ᠴᠠᠭᠠᠨ ᠰᠠᠷ᠎ᠠ  ᠶᠢᠨ ᠲᠣᠬᠤᠨᠢᠭᠤᠯᠭ᠎ᠠ ᠨᠢ ᠨᠠᠰᠤᠨ ᠤ ᠠᠮᠠᠷᠠᠯᠲᠠ ᠪᠠᠨ ᠠᠪᠤᠭᠰᠠᠨ ᠠᠬᠠᠮᠠᠳ ᠺᠠᠳ᠋ᠷᠴᠤᠳ   ᠢ ᠲᠣᠬᠤᠨᠢᠭᠤᠯᠵᠤ ᠪᠠᠶᠢᠨ᠎ᠠ —— ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ  ᠶᠢᠨ ᠲᠣᠪᠴᠢᠶ᠎ᠠ ᠨᠠᠰᠤᠨ ᠤ ᠠᠮᠠᠷᠠᠯᠲᠠ ᠪᠠᠨ ᠠᠪᠤᠭᠰᠠᠨ ᠠᠬᠠᠮᠠᠳ ᠺᠠᠳ᠋ᠷᠴᠤᠳ  ᠢ ᠲᠣᠬᠤᠨᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/2/7
       1 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ 2023 ᠣᠨ ᠤ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠢ ᠬᠠᠯᠠᠮᠵᠢᠯᠠᠨ ᠬᠠᠯᠠᠮᠵᠢᠯᠠᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠨᠠᠮ ᠤᠨ ᠭᠡᠰᠢᠭᠦᠨ ᠤ ᠲᠥᠯᠥᠭᠡᠯᠡᠭᠴᠢ ᠶᠢ ᠰᠣᠩᠭᠤᠨ ᠲᠣᠮᠢᠯᠠᠵᠤ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠢ ᠲᠣᠬᠤᠨᠢᠭᠤᠯᠬᠤ ᠶᠢᠨ ᠬᠠᠮᠲᠤ ᠲᠣᠬᠤᠨᠢᠭᠤᠯᠬᠤ ᠪᠣᠳᠠᠰ ᠪᠠ ᠴᠠᠭᠠᠨ ᠰᠠᠷ᠎ᠠ ᠶᠢᠨ ᠢᠷᠦᠭᠡᠯ ᠳᠡᠪᠰᠢᠭᠦᠯᠪᠡ᠃       ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠯᠢᠦ ᠬᠤᠩ ᠲᠤᠤ ᠶᠢᠨ ᠭᠡᠷ ᠲᠤ᠂ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠶᠢᠨ ᠳᠡᠳ᠋ ᠳᠠᠷᠤᠭ᠎ᠠ᠂ ᠪᠠᠶᠢᠭᠤᠯᠤᠯᠭ᠎ᠠ ᠶᠢᠨ ᠨᠠᠮ ᠤᠨ ᠡᠭᠦᠷ ᠤᠨ ᠱᠦᠵᠢ ᠵᠠᠩ ᠸᠧᠢ ᠬᠠᠢ ᠨᠥᠬᠦᠷ ᠠᠬᠠᠮᠠᠳ ᠺᠠᠳ᠋ᠷ ᠲᠠᠢ ᠵᠣᠭᠤᠭᠳᠠᠵᠤ᠂ ᠪᠡᠶ᠎ᠡ ᠶᠢᠨ ᠪᠠᠶᠢᠳᠠᠯ ᠪᠣᠯᠣᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠲᠡᠭᠦᠨ ᠢ ᠭᠡᠷ ᠤᠨ ᠬᠥᠮᠥᠰ ᠲᠠᠢ ᠪᠠᠨ ᠡᠷᠬᠡᠪᠰᠢ ᠰᠢᠨ᠎ᠡ ᠲᠢᠲᠢᠮ ᠤᠨ ᠬᠠᠮᠠᠭᠠᠯᠠᠯᠲᠠ ᠶᠢ ᠠᠩᠬᠠᠷᠴᠤ᠂ ᠲᠣᠭᠲᠠᠭᠰᠠᠨ ᠬᠤᠭᠤᠴᠠᠭ᠎ᠠ ᠲᠠᠢ ᠪᠠᠷ ᠭᠡᠷ ᠪᠦᠯᠢ ᠶᠢᠨ ᠠᠷᠢᠭᠤᠳᠬᠠᠯ ᠢ ᠰᠠᠶᠢᠲᠤᠷ ᠬᠢᠵᠦ᠂ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠬᠡᠷᠡᠭᠲᠡᠢ ᠭᠡᠵᠦ ᠵᠠᠬᠢᠪᠠ᠃ᠲᠣᠬᠤᠨᠢᠭᠤᠯᠬᠤ ᠶᠠᠪᠤᠴᠠ ᠳᠤ᠂ ᠵᠠᠩ ᠸᠧᠢ ᠬᠠᠢ ᠨᠥᠬᠦᠷ ᠰᠢᠭᠤᠶᠢᠲᠤ ᠲᠣᠭᠤᠷᠢᠭ ᠪᠣᠯᠣᠨ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠢᠭᠡ ᠵᠢᠯ ᠤᠨ ᠲᠤᠷᠰᠢᠬᠢ ᠡᠯ᠎ᠡ ᠵᠦᠢᠯ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠪᠣᠯᠣᠨ ᠣᠯᠣᠭᠰᠠᠨ ᠠᠮᠵᠢᠯᠲᠠ  ᠶᠢ ᠲᠠᠨᠢᠯᠴᠠᠭᠤᠯᠵᠤ᠂ ᠠᠬᠠᠮᠠᠳ ᠺᠠᠳ᠋ᠷᠴᠤᠳ ᠤᠨ ᠡᠷᠬᠢᠮ ᠨᠠᠨᠳᠢᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠲᠡᠭᠦᠨ ᠢ ᠪᠡᠶ᠎ᠡ ᠰᠡᠳᠬᠢᠯ ᠤᠨ ᠡᠷᠡᠭᠦᠯ ᠴᠢᠭᠢᠷᠠᠭ᠂ ᠥᠲᠡᠯᠦᠭᠡ ᠨᠠᠰᠤ ᠪᠠᠨ ᠠᠮᠤᠷ ᠲᠠᠶᠢᠪᠤᠩ ᠥᠩᠭᠡᠷᠡᠭᠦᠯᠦᠭᠰᠡᠨ ᠤᠷᠢᠲᠠᠯ ᠳᠣᠣᠷ᠎ᠠ᠂ ᠰᠢᠭᠤᠶᠢᠲᠤ ᠳᠤ ᠢᠯᠡᠭᠦᠬᠡᠨ ᠬᠦᠷᠴᠦ᠂ ᠠᠵᠢᠯ ᠤᠨ ᠪᠠᠶᠢᠷᠢ ᠠᠴᠠ ᠪᠠᠨ ᠰᠠᠯᠪᠠᠴᠤ ᠨᠠᠮ ᠠᠴᠠ ᠪᠠᠨ ᠰᠠᠯᠬᠤ ᠦᠭᠡᠢ᠂ ᠠᠵᠢᠯ ᠠᠴᠠ ᠪᠠᠨ ᠠᠮᠠᠷᠠᠪᠠᠴᠤ ᠥᠩᠭᠡ ᠤᠨᠠᠬᠤ ᠦᠭᠡᠢ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠱᠢ ᠭᠤᠤ ᠶᠢᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠳᠠᠯ ᠤᠨ ᠬᠢᠷᠢ ᠪᠠᠷ ᠢᠶᠠᠨ ᠬᠤᠪᠢ ᠨᠡᠮᠡᠷᠢ ᠪᠠᠨ ᠦᠵᠡᠭᠦᠯᠬᠦ ᠶᠢ ᠬᠦᠰᠡᠪᠡ᠃      ᠲᠣᠰ ᠤᠳᠠᠭᠠᠨ ᠤ ᠴᠠᠭᠠᠨ ᠰᠠᠷ᠎ᠠ  ᠠᠴᠠ ᠡᠮᠦᠨ᠎ᠡ ᠠᠶᠢᠯᠴᠢᠯᠠᠨ ᠲᠣᠬᠤᠨᠢᠭᠤᠯᠬᠤ ᠪᠠᠷ ᠳᠡᠮᠵᠢᠨ᠂ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠪᠠ ᠨᠠᠮ ᠤᠨ ᠭᠡᠰᠢᠭᠦᠳ ᠤᠨ ᠬᠤᠭᠤᠷᠣᠨᠳᠣᠬᠢ ᠦᠨᠡᠨ ᠰᠡᠳᠬᠢᠯᠭᠡ ᠶᠢ ᠢᠯᠡᠷᠡᠭᠦᠯᠵᠦ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠢᠭᠡᠳ ᠠᠵᠢᠯ  ᠠᠴᠠ ᠪᠠᠨ ᠠᠮᠠᠷᠠᠭᠰᠠᠨ ᠺᠠᠳ᠋ᠷᠴᠤᠳ ᠤᠨ ᠬᠤᠭᠤᠷᠣᠨᠳᠣᠬᠢ ᠳᠣᠲᠣᠨᠣ ᠬᠠᠷᠢᠯᠴᠠᠭ᠎ᠠ ᠶᠢ ᠴᠢᠩᠭᠠᠳᠬᠠᠨ᠂ ᠠᠵᠢᠯ  ᠠᠴᠠ ᠪᠠᠨ ᠠᠮᠠᠷᠠᠭᠰᠠᠨ ᠺᠠᠳ᠋ᠷᠴᠤᠳ ᠤᠨ ᠵᠣᠯ ᠵᠢᠷᠭᠠᠯᠲᠤ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠳᠡᠭᠡᠭᠰᠢᠯᠡᠭᠦᠯᠵᠦ᠂ ᠪᠣᠯᠪᠠᠰᠤᠨ᠂ ᠪᠠᠶᠠᠷ ᠬᠥᠷ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃
 
ᠢᠷᠡᠯᠲᠡ᠄ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ  ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号