᠢᠨ ᠣᠯᠠᠨ ᠴᠢᠳᠠᠮᠵᠢᠲᠤ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠣᠷᠣᠨ ᠵᠠᠢ ᠶᠢ ᠤᠯᠠᠮ ᠨᠢᠭᠡ ᠠᠯᠬᠤᠮ ᠥᠷᠭᠡᠵᠢᠭᠦᠯᠦᠨ᠎ᠡ᠃ ᠨᠣᠮ ᠤᠨ ᠰᠠᠩ᠂ ᠰᠣᠶᠣᠯ ᠤᠨ ᠣᠷᠳᠣᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠠᠷᠠᠳ ᠣᠯᠠᠨ ᠤ ᠰᠣᠶᠣᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠨ᠎ᠠ᠃         ᠨᠡᠶᠢᠭᠡᠮ ᠤᠨ ᠠᠮᠤᠷ ᠲᠣᠭᠲᠠᠭᠤᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠡᠢ᠃ ︽ᠬᠥᠬᠡᠭᠴᠢᠨ ᠲᠥᠷᠥᠯ ᠤᠨ ᠬᠥᠬᠡᠭᠴᠢᠨ ᠬᠤᠭᠤᠯᠠᠢ︾᠎ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠠᠷᠢᠶᠠᠯᠠᠬᠤ ᠮᠠᠯᠵᠢᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠡᠷᠡᠭᠦᠯ ᠮᠡᠨᠳᠦ ᠶᠢ ᠬᠦᠴᠦᠯᠡᠨ ᠪᠠᠲᠤᠯᠠᠵᠤ᠂ ᠬᠦᠨᠳᠦ ᠡᠪᠡᠳᠴᠢᠨ ᠢ ᠰᠡᠷᠡᠮᠵᠢᠯᠡᠨ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠨᠡᠩ ᠴᠢᠭᠯᠡᠭᠦᠯᠬᠦ ᠴᠢᠨᠠᠷᠲᠠᠢ ᠪᠠᠷ ᠥᠷᠨᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠵᠡᠷᠭᠡ ᠲᠠᠯ᠎ᠠ ᠶᠢᠨ ᠳᠤᠲᠠᠭᠳᠠᠯ ᠢ ᠲᠦᠷᠭᠡᠳᠬᠡᠨ ᠨᠥᠬᠦᠪᠦᠷᠢᠯᠡᠵᠦ᠂ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠬᠤ ᠬᠡᠷᠡᠭᠲᠡᠢ᠃ ᠠᠶᠤᠯ ᠦᠭᠡᠢ ᠦᠢᠯᠡᠳᠪᠦᠷᠢᠯᠡᠯ ᠤᠨ ︽4321︾ ᠠᠵᠢᠯ ᠤᠨ ᠠᠷᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠨᠡᠮᠡᠭᠳᠡᠭᠦᠯᠦᠨ᠂ ᠵᠠᠮ ᠬᠠᠷᠢᠯᠴᠠᠭ᠎ᠠ᠂ ᠢᠳᠡᠭᠡᠨ ᠤᠮᠳᠠᠭᠠᠨ ᠡᠮ ᠤᠨ ᠵᠦᠢᠯᠡᠰ᠂ ᠣᠨᠴᠠ ᠲᠥᠷᠥᠯ ᠤᠨ ᠲᠥᠬᠦᠭᠡᠷᠦᠮᠵᠢ᠂ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠡᠷᠭᠡ ᠬᠦᠷᠢᠶᠡᠨ ᠳᠠᠬᠢ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠨ᠂ ︽ᠲᠠᠪᠤ ᠶᠢ ᠦᠨᠡᠨᠬᠦ ᠪᠠᠲᠤᠯᠠᠬᠤ︾ ᠎ ᠶᠢ ᠡᠷᠡᠰ ᠪᠡᠶᠡᠯᠡᠭᠦᠯᠵᠦ᠂ ᠬᠦᠨᠳᠦ ᠣᠨᠴᠠ ᠶᠡᠭᠡ ᠠᠶᠤᠯ ᠦᠭᠡᠢ ᠦᠢᠯᠡᠳᠪᠦᠷᠢᠯᠡᠯ ᠤᠨ ᠠᠳᠠᠯ ᠭᠠᠷᠬᠤ ᠶᠢ ᠬᠤᠷᠢᠭᠯᠠᠨ᠎ᠠ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠳᠠᠯᠳᠠ ᠴᠢᠨᠠᠷᠲᠠᠢ ᠥᠷᠢ ᠥᠭᠴᠡᠭᠡ ᠶᠢ ᠠᠷᠢᠯᠭᠠᠬᠤ ᠠᠵᠢᠯ ᠢ ᠰᠠᠶᠢᠲᠤᠷ ᠬᠢᠨ᠎ᠡ᠃ ︽ᠳᠠᠷᠤᠭᠳᠠᠮᠠᠯ ᠬᠡᠷᠡᠭ ᠢ ᠰᠢᠢᠳᠪᠦᠷᠢᠯᠡᠬᠦ᠂ ᠳᠠᠭᠢᠨ ᠰᠤᠷᠪᠤᠯᠵᠢᠯᠠᠬᠤ᠂ ᠲᠣᠭᠲᠠᠭᠤᠨ ᠪᠠᠶᠢᠳᠠᠯ ᠢ ᠠᠬᠢᠭᠤᠯᠬᠤ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠨᠢᠭᠡ ᠥᠷᠲᠡᠭᠡᠯᠢᠭ︾ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠣᠭᠲᠠᠴᠠ ᠶᠢ ᠭᠦᠢᠴᠡᠳ ᠪᠠᠳᠠᠷᠠᠭᠤᠯᠵᠤ᠂ ᠵᠠᠬᠢᠳᠠᠯ ᠰᠣᠷᠪᠤᠯᠵᠢᠯᠠᠭ᠎ᠠ ᠶᠢ ᠵᠠᠰᠠᠨ ᠰᠡᠷᠭᠦᠭᠡᠬᠦ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠠᠷᠢᠯᠭᠠᠬᠤ ᠠᠵᠢᠯ ᠤᠨ ᠰᠠᠩ ᠬᠥᠮᠥᠷᠭᠡ ᠪᠠᠨ ᠪᠦᠭᠦᠨ ᠢ ᠢᠷᠤᠭᠠᠷ ᠲᠠᠬᠢ ᠤᠯᠠ ᠪᠠᠶᠢᠳᠠᠯ ᠢ ᠣᠶᠢᠯᠠᠭᠠᠬᠤ ᠶᠢ ᠲᠦᠯᠬᠢᠨ ᠠᠬᠢᠭᠤᠯᠵᠤ᠂ ᠣᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ᠂ ᠭᠡᠷ ᠤᠨ ᠠᠬᠠᠮᠠᠳ ᠪᠣᠯᠣᠨ ᠣᠬᠤᠷ ᠬᠤᠭᠤᠴᠠᠭᠠᠨ ᠤ ᠳᠣᠲᠣᠷ᠎ᠠ ᠵᠠᠷᠢᠮ ᠬᠥᠮᠥᠨ ᠬᠠᠯᠠᠮᠵᠢᠯᠠᠵᠤ ᠬᠠᠮᠢᠶᠠᠷᠬᠤ ᠬᠥᠮᠥᠨ ᠲᠠᠢ ᠪᠠᠶᠢᠬᠤ ᠪᠣᠯᠭᠠᠨ᠎ᠠ᠃ ᠡᠯ᠎ᠡ ᠲᠥᠷᠥᠯ ᠤᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠ ᠰᠡᠷᠭᠡᠶᠢᠯᠡᠵᠦ᠂ ︽ᠬᠤᠣᠰ ᠠᠷᠢᠭᠤᠨ ᠴᠢᠬᠡᠴᠢ ᠪᠠ ᠬᠤᠣᠰᠯᠠᠨ ᠴᠣᠬᠢᠬᠤ︾ ᠲᠤᠰᠬᠠᠢ ᠠᠵᠢᠯᠯᠠᠭ᠎ᠠ ᠶᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠬᠠᠷ᠎ᠠ ᠪᠦᠯᠦᠭᠲᠡᠨ ᠪᠠ ᠬᠠᠷᠭᠢᠰ ᠬᠦᠴᠦᠨ ᠢ ᠠᠷᠢᠯᠭᠠᠬᠤ ᠶᠢ ᠪᠠᠶ᠋ᠢᠩᠭᠤᠵᠢᠭᠤᠯᠵᠤ᠂ ︽ᠬᠤᠶᠠᠷ ᠠᠩᠭᠢ ᠨᠢᠭᠡ ᠲᠠᠰᠤᠭ︾᠂ ︽ᠨᠢᠭᠡ ᠲᠣᠰᠬᠤᠨ ᠨᠢᠭᠡ ᠴᠠᠭᠳᠠᠭ᠎ᠠ︾᠎ ᠶᠢᠨ ᠴᠠᠭᠳᠠᠭᠠᠨ ᠤ ᠶᠠᠪᠤᠳᠠᠯ ᠤᠨ ᠵᠠᠭᠪᠤᠷ ᠢ ᠶᠡᠬᠡᠪᠡᠷ ᠳᠡᠯᠭᠡᠷᠡᠭᠦᠯᠵᠦ᠂ ᠠᠮᠤᠷ ᠢ ᠬᠠᠮᠠᠭᠠᠯᠠᠬᠤ ᠲᠣᠭᠤᠷᠢᠨ ᠪᠠᠶᠢᠴᠠᠭᠠᠵᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠦᠨ᠂ ᠬᠠᠮᠲᠤ ᠪᠠᠷ ᠪᠠᠶᠢᠭᠤᠯᠬᠤ᠂ ᠬᠠᠮᠲᠤ ᠪᠠᠷ ᠵᠠᠰᠠᠬᠤ᠂ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠦᠭᠦ ᠬᠦᠴᠦᠨ ᠢᠶᠠᠷ ᠪᠠᠶᠢᠭᠤᠯᠤᠨ᠎ᠠ᠃ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠦᠷᠭᠦᠯᠵᠢᠯᠡᠨ ᠪᠠᠲᠤᠳᠬᠠᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶ᠎ᠡ ᠦᠵᠡᠭᠦᠯᠭᠦ ᠣᠷᠣᠨ ᠢ ᠴᠢᠷᠮᠠᠶᠢᠨ ᠪᠠᠶᠢᠭᠤᠯᠤᠨ᠎ᠠ᠃ ︵ᠲᠠᠪᠦ︶ ᠬᠤᠪᠢᠷᠠᠭᠤᠯᠬᠤ ᠪᠠᠷ ᠭᠠᠷᠳᠠᠴᠠ ᠪᠤᠯᠭᠠᠵᠤ᠂ ᠲᠤᠰ ᠪᠡᠶ᠎ᠡ ᠶᠢᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠶᠢ ᠢᠯᠡᠷᠡᠭᠦᠯᠬᠦ ᠳᠡᠭᠡᠷ᠎ᠡ ᠳᠠᠬᠢᠨᠲᠠ ᠬᠦᠴᠦ ᠨᠡᠮᠡᠨ᠎ᠡ         ᠤᠯᠤᠰ ᠲᠥᠷᠥ ᠶᠢᠨ ᠦᠨᠡᠨᠴᠢ ᠰᠢᠳᠤᠷᠭᠤ ᠶᠢ ᠲᠡᠷᠢᠭᠦᠨ ᠴᠢᠬᠤᠯᠠ ᠴᠢᠨᠠᠷ ᠪᠣᠯᠭᠠᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠥᠪᠡᠷᠲᠡᠭᠡᠨ ᠵᠠᠰᠠᠬᠤ ᠣᠷᠣᠨ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾᠎ ᠶᠢ ᠭᠦᠨᠵᠡᠭᠡᠢ ᠲᠤᠤᠱᠯᠠᠭᠤᠯᠵᠤ᠂ ︽ᠨᠢᠭᠡ ᠰᠢᠨ᠎ᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠪᠠᠷ ᠪᠡᠶᠡᠯᠡᠭᠦᠯᠦᠨ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠠ ᠲᠣᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠭᠠᠯ ᠬᠠᠯᠠᠭᠤᠨ ᠦᠢᠯᠡᠳᠦᠯᠭᠡ ᠪᠠ ᠢᠯᠡᠳᠲᠡ ᠦᠷ᠎ᠡ ᠪᠦᠲᠦᠮᠵᠢ ᠪᠠᠷ ︽ᠬᠤᠶᠠᠷ ᠢ ᠬᠠᠮᠠᠭᠠᠯᠠᠬᠤ︾᠂ ︽ᠬᠤᠶᠠᠷ ᠢ ᠲᠣᠭᠲᠠᠭᠠᠬᠤ︾ ᠎ ᠶᠢ ᠪᠡᠶᠡᠯᠡᠭᠦᠯᠵᠦ᠂ ᠪᠤᠭᠤᠲᠤ ᠶᠢᠨ ᠬᠦᠴᠦᠷᠬᠡᠭ ᠶᠡᠭᠡ ᠰᠤᠷᠲᠠᠯ ᠢ ᠰᠡᠷᠭᠦᠭᠡᠨ ᠮᠠᠨᠳᠤᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠠᠷᠢᠮᠵᠢᠶ᠎ᠠ ᠪᠣᠯᠭᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠠᠤᠯᠢ ᠰᠤᠷᠬᠤ ᠳᠦᠷᠢᠮ ᠢ ᠲᠡᠭᠦᠯᠳᠡᠷᠵᠢᠭᠦᠯᠦᠨ᠂ ︽ᠨᠠᠢᠮᠠᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠦᠨᠡᠯᠡᠨ ᠵᠢᠱᠢᠵᠦ ᠪᠠᠶᠢᠴᠠᠭᠠᠬᠤ ᠠᠵᠢᠯ ᠢ ᠰᠠᠶᠢᠲᠤᠷ ᠬᠢᠨ᠎ᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠬᠢᠨᠠᠮᠠᠭᠠᠢ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠰᠠᠶᠢᠲᠤᠷ ᠭᠦᠢᠴᠡᠳᠬᠡᠨ᠎ᠡ᠃         ᠠᠷᠠᠳ ᠤᠨ ᠲᠥᠯᠥᠭᠡ ᠦᠢᠯᠡᠴᠢᠯᠡᠬᠦ ᠶᠠᠪᠤᠳᠠᠯ ᠢ ᠦᠨᠳᠦᠰᠦᠨ ᠱᠠᠭᠠᠷᠳᠠᠯᠭ᠎ᠠ ᠪᠤᠯᠭᠠᠵᠤ᠃ ᠠᠷᠠᠳ ᠤᠨ ᠰᠠᠨᠠᠭᠠᠰᠢᠷᠠᠯ ᠢ ᠪᠠᠷᠢᠮᠲᠠᠯᠠᠨ᠂ ᠪᠢ ᠡᠷᠬᠡᠪᠰᠢ ᠰᠡᠳᠬᠢᠯ ᠳᠤ ᠪᠠᠨ ᠪᠤᠳᠣᠵᠤ᠂ ᠠᠷᠠᠳ ᠤᠨ ᠬᠦᠰᠡᠯ ᠢ ᠪᠡᠶᠡᠯᠡᠭᠦᠯᠵᠦ᠂ ᠪᠢ ᠡᠷᠬᠡᠪᠰᠢ ᠪᠡᠶᠡᠯᠡᠭᠦᠯᠵᠦ᠂ ᠬᠡᠵᠢᠶᠡᠳᠡ ᠣᠯᠠᠨ ᠲᠦᠮᠡᠨ ᠤ ᠬᠦᠴᠢᠷ ᠵᠣᠪᠠᠯᠠᠩ ᠢ ᠰᠡᠳᠬᠢᠯ ᠳᠡᠭᠡᠨ ᠪᠤᠳᠣᠵᠤ᠂ ᠭᠠᠷ ᠲᠠᠭᠠᠨ ᠠᠳᠬᠤᠵᠤ᠂ ᠰᠡᠳᠬᠢᠯ ᠲᠠᠯᠪᠢᠨ ᠰᠡᠳᠬᠢᠯ ᠲᠠᠯᠪᠢᠨ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠪᠣᠯᠭᠠᠨ ᠢ ᠰᠠᠶᠢᠲᠤᠷ ᠬᠢᠨ᠎ᠡ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠭᠦᠢᠴᠡᠳᠬᠡᠬᠦ ᠠᠵᠢᠯ ᠢ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠵᠦ ᠠᠷᠠᠳ ᠲᠤ ᠳᠥᠭᠦᠮ ᠦᠵᠡᠭᠦᠯᠭᠦ ᠦᠢᠯᠡᠴᠢᠯᠡᠭᠡᠨ ᠤ ᠦᠷ᠎ᠡ ᠪᠦᠲᠦᠮᠵᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠷᠠᠳ ᠲᠦᠮᠡᠨ ᠳᠤ ᠬᠠᠨᠤᠮᠵᠢᠲᠠᠢ ᠪᠤᠯᠭᠠᠬᠤ ᠪᠠᠷ ᠴᠢᠷᠮᠠᠶᠢᠨ᠎ᠠ᠃ ᠵᠠᠰᠠᠭ ᠤᠨ ᠣᠷᠳᠣᠨ ᠲᠦᠷᠦᠭᠦᠯᠡᠨ ︽ᠪᠠᠴᠢᠮ ᠡᠳᠦᠷ︾ ᠥᠩᠭᠡᠷᠡᠭᠦᠯᠵᠦ᠂ ᠵᠠᠰᠠᠭ ᠵᠠᠬᠢᠷᠭᠠᠨ ᠤ ᠥᠪᠡᠷ ᠤᠨ ᠥᠷᠲᠡᠭ ᠢ ᠴᠢᠩᠭ᠎ᠠ ᠬᠢᠵᠠᠭᠠᠷᠯᠠᠨ᠎ᠠ᠃         ᠦᠨᠡᠨ ᠠᠳᠬᠤᠵᠤ ᠪᠣᠳᠠᠲᠠᠢ ᠪᠠᠷ ᠬᠢᠬᠦ ᠶᠢ ᠢᠯᠡ ᠲᠣᠳᠣ ᠰᠠᠭᠤᠷᠢ ᠥᠩᠭᠡ ᠪᠤᠯᠭᠠᠵᠤ᠃ ︽ᠬᠦᠴᠢᠷ ᠢ ᠲᠡᠰᠪᠦᠷᠢᠯᠡᠨ᠂ ᠪᠣᠳᠠᠲᠠᠢ ᠶᠢ ᠡᠷᠬᠢᠮᠯᠡᠵᠦ᠂ ᠳᠡᠶᠢᠯᠦᠭᠳᠡᠬᠦ ᠶᠢ ᠭᠥᠯᠢᠶᠡᠨ ᠠᠪᠬᠤ ᠦᠭᠡᠢ᠂ ᠲᠡᠷᠢᠭᠦᠨ ᠳᠡᠰ ᠢ ᠲᠡᠮᠡᠴᠡᠬᠦ ︾ ᠰᠢᠨ᠎ᠡ ᠴᠠᠭ ᠦᠶ᠎ᠡ ᠶᠢᠨ ᠠᠭᠤᠷᠬᠠᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠳᠠᠩᠰᠠ ᠮᠡᠳᠡᠭᠦᠯᠬᠦ ᠦᠵᠡᠯ ᠤᠬᠠᠮᠰᠠᠷ᠂ ᠳᠠᠩᠰᠠ ᠲᠤᠰᠢᠶᠠᠬᠤ ᠦᠵᠡᠯ ᠤᠬᠠᠮᠰᠠᠷ ᠪᠣᠯᠣᠨ ᠦᠷ᠎ᠡ ᠪᠦᠲᠦᠭᠡᠯ ᠤᠨ ᠦᠵᠡᠯ ᠤᠬᠠᠮᠰᠠᠷ ᠢᠶᠠᠨ ᠴᠢᠩᠭᠠᠳᠬᠠᠵᠤ᠂ ︽ᠣᠶᠢᠯᠠᠭᠠᠯᠴᠠᠬᠤ ᠰᠡᠳᠬᠢᠬᠦᠢ ᠲᠠᠢ ᠪᠠᠶᠢᠬᠤ︾᠎ ᠶᠢ ᠲᠣᠭᠲᠠᠭᠠᠵᠤ᠂ ︽ᠳᠣᠯᠣᠭᠠᠨ ᠲᠠᠶᠠᠭᠳᠠᠯ︾ ᠎ ᠢ ᠴᠢᠩᠭᠠᠷᠠᠭᠤᠯᠤᠨ᠂ ︽ᠲᠠᠪᠤ ᠶᠢ ᠢᠯᠠᠨ ᠳᠠᠪᠠᠵᠤ᠂ ᠲᠠᠪᠤ ᠶᠢ ᠪᠤᠢ ᠪᠤᠯᠭᠠᠬᠤ︾᠎ ᠶᠢ ᠪᠡᠶᠡᠯᠡᠭᠦᠯᠵᠦ᠂ ︽ᠠᠵᠢᠯ ᠬᠢᠬᠦ ᠦᠭᠡᠢ ᠤᠴᠢᠷ ᠰᠢᠯᠲᠠᠭᠠᠨ ᠡᠷᠢᠵᠦ᠂ ᠵᠥᠪᠭᠡᠨ ᠠᠷᠭ᠎ᠠ ᠪᠤᠳᠣᠵᠤ ᠠᠵᠢᠯᠯᠠᠭ᠎ᠠ ᠳᠠᠭᠠᠨ ᠬᠦᠷᠬᠦ︾ ᠠᠮᠠᠯᠠᠯ ᠤᠨ ᠦᠵᠡᠯᠲᠡ ᠶᠢ ᠦᠢᠯᠡ ᠠᠵᠢᠯᠯᠠᠭ᠎ᠠ ᠳᠤᠨᠢ ᠬᠦᠷᠦᠭᠦᠯᠵᠦ᠂ ᠪᠣᠳᠠᠲᠤ ᠠᠵᠢᠯᠯᠠᠭ᠎ᠠ ᠳᠠᠭᠠᠨ ᠦᠨᠡᠨᠴᠢ ᠰᠢᠳᠤᠷᠭᠤ ᠪᠠᠶᠢᠬᠤ ᠶᠢ ᠢᠯᠡᠷᠡᠭᠦᠯᠵᠦ᠂ ᠬᠥᠭᠵᠢᠭᠦᠯᠦᠯᠲᠡ ᠪᠠᠷ ᠡᠭᠦᠷᠭᠡᠯᠡᠯ ᠢᠶᠠᠨ ᠢᠯᠡᠷᠡᠭᠦᠯᠵᠦ᠂ ᠪᠣᠳᠠᠲᠤ ᠬᠢᠷᠢ ᠪᠦᠲᠦᠮᠵᠢ ᠪᠠᠷ ᠢᠶᠠᠨ ᠨᠠᠶᠢᠳᠠᠪᠤᠷᠢᠵᠢᠭᠤᠯᠬᠤ ᠶᠢ ᠬᠠᠷᠠᠭᠤᠯᠬᠤ ᠬᠡᠷᠡᠭᠲᠡᠢ᠃        ᠲᠥᠯᠥᠭᠡᠯᠡᠭᠴᠢᠳ ᠠ᠋᠂ ᠵᠠᠮ ᠬᠤᠯᠠ ᠪᠤᠯᠪᠠᠴᠤ ᠶᠠᠪᠤᠪᠠᠯ ᠳᠥᠲᠡ ᠪᠣᠯᠣᠨ᠎ᠠ ; ᠠᠵᠢᠯ ᠪᠡᠷᠬᠡᠰᠢᠶᠡᠯ ᠲᠠᠢ ᠴᠦ ᠭᠡᠰᠡᠨ᠂ ᠬᠢᠪᠡᠯ ᠪᠦᠲᠦᠨ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠢᠭᠡ ᠰᠡᠳᠬᠢᠯ ᠨᠢᠭᠡ ᠵᠣᠷᠢᠭ ᠢᠶᠠᠷ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠪᠤᠭᠤᠲᠤ᠂ ᠬᠤᠪᠢ ᠨᠡᠮᠡᠷᠢ ᠪᠠᠨ ᠬᠠᠶᠢᠷᠠᠯᠠᠵᠤ᠂ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠣᠨᠴᠠᠯᠢᠭ ᠢᠶᠠᠷ ᠢᠯᠡ ᠲᠣᠳᠣ᠂ ᠴᠢᠨᠠᠷ ᠰᠠᠶᠢᠲᠠᠢ ᠭᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠬᠤᠰᠢᠭᠤᠴᠢ ᠣᠷᠣᠨ ᠢ ᠪᠦᠲᠦᠭᠡᠨ ᠪᠠᠶᠢᠭᠤᠯᠬᠤ ᠲᠠᠯ᠎ᠠ ᠪᠠᠷ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠬᠤ ᠶᠢ ᠪᠦᠭᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠰᠢᠭᠤᠶᠢᠲᠤ ᠣᠷᠣᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠲᠠᠰᠤᠷᠠᠯᠲᠠ ᠦᠭᠡᠢ ᠡᠭᠦᠳᠦᠨ ᠨᠡᠭᠡᠭᠡᠶ᠎ᠡ︕                          ᠨᠡᠷ᠎ᠡ ᠦᠭᠡ ᠶᠢᠨ ᠲᠠᠶᠢᠯᠪᠤᠷᠢ         1. ︽ᠨᠢᠭᠡ ᠰᠢᠨ᠎ᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ᠄ 2009 ᠣᠨ ᠤ 8 ᠰᠠᠷ᠎ᠠ ᠶᠢᠨ 23᠎ ᠤ ᠡᠳᠦᠷ᠂ ᠲᠤᠬᠠᠢ ᠶᠢᠨ ᠦᠶ᠎ᠡ ᠳᠤ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠬᠤᠷᠢᠶᠠᠨ ᠤ ᠱᠦᠵᠢ ᠨᠠᠷ ᠤᠨ ᠭᠠᠵᠠᠷ ᠤᠨ ᠱᠦᠵᠢ᠂ ᠤᠯᠤᠰ ᠤᠨ ᠳᠡᠳ᠋ ᠲᠡᠷᠢᠭᠦᠯᠡᠭᠴᠢ ᠰᠢ ᠶᠢᠨ ᠫᠢᠩ ᠪᠡᠶ᠎ᠡ ᠪᠠᠷ ᠢᠶᠠᠨ ᠪᠤᠭᠤᠲᠤ ᠳᠤ ᠬᠦᠷᠴᠦ ᠪᠠᠶᠢᠴᠠᠭᠠᠨ ᠦᠵᠡᠵᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ ᠤᠨ ᠥᠭᠡᠷᠡᠴᠢᠯᠡᠯᠲᠡ ᠶᠢᠨ ᠠᠯᠬᠤᠴᠠ ᠪᠠᠨ ᠲᠦᠷᠭᠡᠳᠬᠡᠵᠦ᠂ ᠳᠠᠪᠠᠭᠤᠯᠢᠭ ᠠᠵᠤ ᠦᠢᠯᠡᠰ ᠤᠨ ᠮᠡᠷᠭᠡᠵᠢᠯ ᠤᠨ ᠬᠢᠷᠢ ᠬᠡᠮᠵᠢᠶ᠎ᠡ᠂ ᠥᠷᠢᠰᠦᠯᠳᠦᠬᠦ ᠴᠢᠳᠠᠪᠤᠷᠢ ᠪᠠ ᠬᠡᠪᠴᠢᠶᠡᠵᠢᠭᠰᠡᠨ ᠦᠷ᠎ᠡ ᠠᠰᠢᠭ ᠢ ᠶᠡᠬᠡᠪᠡᠷ ᠳᠡᠭᠡᠭᠰᠢᠯᠡᠭᠦᠯᠵᠦ᠂ ᠠᠵᠤ ᠦᠢᠯᠡᠰ ᠤᠨ ᠦᠷᠭᠦᠯᠵᠢᠯᠡᠬᠦ ᠴᠢᠳᠠᠪᠤᠷᠢ ᠪᠠ ᠠᠵᠤ ᠦᠢᠯᠡᠳᠪᠦᠷᠢ ᠶᠢᠨ ᠬᠥᠭᠵᠢᠯᠲᠡ ᠶᠢᠨ ᠰᠡᠯᠭᠦᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ︔ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠳᠤ ᠬᠦᠴᠦ ᠣᠷᠣᠭᠤᠯᠵᠤ᠂ ᠠᠵᠤ ᠦᠢᠯᠡᠰ ᠤᠨ ᠳᠡᠰ ᠳᠡᠪᠰᠢᠬᠦ ᠶᠢ ᠲᠦᠯᠬᠢᠨ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠤᠷᠳᠤᠴᠠ ᠪᠣᠯᠣᠨ ᠪᠦᠲᠦᠴᠡ ᠶᠢᠨ ᠶᠠᠰᠤ ᠴᠢᠨᠠᠷ ᠦᠷ᠎ᠡ ᠠᠰᠢᠭ ᠤᠨ ᠬᠠᠷᠢᠯᠴᠠᠨ ᠨᠢᠭᠡᠳᠦᠯᠲᠡᠢ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ; ᠠᠵᠤ ᠠᠬᠤᠢ ᠶᠢᠨ ᠰᠠᠶᠢᠨ ᠪᠥᠭᠡᠳ ᠲᠦᠷᠭᠡᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠶᠢᠨ ᠬᠠᠮᠲᠤ ᠨᠡᠶᠢᠭᠡᠮ ᠤᠨ ᠡᠯ᠎ᠡ ᠲᠥᠷᠥᠯ ᠤᠨ ᠦᠢᠯᠡᠰ ᠢ ᠪᠦᠭᠦ ᠲᠠᠯ᠎ᠠ ᠪᠠᠷ ᠬᠥᠭᠵᠢᠭᠦᠯᠵᠦ᠂ ᠠᠵᠤ ᠠᠬᠤᠢ ᠶᠢᠨ ᠬᠥᠭᠵᠢᠯᠲᠡ ᠪᠣᠯᠣᠨ ᠨᠡᠶᠢᠭᠡᠮ ᠤᠨ ᠬᠥᠭᠵᠢᠯᠲᠡ ᠶᠢ ᠬᠠᠷᠢᠯᠴᠠᠨ ᠵᠣᠬᠢᠴᠠᠯᠳᠤᠭᠤᠯᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ; ᠠᠵᠤ ᠠᠬᠤᠢ ᠨᠡᠶᠢᠭᠡᠮ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠶᠢᠨ ᠬᠠᠮᠲᠤ ᠠᠮᠢ ᠠᠬᠤᠢ ᠶᠢᠨ ᠪᠣᠯᠪᠠᠰᠤᠨ ᠢ ᠢᠳᠡᠪᠬᠢᠲᠡᠢ ᠪᠠᠶᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠬᠢᠭᠡᠳ ᠠᠮᠢ ᠠᠬᠤᠢ ᠶᠢᠨ ᠣᠷᠴᠢᠨ ᠲᠣᠭᠤᠷᠢᠨ ᠤ ᠡᠶ᠎ᠡ ᠵᠣᠬᠢᠴᠠᠯ ᠲᠠᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠰᠢᠨ᠎ᠡ ᠡᠭᠢᠯᠡᠯᠲᠡ ᠶᠢᠨ ᠴᠢᠭ ᠳᠡᠭᠡᠷ᠎ᠡ ᠨᠡᠩ ᠴᠢᠨᠠᠷ ᠰᠠᠶᠢᠲᠠᠢ᠂ ᠨᠡᠩ ᠥᠨᠳᠥᠷ ᠬᠢᠷᠢ ᠬᠡᠮᠵᠢᠶᠡᠨ ᠤ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃         2. ︽ᠲᠠᠪᠤᠨ ᠶᠡᠭᠡ ᠡᠭᠦᠷᠭᠡ︾᠄ ᠶᠡᠷᠦᠩᠬᠡᠢ ᠱᠦᠵᠢ ᠰᠢ ᠶᠢᠨ ᠫᠢᠩ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠤ ᠲᠣᠭᠲᠠᠭᠤᠨ ᠬᠠᠯᠬᠠᠪᠴᠢ ᠪᠣᠯᠭᠠᠨ ᠪᠦᠲᠦᠭᠡᠨ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠤᠢ ᠪᠣᠯᠭᠠᠨ᠎ᠠ ᠭᠡᠵᠦ ᠵᠢᠭᠠᠵᠤ ᠭᠠᠷᠭᠠᠪᠠ᠃         3. ︽ᠬᠤᠶᠠᠷ ᠨᠡᠶᠢᠰᠯᠡᠯ︾᠄ ᠬᠤᠲᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ᠵᠢᠴᠢ ᠪᠦᠭᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠠᠴᠠ᠂ ᠪᠤᠭᠤᠲᠤ ︽ᠳᠡᠯᠡᠬᠡᠢ ᠶᠢᠨ ᠬᠤᠪᠣᠷ ᠰᠢᠷᠣᠢ ᠶᠢᠨ ᠬᠤᠲᠠ︾ ᠪᠣᠯᠣᠨ ︽ᠳᠡᠯᠡᠬᠡᠢ ᠶᠢᠨ ᠪᠣᠬᠢᠷᠳᠤᠯ ᠦᠭᠡᠢ ᠴᠠᠬᠢᠭᠤᠷ ᠤᠨ ᠲᠥᠪ︾᠎ ᠢ ᠪᠦᠭᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ ᠭᠡᠵᠦ ᠳᠤᠷᠠᠳᠪᠠ᠃         4. ︽ᠳᠣᠯᠣᠭᠠᠨ ᠲᠠᠶᠠᠭᠳᠠᠵᠤ︾᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠣ ᠫᠢᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ ᠳᠤᠷᠠᠳᠤᠭᠰᠠᠨ ︽ᠳᠣᠯᠣᠭᠠᠨ ᠲᠠᠶᠠᠭᠳᠠᠵᠤ︾ ᠠᠰᠠᠭᠤᠳᠠᠯ᠂ ᠲᠤᠬᠠᠶᠢᠯᠠᠪᠠᠯ ︽ᠪᠢ ᠬᠥᠮᠥᠨ ᠢ ᠬᠦᠷᠬᠦ ᠦᠭᠡᠢ︾ ᠭᠡᠰᠡᠨ ᠣᠶᠢᠯᠠᠭᠠᠭᠳᠠᠬᠤᠨ ᠢᠶᠠᠨ ᠲᠠᠶᠠᠭᠳᠠᠵᠤ᠂ ︽ᠬᠥᠭᠵᠢᠭᠦᠯᠬᠦ ᠶᠢ ᠳᠡᠩᠳᠡᠭᠦᠦ ᠪᠠᠴᠢᠮ ᠬᠡᠷᠡᠭᠯᠡᠬᠦ ᠦᠭᠡᠢ︾ ᠭᠡᠰᠡᠨ ᠪᠤᠳᠣᠯ ᠢᠶᠠᠨ ᠲᠠᠶᠠᠭᠳᠠᠵᠤ᠂ ︽ᠶᠠᠪᠤᠴᠠ ᠶᠢ ᠴᠢᠬᠤᠯᠠᠴᠢᠯᠠᠭᠠᠳ ᠦᠷ᠎ᠡ ᠳ᠋ᠦᠩ ᠢ ᠴᠢᠬᠤᠯᠠᠴᠢᠯᠠᠬᠤ ᠦᠭᠡᠢ︾ ᠦᠵᠡᠯ ᠤᠬᠠᠮᠰᠠᠷ ᠢᠶᠠᠨ ᠲᠠᠶᠠᠭᠳᠠᠵᠤ᠂ ︽ᠠᠷᠭ᠎ᠠ ᠪᠦᠲᠦᠬᠦ ᠦᠭᠡᠢ ᠪᠣᠯ ᠡᠮ ᠬᠡᠷᠡᠭᠯᠡᠬᠦ ᠵᠣᠷᠢᠭ ᠦᠭᠡᠢ︾ ᠠᠷᠭ᠎ᠠ ᠪᠠᠷᠢᠯ ᠢᠶᠠᠨ ᠲᠠᠶᠠᠭᠳᠠᠵᠤ᠂ ︽ᠨᠢᠳᠦᠨ ᠡᠮᠦᠨ᠎ᠡ ᠬᠤᠯᠠ ᠶᠢ ᠬᠠᠷᠠᠬᠤ ᠦᠭᠡᠢ︾ ᠭᠡᠰᠡᠨ ᠰᠡᠳᠬᠢᠴᠡ ᠪᠠᠨ ᠲᠡᠪᠴᠢᠵᠦ᠂ ︽ᠨᠠᠷᠢᠨ ᠵᠦᠢᠯ ᠢ ᠬᠠᠶᠢᠬᠤᠷᠬᠤ ᠦᠭᠡᠢ᠂ ᠳᠡᠮᠡᠢ ᠭᠦᠢᠴᠡᠳᠬᠡᠬᠦ ᠦᠭᠡᠢ︾ ᠰᠡᠳᠬᠢᠴᠡ ᠶᠢᠨ ᠪᠠᠶᠢᠳᠠᠯ ᠢᠶᠠᠨ ᠲᠠᠶᠠᠭᠳᠠᠵᠤ᠂ ︽ᠦᠢᠯᠡᠳᠪᠦᠷᠢᠯᠡᠯ ᠢ ᠬᠦᠨᠳᠦᠳᠬᠡᠨ ᠡᠵᠡᠩᠨᠡᠯᠲᠡ ᠶᠢ ᠬᠥᠩᠭᠡᠪᠴᠢᠯᠡᠬᠦ︾ ᠦᠵᠡᠯᠲᠡ ᠪᠠᠨ ᠲᠠᠶᠠᠭᠳᠠᠬᠤ ᠬᠡᠷᠡᠭᠲᠡᠢ᠃         5. ︽ᠲᠠᠪᠤ ᠶᠢ ᠳᠠᠪᠠᠵᠤ᠂ ᠲᠠᠪᠤ ᠶᠢ ᠪᠤᠢ ᠪᠤᠯᠭᠠᠬᠤ︾᠄ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠳ᠋ᠢᠩ ᠰᠢᠦ ᠹᠧᠩ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ᠵᠢᠴᠢ ᠪᠦᠭᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ ︽ᠲᠠᠪᠤ ᠶᠢ ᠢᠯᠠᠨ ᠳᠠᠪᠠᠵᠤ᠂ ᠲᠠᠪᠤ ᠶᠢ ᠪᠤᠢ ᠪᠤᠯᠭᠠᠬᠤ︾ ᠱᠠᠭᠠᠷᠳᠠᠯᠭ᠎ᠠ ᠶᠢ ᠳᠤᠷᠠᠳᠪᠠ᠂ ᠲᠤᠬᠠᠶᠢᠯᠠᠪᠠᠯ ︽ᠥᠪᠡᠷ ᠢ ᠪᠠᠨ ᠬᠠᠩᠭᠠᠬᠤ᠂ ᠪᠠᠭ᠎ᠠ ᠤᠷᠤᠭᠰᠢ ᠲᠠᠪᠰᠢᠬᠤ︾ ᠰᠡᠳᠬᠢᠯᠭᠡ ᠶᠢ ᠡᠷᠡᠰ ᠲᠡᠪᠴᠢᠵᠦ᠂ ᠥᠨᠳᠥᠷ ᠴᠠᠭ ᠲᠤ ᠬᠠᠷᠠᠯᠲᠠ ᠲᠠᠭᠠᠷᠠᠬᠤ᠂ ᠡᠷᠡᠯᠬᠡᠭᠯᠡᠨ ᠤᠷᠤᠭᠰᠢᠯᠠᠬᠤ ᠦᠵᠡᠯ ᠤᠬᠠᠮᠰᠠᠷ ᠢ ᠪᠠᠲᠤ ᠪᠤᠢ ᠪᠣᠯᠭᠠᠨ᠎ᠠ︔ ︽ᠬᠠᠭᠤᠴᠢᠨ ᠢᠶᠠᠨ ᠦᠬᠦᠨ ᠪᠠᠷᠢᠮᠲᠠᠯᠠᠬᠤ᠂ ᠥᠩᠭᠡᠷᠡᠭᠰᠡᠨ ᠢᠶᠠᠨ ᠦᠬᠦᠨ ᠪᠠᠷᠢᠮᠲᠠᠯᠠᠬᠤ︾ ᠳᠠᠳᠬᠠᠯ ᠢ ᠡᠷᠡᠰ ᠲᠡᠪᠴᠢᠵᠦ᠂ ᠵᠣᠷᠢᠭᠲᠠᠢ ᠪᠠᠷ ᠰᠢᠨ᠎ᠡ ᠶᠢ ᠡᠭᠦᠳᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠤᠯᠭᠠᠬᠤ ᠬᠡᠷᠡᠭᠲᠡᠢ︔ ︽ᠰᠦᠷ ᠬᠦᠴᠦᠨ ᠢ ᠴᠢᠬᠤᠯᠠᠴᠢᠯᠠᠨ ᠪᠣᠳᠠᠲᠤ ᠪᠠᠶᠢᠳᠠᠯ ᠢ ᠦᠯᠦ ᠴᠢᠬᠤᠯᠠᠴᠢᠯᠠᠬᠤ᠂ ᠶᠠᠪᠤᠴᠠ ᠶᠢ ᠴᠢᠬᠤᠯᠠᠴᠢᠯᠠᠭᠠᠳ ᠪᠣᠳᠠᠲᠤ ᠦᠷ᠎ᠡ ᠪᠦᠲᠦᠮᠵᠢ ᠶᠢ ᠦᠯᠦ ᠡᠷᠭᠢᠮᠯᠡᠭᠦ︾ ᠠᠷᠭ᠎ᠠ ᠬᠢᠳᠡᠯ ᠢ ᠡᠷᠡᠰ ᠢᠯᠠᠨ ᠳᠠᠪᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ᠂ ᠦᠨᠡᠨ ᠠᠳᠬᠤᠵᠤ ᠪᠣᠳᠠᠲᠠᠢ ᠠᠵᠢᠯᠯᠠᠬᠤ ᠰᠤᠷᠲᠠᠯ ᠢ ᠪᠠᠲᠤ ᠪᠠᠬᠢ ᠪᠤᠢ ᠪᠣᠯᠭᠠᠨ᠎ᠠ︔ ︽ᠪᠡᠯᠡ ᠣᠷᠣᠭᠤᠯᠬᠤ ᠶᠢᠨ ᠲᠥᠯᠥᠭᠡ ᠪᠡᠯᠡ ᠣᠷᠣᠭᠤᠯᠬᠤ᠂ ᠵᠣᠭᠤᠰ ᠵᠠᠷᠤᠬᠤ ᠶᠢᠨ ᠲᠥᠯᠥᠭᠡ ᠵᠣᠭᠤᠰ ᠵᠠᠷᠤᠬᠤ︾ ᠦᠵᠡᠭᠳᠡᠯ ᠢ ᠡᠷᠡᠰ ᠲᠡᠪᠴᠢᠵᠦ᠂ ᠲᠤᠶᠢᠯ ᠤᠨ ᠣᠨᠣᠪᠴᠢᠲᠠᠢ ᠥᠨᠳᠥᠷ ᠪᠦᠲᠦᠮᠵᠢᠲᠡᠢ᠂ ᠡᠷᠴᠢᠮᠯᠡᠨ ᠠᠷᠪᠢᠯᠠᠬᠤ ᠣᠶᠢᠯᠠᠭᠠᠭᠳᠠᠬᠤᠨ ᠢ ᠪᠠᠲᠤ ᠪᠤᠢ ᠪᠤᠯᠭᠠᠬᠤ ᠬᠡᠷᠡᠭᠲᠡᠢ︔ ︽ᠬᠢᠬᠦ ᠶᠢᠨ ᠲᠥᠯᠥᠭᠡ ᠠᠷᠭ᠎ᠠ ᠪᠤᠳᠣᠬᠤ ᠦᠭᠡᠢ᠂ ᠵᠥᠪᠭᠡᠨ ᠬᠢᠬᠦ ᠦᠭᠡᠢ ᠳᠤ ᠪᠠᠨ ᠰᠢᠯᠲᠠᠭ ᠡᠷᠢᠬᠦ︾ ᠮᠠᠭᠤ ᠳᠠᠳᠬᠠᠯ ᠢ ᠡᠷᠡᠰ ᠲᠡᠪᠴᠢᠵᠦ᠂ ᠴᠢᠳᠠᠮᠠᠭᠠᠢ ᠪᠠᠷ ᠬᠡᠯᠡᠵᠦ ᠬᠢᠬᠦ᠂ ᠠᠯᠢᠪᠠ ᠶᠠᠪᠤᠳᠠᠯ ᠳᠤ ᠣᠶᠢᠯᠠᠭᠠᠬᠤ ᠰᠡᠳᠬᠢᠴᠡ ᠲᠠᠢ ᠪᠠᠶᠢᠬᠤ ᠶᠢ ᠪᠠᠲᠤ ᠪᠤᠢ ᠪᠤᠯᠭᠠᠬᠤ ᠬᠡᠷᠡᠭᠲᠡᠢ᠃         6. ︽ᠬᠤᠶᠠᠷ ᠰᠢᠨ᠎ᠡ︾᠎ ᠤ ᠤᠳᠤᠷᠢᠳᠤᠮᠵᠢ᠄ ᠰᠢᠨ᠎ᠡ ᠪᠠᠷ ᠠᠵᠢᠯ ᠡᠬᠢᠯᠡᠭᠦᠯᠦᠭᠰᠡᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ ᠬᠡᠮᠵᠢᠨ ᠪᠠᠶᠢᠴᠠᠭᠠᠵᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠪᠤᠳᠠᠯ ᠢ ᠪᠣᠳᠠᠲᠠᠢ ᠠᠳᠬᠤᠭᠰᠠᠨ ᠡᠰᠡᠬᠦ ᠶᠢ ᠰᠢᠯᠭᠠᠨ ᠪᠠᠶᠢᠴᠠᠭᠠᠵᠤ᠂ ᠰᠢᠨ᠎ᠡ ᠪᠠᠷ ᠨᠡᠮᠡᠭᠳᠡᠭᠰᠡᠨ ᠲᠣᠭᠲᠠᠭᠠᠯ ᠳᠡᠭᠡᠷ᠎ᠡ ᠠᠵᠤ ᠠᠬᠤᠶᠢᠯᠠᠯ ᠢᠶᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠮᠵᠢᠵᠦ ᠪᠠᠶᠢᠭᠠᠳ ᠠᠳᠬᠤᠭᠰᠠᠨ ᠡᠰᠡᠬᠦ ᠶᠢ ᠰᠢᠯᠭᠠᠨ ᠪᠠᠶᠢᠴᠠᠭᠠᠬᠤ ᠶᠢ ᠵᠢᠭᠠᠵᠤ ᠪᠠᠶᠢᠨ᠎ᠠ᠃         7. ︽ᠲᠠᠪᠤᠨ ᠶᠡᠭᠡ ᠡᠭᠢᠯᠡᠯᠲᠡ︾᠎ ᠶᠢᠨ ᠲᠤᠰᠬᠠᠢ ᠠᠵᠢᠯᠯᠠᠭ᠎ᠠ᠄ ᠳᠠᠷᠤᠢ ᠵᠥᠪᠰᠢᠶᠡᠷᠡᠬᠦ ᠲᠥᠷᠥᠯ ᠵᠦᠢᠯ᠂ ᠰᠤᠯᠠ ᠪᠠᠶᠢᠬᠤ ᠭᠠᠵᠠᠷ ᠰᠢᠷᠣᠢ᠂ ᠲᠤᠩᠬᠤ ᠪᠡᠯᠡ ᠮᠥᠩᠭᠦ᠂ ︽ᠬᠠᠭᠠᠰ ᠳᠤᠲᠠᠭᠤ︾ ᠢᠨᠵᠧᠨᠧᠷᠢᠩ᠂ ᠨᠡᠭᠡᠭᠡᠯᠲᠡ ᠶᠢᠨ ᠣᠷᠣᠨ ᠤ ᠪᠦᠲᠦᠭᠡᠨ ᠪᠠᠶᠢᠭᠤᠯᠤᠯᠲᠠ ᠵᠡᠷᠭᠡ ᠲᠠᠪᠤᠨ ᠲᠠᠯ᠎ᠠ ᠳᠤ ᠶᠡᠭᠡ ᠡᠭᠢᠯᠡᠯᠲᠡ ᠬᠢᠨ᠎ᠡ᠃         8. ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾᠄ 2022 ᠣᠨ ᠤ 9 ᠰᠠᠷ᠎ᠠ ᠶᠢᠨ 5᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠤᠨ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠥᠷ ᠮᠣᠩᠭᠤᠯ ᠤᠨ ᠵᠥᠪ ᠲᠠᠯ᠎ᠠ ᠶᠢᠨ ᠳᠦᠷᠢ ᠲᠥᠷᠬᠦ ᠶᠢ ᠱᠤᠭᠤᠬᠤ ᠪᠠᠷ ᠭᠤᠣᠯᠳᠠᠭᠤᠯᠵᠤ᠂ ᠦᠨᠡᠨᠬᠦ ᠠᠯᠢ ᠣᠯᠠᠨ ᠠᠷᠭ᠎ᠠ ᠬᠡᠮᠵᠢᠶ᠎ᠡ ᠭᠠᠷᠭᠠᠵᠤ᠂ ᠥᠷᠭᠡᠨ ᠣᠯᠠᠨ ᠺᠠᠲᠷ ᠤᠨ ᠠᠵᠢᠯ ᠤᠨ ᠰᠤᠷᠲᠠᠯ ᠪᠣᠯᠣᠨ ᠣᠶᠤᠨ ᠰᠠᠨᠠᠭᠠᠨ ᠤ ᠪᠠᠶᠢᠳᠠᠯ ᠳᠤ ᠬᠤᠪᠢᠷᠠᠯᠲᠠ ᠭᠠᠷᠴᠠᠢ᠃ ᠭᠡᠪᠡᠴᠦ ᠵᠠᠷᠢᠮ ᠠᠰᠠᠭᠤᠳᠠᠯ ᠢ ᠪᠠᠰᠠ ᠰᠠᠶᠢᠲᠤᠷ ᠰᠢᠢᠳᠪᠦᠷᠢᠯᠡᠵᠦ ᠴᠢᠳᠠᠭᠠᠳᠤᠢ᠂ ᠢᠯᠠᠩᠭᠤᠶ᠎ᠠ ᠭᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠪᠠᠰᠠ ᠨᠡᠶᠢᠳᠡᠮ ᠣᠷᠣᠰᠢᠵᠤ ᠪᠠᠶᠢᠨ᠎ᠠ᠃ ᠡᠯ᠎ᠡ ᠲᠠᠯ᠎ᠠ ᠶᠢᠨ ᠴᠢᠩᠭ᠎ᠠ ᠲᠤᠰᠬᠠᠯ ᠲᠠᠢ ᠪᠠᠶᠢᠭ᠎ᠠ ᠨᠢ ᠭᠤᠣᠯᠳᠠᠭᠤ ︽ᠭᠤᠷᠪᠠ ᠢᠯᠡᠭᠦᠦ᠂ ᠭᠤᠷᠪᠠ ᠳᠤᠲᠠᠭᠤ᠂ ᠭᠤᠷᠪᠠ ᠤᠳᠠᠭ᠎ᠠ︾ ᠪᠠᠶᠢᠬᠤ ᠶᠠᠪᠤᠳᠠᠯ ᠪᠣᠯᠣᠨ᠎ᠠ᠃ ︽ᠭᠤᠷᠪᠠ ᠢᠯᠡᠭᠦᠦ︾ ᠭᠡᠳᠡᠭ ᠨᠢ ᠬᠤᠷᠠᠯ ᠠᠷᠪᠢᠨ᠂ ᠠᠵᠢᠯᠯᠠᠭ᠎ᠠ ᠠᠷᠪᠢᠨ᠂ ᠭᠠᠳᠠᠭᠰᠢ ᠠᠷᠪᠢᠨ ᠭᠠᠷᠴᠤ᠂ ︽ᠭᠤᠷᠪᠠᠨ ᠴᠥᠭᠡᠨ︾ ᠭᠡᠳᠡᠭ ᠨᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠴᠡ ᠴᠥᠭᠡᠨ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠨᠢ ᠴᠥᠭᠡᠨ ᠪᠠᠶᠢᠳᠠᠭ᠃ ︽ᠭᠤᠷᠪᠠᠨ ᠤᠳᠠᠭᠠᠨ︾ ᠭᠡᠳᠡᠭ ᠨᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠨᠢ ᠤᠳᠠᠭᠠᠨ᠃         9. ︽ᠭᠡᠯᠪᠡᠷᠢ ᠶᠢ ᠨᠢ ᠬᠤᠪᠢᠷᠠᠭᠤᠯᠤᠨ ᠭᠡᠯᠪᠡᠷᠢ ᠶᠢ ᠨᠢ ᠬᠤᠪᠢᠷᠠᠭᠤᠯᠬᠤ︾᠄ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠳ᠋ᠢᠩ ᠰᠢᠦ ᠹᠧᠩ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠤᠰᠬᠠᠢ ᠰᠡᠳᠦᠪᠲᠦ ᠨᠣᠮ ᠤᠩᠰᠢᠬᠤ ᠠᠩᠭᠢ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 10 ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶᠎ ᠤ ᠬᠤᠷᠠᠯ ᠳᠡᠭᠡᠷ᠎ᠡ᠂ ᠡᠶᠢᠮᠦᠷᠬᠦ ᠬᠤᠲᠠ ᠪᠣᠯ ᠪᠦᠷ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ᠂ ᠡᠬᠢ ᠪᠠᠶᠠᠯᠢᠭ ᠤᠨ ᠭᠡᠯᠪᠡᠷᠢ ᠶᠢᠨ ᠬᠤᠲᠠ ᠪᠣᠯᠣᠨ᠎ᠠ᠂ ᠪᠤᠶᠢᠵᠢᠯᠲᠠ ᠶᠢᠨ ᠬᠤᠭᠤᠴᠠᠭ᠎ᠠ ᠪᠠ ᠪᠣᠯᠪᠠᠰᠤᠷᠠᠩᠭᠤᠢ ᠪᠤᠯᠬᠤ ᠦᠶ᠎ᠡ ᠳᠤ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠪᠤᠯᠪᠠᠰᠤᠷᠠᠭᠤᠯᠬᠤ ᠳᠤ ᠲᠦᠰᠢᠭᠯᠡᠨ ᠠᠵᠤ ᠠᠬᠤᠢ ᠶᠢᠨ ᠲᠦᠷᠭᠡᠨ ᠬᠥᠭᠵᠢᠯᠲᠡ᠂ ᠡᠳ᠋ ᠪᠠᠶᠠᠯᠢᠭ ᠤᠨ ᠲᠦᠷᠭᠡᠨ ᠬᠤᠷᠠᠮᠳᠤᠭᠤᠯᠤᠯ ᠢ ᠪᠡᠶᠡᠯᠡᠭᠦᠯᠵᠦ᠂ ᠬᠤᠲᠠ ᠶᠢᠨ ᠬᠥᠭᠵᠢᠯᠲᠡ ᠶᠢ ᠠᠬᠢᠭᠤᠯᠵᠠᠢ᠂ ᠭᠡᠪᠡᠴᠦ ᠣᠳᠣᠬᠢ ᠱᠠᠲᠤᠨ ᠳᠤ ᠠᠵᠤ ᠦᠢᠯᠡᠰ ᠤᠨ ᠪᠦᠲᠦᠴᠡ ᠰᠢᠯᠢᠳᠡᠭ ᠪᠤᠰᠤ᠂ ᠰᠢᠨ᠎ᠡ ᠬᠥᠳᠡᠯᠭᠡᠭᠴᠢ ᠬᠦᠴᠦᠨ ᠬᠦᠷᠦᠯᠴᠡᠬᠦ ᠦᠭᠡᠢ ᠵᠡᠷᠭᠡ ᠠᠰᠠᠭᠤᠳᠠᠯ ᠲᠤᠯᠭᠠᠷᠠᠵᠤ᠂ ᠭᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠲᠤᠯᠭᠠᠮ᠎ᠠ ᠱᠠᠭᠠᠷᠳᠠᠵᠤ ᠪᠠᠶᠢᠨ᠎ᠠ ᠭᠡᠵᠦ ᠳᠤᠷᠠᠳᠴᠠᠢ᠃         10. ︽ᠬᠠᠨᠳᠤᠰᠢ ᠶᠢᠨ ᠨᠡᠮᠡᠭᠳᠡᠯ ᠤᠨ ᠭᠡᠯᠪᠡᠷᠢ︾᠄ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠳ᠋ᠢᠩ ᠰᠢᠦ ᠹᠧᠩ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠤᠰᠬᠠᠢ ᠰᠡᠳᠦᠪᠲᠦ ᠨᠣᠮ ᠤᠩᠰᠢᠬᠤ ᠠᠩᠭᠢ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 10 ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠳᠡᠭᠡᠷ᠎ᠡ᠂ ᠵᠢᠱᠢᠶᠡᠯᠡᠪᠡᠯ ᠣᠨᠴᠠ ᠶᠡᠭᠡ ᠬᠤᠲᠠ ᠶᠢᠨ ᠡᠷᠭᠢᠨ ᠲᠣᠭᠤᠷᠢᠨ ᠳᠤ ᠪᠠᠶᠢᠭ᠎ᠠ ᠳ᠋ᠦᠩ ᠭᠤᠸᠠᠨ᠂ ᠺᠦᠨ ᠱᠠᠨ ᠵᠡᠷᠭᠡ ᠬᠤᠲᠠ ᠳᠤ᠂ ᠡᠶᠢᠮᠦᠷᠬᠦ ᠬᠤᠲᠠ ᠨᠢ ᠲᠣᠮᠣ ᠬᠤᠲᠠ ᠶᠢᠨ ᠭᠠᠳᠠᠭᠰᠢ ᠮᠠᠨᠳᠤᠬᠤ᠂ ᠭᠠᠳᠠᠭᠰᠢ ᠵᠠᠳᠠᠷᠠᠬᠤ᠂ ᠨᠥᠯᠥᠭᠡᠯᠡᠬᠦ᠂ ᠳᠠᠶᠢᠴᠢᠯᠠᠬᠤ ᠶᠢ ᠪᠦᠲᠦᠮᠵᠢᠲᠡᠢ ᠵᠠᠯᠭᠠᠨ ᠠᠪᠴᠤ᠂ ᠬᠥᠭᠵᠢᠯ ᠤᠨ ᠬᠠᠨᠳᠤᠰᠢ ᠶᠢ ᠪᠡᠶᠡᠯᠡᠭᠦᠯᠬᠦ ᠪᠣᠯᠣᠨ᠎ᠠ ᠭᠡᠵᠦ ᠳᠤᠷᠠᠳᠴᠠᠢ᠃         11. ︽ᠠᠶᠠᠨᠳᠠᠭᠠᠨ ᠨᠡᠮᠡᠭᠳᠡᠬᠦ ᠭᠡᠯᠪᠡᠷᠢ︾᠄ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠳ᠋ᠢᠩ ᠰᠢᠦ ᠹᠧᠩ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠤᠰᠬᠠᠢ ᠰᠡᠳᠦᠪᠲᠦ ᠨᠣᠮ ᠤᠩᠰᠢᠬᠤ ᠠᠩᠭᠢ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 10 ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶᠎ ᠤ ᠬᠤᠷᠠᠯ ᠳᠡᠭᠡᠷ᠎ᠡ᠂ ᠵᠢᠱᠢᠶᠡᠯᠡᠪᠡᠯ ᠴᠧᠩᠳᠦ᠋᠂ ᠾᠧᠹᠧᠢ ᠵᠡᠷᠭᠡ ᠮᠤᠵᠢ ᠶᠢᠨ ᠲᠥᠪ ᠬᠤᠲᠠ ᠳᠤ᠂ ᠡᠶᠢᠮᠦᠷᠬᠦ ᠬᠤᠲᠠ ᠨᠢ ᠲᠤᠰ ᠭᠠᠵᠠᠷ ᠣᠷᠣᠨ ᠤ ᠤᠯᠤᠰ ᠲᠥᠷᠥ᠂ ᠠᠵᠤ ᠠᠬᠤᠢ᠂ ᠰᠣᠶᠣᠯ᠂ ᠮᠡᠳᠡᠭᠡ ᠵᠠᠩᠭᠢ ᠵᠡᠷᠭᠡ ᠣᠯᠠᠨ ᠲᠥᠪ ᠪᠣᠯᠵᠤ᠂ ᠮᠤᠵᠢ ᠬᠤᠲᠠ ᠶᠢᠨ ᠬᠤᠶᠠᠷ ᠱᠠᠲᠤᠨ ᠤ ᠪᠦᠲᠦᠴᠡ᠂ ᠬᠤᠣᠰ ᠬᠦᠷᠳᠦ ᠪᠠᠷ ᠬᠥᠳᠡᠯᠭᠡᠭᠦᠷ ᠪᠣᠯᠵᠤ᠂ ᠬᠤᠲᠠ ᠶᠢᠨ ᠬᠥᠭᠵᠢᠯᠲᠡ ᠳᠤ ︽ᠥᠪᠡᠷ ᠢᠶᠠᠨ ᠬᠥᠭᠵᠢᠬᠦ ︾ ᠳᠠᠪᠠᠭᠤᠯᠢᠭ ᠲᠠᠯ᠎ᠠ ᠲᠠᠢ ᠭᠡᠵᠦ ᠳᠤᠷᠠᠳᠴᠠᠢ᠃         12. ︽4321 ᠠᠵᠢᠯᠯᠠᠬᠤ ᠠᠷᠭ᠎ᠠ︾᠄ ᠳᠥᠷᠪᠡᠨ ᠵᠢᠷᠤᠮᠵᠢᠯ᠄ ᠠᠮᠤᠷ ᠲᠦᠪᠰᠢᠨ ᠤ ᠮᠠᠯᠠᠭᠠᠢ᠂ ᠠᠮᠤᠷ ᠲᠦᠪᠰᠢᠨ ᠤ ᠳᠡᠭᠡᠰᠦ᠂ ᠭᠦᠳᠡᠯᠮᠦᠷᠢ ᠶᠢᠨ ᠬᠠᠮᠠᠭᠠᠯᠠᠯᠲᠠ ᠶᠢᠨ ᠬᠤᠪᠴᠠᠰᠤ᠂ ᠠᠵᠢᠯᠯᠠᠭᠠᠨ ᠤ ᠲᠥᠯᠦᠪᠵᠢᠭᠦᠯᠭᠡ ᠶᠢ ᠳᠦᠷᠢᠮᠵᠢᠭᠦᠯᠦᠨ᠎ᠡ︔ ᠭᠤᠷᠪᠠ ᠶᠢ ᠮᠡᠳᠡᠬᠦ᠄ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ᠂ ᠠᠵᠢᠯ ᠤᠨ ᠪᠠᠶᠢᠷᠢ ᠶᠢᠨ ᠠᠶᠤᠯ ᠲᠦᠭᠰᠢᠭᠦᠷᠢ᠂ ᠰᠡᠷᠭᠡᠶᠢᠯᠡᠬᠦ ᠠᠷᠭ᠎ᠠ ᠬᠡᠮᠵᠢᠶ᠎ᠡ ᠶᠢ ᠮᠡᠳᠡᠬᠦ︔ ᠬᠤᠶᠠᠷ ᠪᠣᠯᠪᠠᠰᠤᠷᠠᠯ᠄ ᠠᠩᠭᠢ ᠶᠢᠨ ᠡᠮᠦᠨ᠎ᠡ ᠪᠣᠯᠪᠠᠰᠤᠷᠠᠯ ᠬᠢᠵᠦ᠂ ᠪᠦᠭᠦ ᠠᠵᠢᠯᠲᠠᠨ ᠤ ᠪᠣᠯᠪᠠᠰᠤᠷᠠᠯ ᠬᠢᠨ᠎ᠡ ; ᠨᠢᠭᠡ ᠠᠪᠬᠤ ᠦᠭᠡᠢ᠄ ᠭᠠᠷ ᠤᠲᠠᠰᠤ ᠠᠪᠬᠤ ᠦᠭᠡᠢ᠃         13. ︽123︾ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠦᠯᠦᠨ ᠬᠥᠭᠵᠢᠭᠦᠯᠬᠦ ᠰᠡᠳᠬᠢᠴᠡ᠄ 1᠎ ᠨᠢ ᠨᠢᠭᠡ ᠲᠡᠩᠭᠡᠯᠢᠭ᠄ ᠳᠠᠷᠤᠢ ᠪᠤᠤ ᠱᠢ ᠶᠢᠨ ᠨᠢᠭᠡᠳᠦᠭᠡᠷ ᠳᠡᠰ ᠤᠨ ᠵᠠᠰᠠᠮᠠᠯ ᠵᠠᠮ ᠪᠠ ᠱᠠ ᠮᠢᠩ ᠱᠤᠭᠤᠮ ᠢᠶᠠᠷ ᠭᠤᠣᠯ ᠲᠡᠩᠭᠡᠯᠢᠭ ᠱᠤᠭᠤᠮ ᠪᠤᠯᠭᠠᠵᠤ᠂ ᠵᠠᠮ ᠳᠠᠭᠠᠤ ︽ᠲᠠᠷᠢᠶᠠᠯᠠᠩ + ᠰᠣᠶᠣᠯ︾᠂ ︽ᠲᠠᠷᠢᠶᠠᠯᠠᠩ + ᠵᠢᠭᠤᠯᠴᠢᠯᠠᠯ︾᠂ ︽ᠲᠠᠷᠢᠶᠠᠯᠠᠩ + ᠠᠮᠢ ᠠᠬᠤᠢ︾᠎ ᠶᠢ ᠪᠦᠭᠦ ᠲᠠᠯ᠎ᠠ ᠪᠠᠷ ᠬᠥᠭᠵᠢᠭᠦᠯᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠴᠢᠷᠮᠠᠶᠢᠨ ᠪᠡᠶᠡᠯᠡᠭᠦᠯᠦᠨ᠎ᠡ ᠃ ᠬᠤᠶᠠᠷ ᠲᠤ᠂ ᠬᠤᠶᠠᠷ ᠵᠦᠢᠯ ᠤᠨ ᠠᠵᠢᠯ ᠢ ᠰᠠᠶᠢᠲᠤᠷ ᠬᠢᠨ᠎ᠡ᠄ ᠳᠠᠷᠤᠢ᠂ ᠪᠠᠳᠺᠠᠷ ᠠᠮᠤ ᠪᠤᠳᠠᠭᠠᠨ ᠤ ᠲᠥᠷᠥᠯ ᠲᠡᠮᠳᠡᠭ ᠪᠣᠯᠣᠨ ᠶᠡᠭᠡ ᠳ᠋ᠧ ᠺᠠᠩ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠢ ᠬᠦᠴᠦᠷᠬᠡᠭᠵᠢᠭᠦᠯᠦᠨ᠎ᠡ᠃ 3. ᠭᠤᠷᠪᠠᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠄ ᠳᠠᠷᠤᠢ ᠪᠣᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠬᠤᠸᠠ ᠰᠢ ᠶᠢᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠪᠣᠬᠢᠷᠳᠤᠯ ᠦᠭᠡᠢ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢᠨ ᠲᠥᠪᠯᠡᠷᠡᠯ ᠤᠨ ᠬᠦᠷᠢᠶᠡᠯᠡᠩ ᠲᠣᠭᠤᠷᠢᠭ᠃ 14. ︽ᠲᠠᠪᠤ ᠶᠢ ᠦᠨᠡᠨᠬᠦ ᠪᠠᠲᠤᠯᠠᠬᠤ︾᠄ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠲᠤᠭ᠎ᠠ᠂ ᠦᠬᠦᠭᠰᠡᠨ ᠬᠥᠮᠥᠨ ᠤ ᠲᠤᠭ᠎ᠠ ᠬᠢᠭᠡᠳ 2022 ᠣᠨ ᠤ ᠬᠢ ᠲᠠᠢ ᠲᠡᠩᠴᠡᠭᠦᠦ ᠪᠠᠶᠢᠬᠤ ᠶᠢ ᠦᠨᠡᠨᠬᠦ ᠪᠠᠲᠤᠯᠠᠵᠤ᠂ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠭᠠᠷᠬᠤ ᠲᠤᠭ᠎ᠠ ᠶᠢ 2022 ᠣᠨ ᠤ ᠬᠢ ᠲᠠᠢ ᠬᠠᠷᠢᠴᠠᠭᠤᠯᠪᠠᠯ 20 %᠎ ᠪᠠᠷ ᠪᠠᠭᠤᠷᠠᠭᠤᠯᠬᠤ ᠶᠢ ᠦᠨᠡᠨᠬᠦ ᠪᠠᠲᠤᠯᠠᠨ᠂ ᠨᠡᠯᠢᠶᠡᠳ ᠶᠡᠭᠡ ᠪᠠ ᠲᠡᠭᠦᠨ ᠠᠴᠠ ᠳᠡᠭᠡᠭᠰᠢᠬᠢ ᠠᠳᠠᠯ ᠭᠠᠷᠬᠤ ᠦᠭᠡᠢ᠂ ᠨᠡᠯᠢᠶᠡᠳ ᠶᠡᠭᠡ ᠨᠡᠶᠢᠭᠡᠮ ᠤᠨ ᠨᠥᠯᠥᠭᠡᠯᠡᠬᠦ ᠠᠳᠠᠯ ᠭᠠᠷᠬᠤ ᠶᠢ ᠦᠨᠡᠨᠬᠦ ᠪᠠᠲᠤᠯᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠᠶᠢᠳᠠᠯ ᠢ ᠦᠷᠭᠦᠯᠵᠢᠯᠡᠨ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠵᠤ᠂ ᠦᠶᠡᠷ ᠵᠡᠷᠭᠡ ᠪᠠᠶᠢᠭᠠᠯᠢ ᠶᠢᠨ ᠭᠠᠢ ᠭᠠᠮᠰᠢᠭ ᠤᠨ ︽ᠬᠥᠮᠥᠨ ᠦᠬᠦᠬᠦ ᠦᠭᠡᠢ᠂ ᠬᠥᠮᠥᠨ ᠰᠢᠷᠬᠠᠲᠤᠬᠤ ᠦᠭᠡᠢ᠂ ᠬᠤᠬᠢᠷᠠᠯ ᠪᠠᠭ᠎ᠠ ᠪᠠᠶᠢᠬᠤ︾᠎ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃  
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号