ᠰᠢᠭᠤᠶᠢᠲᠤ ᠲᠣᠭᠤᠷᠢᠭ ᠤᠨ ᠡᠮ ᠡᠮᠨᠡᠯᠭᠡ ᠶᠢᠨ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2023/3/6
       ︽ᠪᠤᠭᠤᠲᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠰᠢᠰᠲ᠋ᠧᠮ ᠢᠶᠠᠷ ᠢᠶᠠᠨ ᠬᠤᠰᠢᠭᠤ ᠰᠢᠶᠠᠨ ᠤ ᠡᠮᠨᠡᠯᠭᠡ ᠶᠢᠨ ᠬᠤᠷᠢᠶ᠎ᠠ ᠶᠢ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ ︵2022 ︱ 2025 ᠣᠨ︶ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠪᠦᠦ ᠸᠧᠢ ᠵᠢᠶᠠᠨ ᠵᠥᠪᠯᠡᠯ ᠲᠠᠷᠬᠠᠭᠠᠭᠰᠠᠨ ﹇2022﹈ 61 ᠳ᠋ᠦᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 2023 ᠣᠨ ᠤ 2 ᠳ᠋ᠤᠭᠠᠷ ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠪᠤᠭᠤᠲᠤ ᠬᠤᠲᠠ ᠶᠢᠨ ᠰᠢᠭᠤᠶᠢᠲᠤ  ᠲᠣᠭᠤᠷᠢᠭ ᠤᠨ ᠡᠮᠨᠡᠯᠭᠡ ᠶᠢᠨ ᠬᠤᠷᠢᠶ᠎ᠠ ᠬᠢᠭᠡᠳ ᠪᠤᠭᠤᠲᠤ ᠬᠤᠲᠠ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠶᠢ ᠬᠠᠮᠲᠤ ᠪᠠᠷ ᠪᠠᠶᠢᠭᠤᠯᠵᠤ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠫᠠᠶᠢᠰᠠ ᠰᠡᠬᠦᠬᠦ ᠶᠣᠰᠣᠯᠠᠯ ᠰᠢᠭᠤᠶᠢᠲᠤ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠲᠠᠪᠤᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠶᠠᠪᠤᠭᠳᠠᠪᠠ᠂ ᠪᠤᠭᠤᠲᠤ ᠬᠤᠲᠠ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠸᠠᠩ ᠵᠧᠨ ᠹᠧᠩ ᠵᠢᠴᠢ ᠲᠤᠰᠬᠠᠢ ᠮᠡᠷᠭᠡᠵᠢᠯᠲᠡᠨ ᠤ ᠭᠤᠣᠯᠯᠠᠭᠴᠢ ᠬᠦᠴᠦᠨ᠂ ᠰᠢᠭᠤᠶᠢᠲᠤ  ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠤᠣᠯ ᠤᠳᠤᠷᠢᠳᠤᠯᠭ᠎ᠠ᠂ ᠰᠢᠭᠤᠶᠢᠲᠤ  ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠭᠤᠣᠯ ᠤᠳᠤᠷᠢᠳᠤᠯᠭ᠎ᠠ ᠵᠢᠴᠢ ᠵᠠᠩᠭᠢᠯᠠᠭ᠎ᠠ ᠶᠢᠨ ᠺᠠᠳ᠋ᠷ ᠶᠣᠰᠣᠯᠠᠯ ᠳᠤ ᠣᠷᠣᠯᠴᠠᠵᠠᠢ᠃     ᠰᠢᠭᠤᠶᠢᠲᠤ  ᠲᠣᠭᠤᠷᠢᠭ ᠤᠨ ᠬᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠳ ᠣᠯᠠᠨ ᠳᠤ ᠨᠠᠩ ᠥᠨᠳᠥᠷ ᠲᠦᠪᠰᠢᠨ ᠪᠦᠬᠦᠢ ᠡᠮ ᠡᠮᠨᠡᠯᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡ ᠬᠦᠷᠲᠡᠭᠡᠬᠦ ᠶᠢ ᠮᠠᠨ ᠤ ᠣᠷᠣᠨ ᠤ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠠᠵᠢᠯ ᠪᠣᠯᠭᠠᠭᠰᠠᠭᠠᠷ ᠢᠷᠡᠵᠡᠶ᠃ᠰᠢᠭᠤᠶᠢᠲᠤ  ᠲᠣᠭᠤᠷᠢᠭ ᠤᠨ ᠸᠧᠢ ᠵᠢᠶᠠᠨ ᠰᠢᠰᠲ᠋ᠧᠮ ᠤᠨ ᠬᠠᠮᠲᠤ ᠶᠢᠨ ᠴᠢᠷᠮᠠᠶᠢᠯᠭ᠎ᠠ  ᠪᠠᠷ ᠂ ᠪᠤᠭᠤᠲᠤ ᠬᠤᠲᠠ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠨᠢ ᠮᠠᠨ ᠤ ᠣᠷᠣᠨ ᠯᠤᠭ᠎ᠠ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠶᠢ ᠵᠢᠩᠬᠢᠨᠢ ᠪᠠᠷ ᠲᠣᠬᠢᠷᠠᠵᠤ᠂ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠡᠮᠨᠡᠯᠭᠡ ᠶᠢᠨ ᠬᠤᠷᠢᠶ᠎ᠠ ᠪᠠᠷ ᠳᠠᠮᠵᠢᠭᠤᠯᠤᠨ ᠪᠤᠭᠤᠲᠤ ᠬᠤᠲᠠ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠯᠤᠭ᠎ᠠ ᠠᠵᠢᠯ ᠲᠥᠷᠥᠯ ᠢᠶᠠᠷ ᠢᠶᠠᠨ ᠲᠤᠰᠠᠯᠠᠬᠤ᠂ ᠮᠡᠷᠭᠡᠵᠢᠯ ᠢᠶᠠᠷ ᠬᠠᠪᠰᠤᠷᠤᠨ ᠲᠡᠳᠬᠦᠬᠦ᠂ ᠴᠢᠳᠠᠪᠤᠷᠢᠲᠠᠨ ᠢ ᠬᠥᠮᠥᠵᠢᠭᠦᠯᠬᠦ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠬᠦ᠂ ᠰᠤᠷᠤᠯᠴᠠᠵᠤ ᠳᠠᠪᠲᠠᠨ ᠪᠣᠯᠪᠠᠰᠤᠷᠠᠬᠤ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠵᠤ᠂ ᠡᠴᠦᠰ ᠲᠡᠭᠡᠨ ᠡᠮᠨᠡᠯᠭᠡ ᠶᠢᠨ ᠬᠤᠷᠢᠶ᠎ᠠ ᠶᠢᠨ ᠡᠬᠢ ᠪᠠᠶᠠᠯᠢᠭ ᠢ ᠬᠠᠮᠲᠤᠪᠠᠷ ᠭᠥᠷᠳᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠷᠢᠯᠴᠠᠨ ᠠᠰᠢᠭ ᠬᠦᠷᠲᠡᠵᠦ ᠬᠠᠮᠲᠤᠪᠠᠷ ᠠᠰᠢᠭ ᠭᠥᠷᠳᠡᠬᠦ᠂ ᠬᠤᠯᠪᠤᠭᠠᠯᠠᠨ ᠬᠥᠭᠵᠢᠬᠦ ᠶᠢ ᠪᠡᠶᠡᠯᠡᠭᠦᠯᠦᠨ᠎ᠡ᠃ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ᠂ ᠪᠠᠶᠢᠩᠭᠤᠵᠢᠭᠰᠠᠨ ᠰᠣᠯᠢᠯᠴᠠᠭ᠎ᠠ ᠪᠠ ᠬᠠᠮᠲᠤᠷᠠᠯᠴᠠᠭ᠎ᠠ ᠪᠠᠷ ᠳᠡᠮᠵᠢᠨ᠂ ᠪᠤᠭᠤᠲᠤ ᠬᠤᠲᠠ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠶᠢᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠵᠦ᠂ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠭᠤᠶᠢᠲᠤ ᠲᠣᠭᠤᠷᠢᠭ ᠤᠨ ᠠᠷᠠᠳ ᠲᠦᠮᠡᠨ ᠳᠤ ᠪᠥᠬᠦ ᠤᠯᠤᠰ ᠤᠨ ᠲᠡᠷᠢᠭᠦᠨ ᠤ ᠡᠮᠴᠢᠯᠡᠭᠡᠨ ᠤ ᠦᠢᠯᠡᠴᠢᠯᠡᠭᠡ ᠶᠢ ᠡᠳ᠋ᠯᠡᠭᠦᠯᠵᠦ᠂ ᠨᠠᠩ ᠣᠯᠠᠨ ᠠᠷᠠᠳ ᠲᠦᠮᠡᠨ ᠳᠤ ᠡᠪᠡᠳᠴᠢᠨ ᠦᠵᠡᠭᠦᠯᠵᠦ ᠳᠡᠶᠢᠯᠬᠦ᠂ ᠡᠪᠡᠳᠴᠢᠨ ᠦᠵᠡᠭᠦᠯᠵᠦ ᠳᠡᠶᠢᠯᠬᠦ᠂ ᠡᠪᠡᠳᠴᠢᠨ ᠦᠵᠡᠭᠦᠯᠵᠦ ᠳᠡᠶᠢᠯᠬᠦ ᠪᠣᠯᠭᠠᠬᠤ ᠬᠡᠷᠡᠭᠲᠡᠢ᠃      ᠲᠤᠰ ᠤᠳᠠᠭᠠᠨ ᠤ ᠡᠮ ᠡᠮᠨᠡᠯᠭᠡ ᠶᠢᠨ ᠬᠤᠯᠪᠣᠭᠠᠲᠤ ᠴᠣᠭᠴᠠ ᠶᠢᠨ ᠲᠤᠰᠬᠠᠢ ᠮᠡᠷᠭᠡᠵᠢᠯ ᠤᠨ ᠬᠤᠯᠪᠣᠭᠠᠨ ᠤ ᠬᠠᠮᠲᠤᠷᠠᠯᠴᠠᠭ᠎ᠠ  ᠶᠢ ᠳᠡᠭᠡᠳᠦ ᠳᠣᠣᠷᠠᠳᠤ ᠱᠠᠲᠤᠨ ᠤ ᠡᠮᠨᠡᠯᠭᠡ ᠶᠢᠨ ᠬᠤᠷᠢᠶ᠎ᠠ ᠶᠢ ᠨᠢᠭᠲᠠ ᠬᠠᠮᠲᠤᠷᠠᠯᠴᠠᠨ ᠬᠠᠮᠲᠤᠪᠠᠷ ᠠᠰᠢᠭ ᠭᠥᠷᠳᠡᠬᠦ ᠠᠵᠢᠯ ᠤᠨ ᠵᠠᠭᠪᠤᠷ ᠲᠠᠢ ᠪᠣᠯᠭᠠᠵᠤ᠂ ᠰᠢᠭᠤᠶᠢᠲᠤ  ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠪᠠ ᠡᠮᠴᠢᠯᠡᠭᠡᠨ ᠤ ᠮᠡᠷᠭᠡᠵᠢᠯ ᠤᠨ ᠲᠠᠯ᠎ᠠ ᠪᠠᠷ ᠪᠥᠬᠦ ᠲᠠᠯ᠎ᠠ ᠪᠠᠷ ᠲᠠᠰ ᠳᠡᠪᠰᠢᠬᠦ ᠶᠢ ᠠᠬᠢᠭᠤᠯᠤᠨ᠂ ᠰᠢᠭᠤᠶᠢᠲᠤ  ᠲᠣᠭᠤᠷᠢᠭ ᠤᠨ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ︽ᠡᠪᠡᠳᠴᠢᠨ ᠦᠵᠡᠭᠦᠯᠬᠦ ᠳᠤ ᠬᠦᠴᠢᠷ᠂ ᠡᠪᠡᠳᠴᠢᠨ ᠦᠵᠡᠭᠦᠯᠬᠦ ᠳᠤ ᠬᠤᠯᠠ︾ ᠪᠠᠶᠢᠬᠤ ᠠᠰᠠᠭᠤᠳᠠᠯ ᠢ ᠪᠦᠲᠦᠮᠵᠢᠲᠡᠶ ᠨᠠᠮᠳᠠᠭᠤᠯᠵᠤ᠂ ᠱᠢ ᠭᠤᠸᠠᠢ ᠲᠣᠭᠤᠷᠢᠭ ᠤᠨ ᠠᠷᠠᠳ ᠣᠯᠠᠨ ᠳᠤ ᠨᠠᠩ ᠲᠤᠰᠬᠠᠢ ᠮᠡᠷᠭᠡᠵᠢᠯ ᠤᠨ᠂ ᠳᠥᠭᠦᠮ ᠳᠥᠲᠡ᠂ ᠠᠮᠤᠷ ᠲᠦᠪᠰᠢᠨ ︽ᠭᠡᠷ ᠤᠨ ᠡᠭᠦᠳᠡᠨ ᠳᠠᠬᠢ︾ ᠡᠮᠨᠡᠯᠭᠡ ᠶᠢᠨ ᠬᠤᠷᠢᠶ᠎ᠠ ᠶᠢ ᠪᠠᠶᠢᠭᠤᠯᠵᠤ ᠥᠭᠭᠦᠭᠰᠡᠨ ᠪᠠᠶᠢᠨ᠎ᠠ᠃
C:\Users\Administrator\Desktop\1677032841146089194.png
 
ᠢᠷᠡᠯᠲᠡ᠄ ᠰᠢᠭᠤᠶᠢᠲᠤ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号