ᠰᠢᠨ᠎ᠡ ᠪᠠᠷ ᠬᠠᠯᠳᠠᠪᠤᠷᠢᠯᠠᠬᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠰᠢᠨ᠎ᠡ ᠲᠥᠷᠥ ᠶᠢᠨ | ᠪᠣᠳᠣᠯᠭ᠎ᠠ ᠶᠢ ᠴᠠᠭ ᠲᠤᠬᠠᠢ ᠳᠤᠨᠢ ᠡᠵᠡᠮᠰᠢᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠨᠠᠩ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠪᠠᠷ ᠰᠠᠶᠢᠲᠤᠷ ᠬᠢᠬᠦ ᠶᠢᠨ ᠲᠥᠯᠥᠭᠡ᠂ 2023 | ᠣᠨ ᠤ 1 ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠰᠢᠭᠤᠶᠢᠲᠣ ᠲᠣᠭᠤᠷᠢᠭ ᠤᠨ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠣᠷᠣᠨ ᠤ ᠬᠠᠷᠢᠶ᠎ᠠ ᠡᠯ᠎ᠡ ᠡᠮᠴᠢᠯᠡᠭᠡᠨ ᠤ ᠪᠠᠶᠢᠭᠤᠯᠤᠮᠵᠢ ᠳᠤ ᠰᠢᠨ᠎ᠡ ᠪᠠᠷ | ᠬᠠᠯᠳᠠᠪᠤᠷᠢᠯᠠᠬᠤ ᠡᠪᠡᠳᠴᠢᠨ ᠢ ᠰᠡᠷᠭᠡᠶᠢᠯᠡᠨ ᠡᠵᠡᠮᠳᠡᠬᠦ ︵ᠠᠷᠪᠠᠳᠤᠭᠠᠷ ᠨᠢᠭᠤᠷ︶ ᠪᠣᠯᠪᠠᠰᠤᠷᠠᠭᠤᠯᠤᠯ ᠤᠨ ᠠᠵᠢᠯ | ᠥᠷᠨᠢᠭᠦᠯᠪᠡ᠃ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠪᠢᠳᠠᠨ ᠬᠠᠮᠢᠶᠠᠷᠴᠤ ᠪᠠᠶᠢᠭ᠎ᠠ | ᠤᠳᠤᠷᠢᠳᠤᠯᠭ᠎ᠠ ᠵᠢᠴᠢ ᠡᠪᠡᠳᠴᠢᠨ ᠡᠮᠭᠡᠭ ᠤᠨ ᠬᠤᠪᠢ ᠡᠵᠡᠮᠳᠡᠬᠦ ᠬᠠᠷᠢᠭᠤᠴᠠᠯᠭᠠᠲᠠᠨ᠂ ᠣᠷᠣᠨ ᠤ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠪᠥᠬᠦ ᠠᠵᠢᠯᠲᠠᠨ᠂ ᠬᠠᠷᠢᠶ᠎ᠠ ᠣᠷᠣᠨ ᠤ ᠡᠯ᠎ᠡ ᠡᠮᠴᠢᠯᠡᠭᠡᠨ ᠤ | ᠪᠠᠶᠢᠭᠤᠯᠤᠮᠵᠢ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ | ᠨᠡᠶᠢᠲᠡ 10 ᠭᠠᠷᠤᠢ ᠬᠥᠮᠥᠨ ᠪᠣᠯᠪᠠᠰᠤᠷᠠᠯ ᠤᠨ ᠬᠤᠷᠠᠯ ᠳᠤ ᠣᠷᠣᠯᠴᠠᠵᠠᠢ᠃ | | | | | | ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠣᠷᠣᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ | ᠲᠥᠪ ᠤᠨ ᠲᠤᠰᠬᠠᠢ ᠮᠡᠷᠭᠡᠵᠢᠯ ᠤᠨ ᠠᠵᠢᠯᠲᠠᠨ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ | ᠰᠡᠷᠭᠡᠶᠢᠯᠡᠨ ᠬᠢᠵᠠᠭᠠᠷᠯᠠᠬᠤ ᠲᠥᠰᠥᠯ ︵ᠠᠷᠪᠠᠳᠤᠭᠠᠷ ᠨᠢᠭᠤᠷ︶︾ ᠬᠢᠭᠡᠳ ᠶᠢᠰᠦᠳᠦᠭᠡᠷ ᠨᠢᠭᠤᠷ ᠤᠨ ᠰᠡᠷᠭᠡᠶᠢᠯᠡᠨ | ᠬᠢᠵᠠᠭᠠᠷᠯᠠᠬᠤ ᠲᠥᠰᠥᠯ ᠤᠨ ᠢᠯᠭᠠᠭ᠎ᠠ᠂ ᠰᠢᠨ᠎ᠡ ᠪᠠᠷ ᠨᠡᠮᠡᠭᠰᠡᠨ ᠠᠭᠤᠯᠭ᠎ᠠ ᠵᠢᠴᠢ ᠰᠡᠷᠭᠡᠶᠢᠯᠡᠨ ᠬᠢᠵᠠᠭᠠᠷᠯᠠᠬᠤ | ᠠᠵᠢᠯ ᠤᠨ ᠰᠢᠨ᠎ᠡ ᠱᠠᠭᠠᠷᠳᠠᠯᠭ᠎ᠠ ᠶᠢ ᠭᠤᠣᠯᠳᠠᠯᠭ᠎ᠠ ᠲᠠᠢ ᠲᠠᠶᠢᠯᠪᠤᠷᠢᠯᠠᠵᠤ᠂ ᠣᠯᠠᠨ ᠳᠤ ᠰᠡᠷᠭᠡᠶᠢᠯᠡᠨ ᠬᠢᠵᠠᠭᠠᠷᠯᠠᠬᠤ | ᠭᠤᠣᠯᠳᠠᠯᠭ᠎ᠠ ᠶᠢ ᠴᠠᠭ ᠲᠤᠬᠠᠢ ᠳᠤᠨᠢ ᠣᠶᠢᠯᠠᠭᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠠᠵᠢᠯ ᠢ ᠰᠠᠶᠢᠲᠤᠷ ᠬᠢᠯᠭᠡᠪᠡ᠃ᠪᠣᠯᠪᠠᠰᠤᠷᠠᠭᠤᠯᠤᠯ ᠤᠨ ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠲᠤ | ᠮᠡᠳᠡᠯᠭᠡ ᠶᠢᠨ ᠰᠢᠯᠭᠠᠯᠲᠠ ᠬᠢᠬᠦ ᠶᠢᠨ ᠬᠠᠮᠲᠤ ᠰᠢᠨ᠎ᠡ ᠲᠢᠲᠢᠮ ᠤᠨ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠣᠯᠢᠯᠴᠠᠬᠤ ᠪᠠ ᠰᠤᠳᠤᠯᠤᠨ ᠶᠠᠷᠢᠯᠴᠠᠪᠠ᠃ | ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠬᠤᠷᠠᠯ ᠳᠤ ᠣᠷᠣᠯᠴᠠᠭᠰᠠᠳ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠨ᠎ᠡ ᠪᠠᠷ | ᠬᠠᠯᠳᠠᠪᠤᠷᠢᠯᠠᠭᠰᠠᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠪᠠᠲᠤ ᠪᠠᠬᠢ ᠰᠠᠭᠤᠷᠢ | ᠲᠠᠯᠪᠢᠵᠤ ᠥᠭᠭᠦᠭᠰᠡᠨ ᠪᠠᠶᠢᠨ᠎ᠠ᠃ | | | |