ᠰᠢᠭᠤᠶᠢᠲᠣ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠰᠡᠷᠭᠡᠶᠢᠯᠡᠨ ᠬᠢᠵᠠᠭᠠᠷᠯᠠᠬᠤ ᠲᠥᠰᠥᠯ ︵ᠠᠷᠪᠠᠳᠤᠭᠠᠷ ᠨᠢᠭᠤᠷ︶ ᠤᠨ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/2/7
      ᠰᠢᠨ᠎ᠡ ᠪᠠᠷ ᠬᠠᠯᠳᠠᠪᠤᠷᠢᠯᠠᠬᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠡᠵᠡᠮᠰᠢᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠩ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠪᠠᠷ ᠰᠠᠶᠢᠲᠤᠷ ᠬᠢᠬᠦ ᠶᠢᠨ ᠲᠥᠯᠥᠭᠡ᠂ 2023 ᠣᠨ ᠤ 1 ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠰᠢᠭᠤᠶᠢᠲᠣ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠣᠷᠣᠨ ᠤ ᠬᠠᠷᠢᠶ᠎ᠠ ᠡᠯ᠎ᠡ ᠡᠮᠴᠢᠯᠡᠭᠡᠨ ᠤ ᠪᠠᠶᠢᠭᠤᠯᠤᠮᠵᠢ ᠳᠤ ᠰᠢᠨ᠎ᠡ ᠪᠠᠷ ᠬᠠᠯᠳᠠᠪᠤᠷᠢᠯᠠᠬᠤ ᠡᠪᠡᠳᠴᠢᠨ ᠢ ᠰᠡᠷᠭᠡᠶᠢᠯᠡᠨ ᠡᠵᠡᠮᠳᠡᠬᠦ ︵ᠠᠷᠪᠠᠳᠤᠭᠠᠷ ᠨᠢᠭᠤᠷ︶ ᠪᠣᠯᠪᠠᠰᠤᠷᠠᠭᠤᠯᠤᠯ ᠤᠨ ᠠᠵᠢᠯ ᠥᠷᠨᠢᠭᠦᠯᠪᠡ᠃ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠡᠪᠡᠳᠴᠢᠨ ᠡᠮᠭᠡᠭ ᠤᠨ ᠬᠤᠪᠢ ᠡᠵᠡᠮᠳᠡᠬᠦ ᠬᠠᠷᠢᠭᠤᠴᠠᠯᠭᠠᠲᠠᠨ᠂ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠪᠥᠬᠦ ᠠᠵᠢᠯᠲᠠᠨ᠂ ᠬᠠᠷᠢᠶ᠎ᠠ ᠣᠷᠣᠨ ᠤ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠨᠡᠶᠢᠲᠡ 10 ᠭᠠᠷᠤᠢ ᠬᠥᠮᠥᠨ ᠪᠣᠯᠪᠠᠰᠤᠷᠠᠯ ᠤᠨ ᠬᠤᠷᠠᠯ ᠳᠤ ᠣᠷᠣᠯᠴᠠᠵᠠᠢ᠃
C:\Users\Administrator\Desktop\1674024054816064373.jpg     
        ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠣᠷᠣᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠲᠤᠰᠬᠠᠢ ᠮᠡᠷᠭᠡᠵᠢᠯ ᠤᠨ ᠠᠵᠢᠯᠲᠠᠨ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠰᠡᠷᠭᠡᠶᠢᠯᠡᠨ ᠬᠢᠵᠠᠭᠠᠷᠯᠠᠬᠤ ᠲᠥᠰᠥᠯ ︵ᠠᠷᠪᠠᠳᠤᠭᠠᠷ ᠨᠢᠭᠤᠷ︶︾ ᠬᠢᠭᠡᠳ ᠶᠢᠰᠦᠳᠦᠭᠡᠷ ᠨᠢᠭᠤᠷ ᠤᠨ ᠰᠡᠷᠭᠡᠶᠢᠯᠡᠨ ᠬᠢᠵᠠᠭᠠᠷᠯᠠᠬᠤ ᠲᠥᠰᠥᠯ ᠤᠨ ᠢᠯᠭᠠᠭ᠎ᠠ᠂ ᠰᠢᠨ᠎ᠡ ᠪᠠᠷ ᠨᠡᠮᠡᠭᠰᠡᠨ ᠠᠭᠤᠯᠭ᠎ᠠ ᠵᠢᠴᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠰᠢᠨ᠎ᠡ ᠱᠠᠭᠠᠷᠳᠠᠯᠭ᠎ᠠ ᠶᠢ ᠭᠤᠣᠯᠳᠠᠯᠭ᠎ᠠ ᠲᠠᠢ ᠲᠠᠶᠢᠯᠪᠤᠷᠢᠯᠠᠵᠤ᠂ ᠣᠯᠠᠨ ᠳᠤ ᠰᠡᠷᠭᠡᠶᠢᠯᠡᠨ ᠬᠢᠵᠠᠭᠠᠷᠯᠠᠬᠤ ᠭᠤᠣᠯᠳᠠᠯᠭ᠎ᠠ ᠶᠢ ᠴᠠᠭ ᠲᠤᠬᠠᠢ ᠳᠤᠨᠢ ᠣᠶᠢᠯᠠᠭᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠯᠭᠡᠪᠡ᠃ᠪᠣᠯᠪᠠᠰᠤᠷᠠᠭᠤᠯᠤᠯ ᠤᠨ ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠲᠤ ᠮᠡᠳᠡᠯᠭᠡ ᠶᠢᠨ ᠰᠢᠯᠭᠠᠯᠲᠠ ᠬᠢᠬᠦ ᠶᠢᠨ ᠬᠠᠮᠲᠤ ᠰᠢᠨ᠎ᠡ ᠲᠢᠲᠢᠮ ᠤᠨ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠣᠯᠢᠯᠴᠠᠬᠤ ᠪᠠ ᠰᠤᠳᠤᠯᠤᠨ ᠶᠠᠷᠢᠯᠴᠠᠪᠠ᠃      ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠬᠤᠷᠠᠯ ᠳᠤ ᠣᠷᠣᠯᠴᠠᠭᠰᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠨ᠎ᠡ ᠪᠠᠷ ᠬᠠᠯᠳᠠᠪᠤᠷᠢᠯᠠᠭᠰᠠᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ 
 
ᠢᠷᠡᠯᠲᠡ᠄ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号