ᠬᠠᠪᠤᠷ ᠤᠨ ᠤᠷᠢᠨ ᠳᠤᠯᠠᠭᠠᠨ ᠰᠠᠭᠠᠲᠠᠵᠤ᠂ ᠬᠠᠮᠤᠭ ᠠᠮᠢᠲᠠᠨ ᠲᠦᠮᠡᠨ ᠪᠣᠳᠠᠰ ᠰᠡᠷᠭᠦᠨ ᠲᠥᠯᠵᠢᠵᠦ | ᠪᠠᠶᠢᠨ᠎ᠠ᠃ ᠣᠶᠢᠷ᠎ᠠ ᠶᠢᠨ ᠡᠳᠦᠷ ᠠᠴᠠ ᠨᠠᠭᠠᠰᠢ ᠡᠯ᠎ᠡ ᠭᠠᠵᠠᠷ ᠤᠨ ᠬᠢᠨ ᠰᠣᠶᠣᠯ ᠤᠨ ᠨᠠᠶᠢᠷ᠂ ᠠᠶᠠᠯᠠᠯ | ᠵᠢᠭᠤᠯᠴᠢᠯᠠᠯ ᠤᠨ ᠨᠠᠶᠢᠷ᠂ ᠭᠦᠢᠯᠡᠰᠦᠨ ᠴᠡᠴᠡᠭ ᠤᠨ ᠪᠠᠶᠠᠷ ᠵᠡᠷᠭᠡ ᠪᠠᠶᠠᠯᠢᠭ ᠠᠭᠤᠯᠭ᠎ᠠ ᠲᠠᠢ ᠣᠨᠴᠠᠯᠢᠭᠲᠤ | ᠠᠵᠢᠯᠯᠠᠭ᠎ᠠ ᠥᠷᠨᠢᠭᠦᠯᠵᠦ᠂ ᠡᠶᠡᠪᠡᠷᠭᠦᠦ ᠬᠠᠪᠤᠷ ᠤᠨ ᠤᠷᠢᠨ ᠳᠤᠯᠠᠭᠠᠨ ᠴᠠᠭ ᠢ ᠤᠳᠬ᠎ᠠ ᠲᠡᠭᠦᠰ ᠠᠭᠤᠯᠭ᠎ᠠ | ᠲᠡᠭᠦᠯᠳᠡᠷ ᠥᠩᠭᠡᠷᠡᠭᠦᠯᠵᠦ ᠪᠠᠶᠢᠨ᠎ᠠ᠃ 2023 ᠣᠨ ᠤ ᠱᠠᠩᠬᠠᠢ ᠬᠤᠲᠠ ᠶᠢᠨ ᠠᠷᠠᠳ ᠤᠨ ᠰᠣᠶᠣᠯ ᠤᠨ ᠨᠠᠶᠢᠷ | 8 ᠤ ᠡᠳᠦᠷ ᠡᠬᠢᠯᠡᠯ᠎ᠡ᠃ ᠡᠬᠢᠯᠡᠯᠲᠡ ᠶᠢᠨ ᠡᠳᠦᠷ ᠱᠠᠩᠬᠠᠢ ᠬᠤᠲᠠ ᠶᠢᠨ ᠰᠣᠶᠣᠯ ᠤᠨ ᠣᠷᠳᠣᠨ ᠲᠠᠯᠠᠪᠠᠢ᠂ ᠣᠯᠠᠨ | ᠨᠡᠶᠢᠲᠡ ᠶᠢᠨ ᠭᠠᠵᠠᠷ ᠲᠤ ᠡᠯ᠎ᠡ ᠲᠥᠷᠥᠯ ᠤᠨ ᠬᠥᠮᠥᠰ ᠲᠤ ᠵᠣᠷᠢᠭᠤᠯᠤᠭᠰᠠᠨ ᠮᠢᠩᠭ᠎ᠠ ᠰᠢᠬᠠᠮ ᠲᠠᠯᠠᠪᠤᠷ | ᠣᠨᠴᠠᠯᠢᠭᠲᠤ ᠠᠵᠢᠯᠯᠠᠭ᠎ᠠ ᠥᠷᠨᠢᠭᠦᠯᠵᠦ᠂ ᠬᠤᠲᠠ ᠶᠢᠨ ᠠᠷᠠᠳ ᠤᠨ ᠣᠶᠣᠨ ᠤ ᠠᠮᠢᠳᠤᠷᠠᠯ ᠢ ᠪᠠᠶᠠᠯᠢᠭᠵᠢᠭᠤᠯᠤᠭᠰᠠᠨ | ᠪᠠᠶᠢᠨ᠎ᠠ᠃ ᠰᠢᠨᠵᠢᠶᠠᠩ ᠤᠨ ᠢᠯᠢ ᠵᠸᠦ ᠶᠢᠨ ᠰᠢᠠ ᠶᠤᠸᠠᠠ ᠰᠢᠶᠠᠨ ᠤ ᠲᠦᠷᠭᠡᠡ ᠰᠢᠶᠠᠩ ᠤᠨ ᠭᠦᠢᠯᠡᠰᠦᠨ ᠤ | ᠬᠥᠨᠳᠡᠢ ᠳᠤ 3 ᠲᠦᠮᠡ ᠰᠢᠬᠠᠮ ᠮᠦ ᠬᠡᠭᠡᠷ᠎ᠡ ᠶᠢᠨ ᠭᠦᠢᠯᠡᠰᠦ ᠥᠩᠭᠡ ᠢᠯᠭᠠᠷᠠᠨ ᠳᠡᠯᠭᠡᠷᠡᠵᠦ ᠪᠠᠶᠢᠯ᠎ᠠ᠃ | ᠠᠭᠤᠯᠠ ᠶᠢᠨ ᠪᠡᠯ ᠢᠶᠠᠷ ᠬᠠᠷᠠᠭ᠎ᠠ ᠪᠡᠯᠴᠢᠭᠡᠬᠦ ᠳᠤ ᠭᠦᠢᠯᠡᠰᠦᠨ ᠴᠡᠴᠡᠭ ᠰᠠᠯᠬᠢᠨ ᠤ ᠠᠶ᠎ᠠ ᠪᠠᠷ ᠨᠠᠶᠢᠭᠤᠵᠤ᠂ ᠴᠥᠭᠡᠨ | ᠪᠤᠰᠤ ᠵᠢᠭᠤᠯᠴᠢᠳ ᠮᠣᠷᠢᠲᠠᠢ ᠳᠠᠪᠬᠢᠯᠳᠤᠨ ᠬᠤᠸᠠᠷ ᠴᠡᠴᠡᠭ ᠰᠣᠨᠢᠷᠬᠠᠵᠤ ᠪᠠᠶᠢᠯ᠎ᠠ᠃ 3 ᠳ᠋ᠤᠭᠠᠷ ᠰᠠᠷ᠎ᠠ ᠶᠢᠨ 25 ᠤ | ᠡᠳᠦᠷ ᠠᠴᠠ ᠨᠠᠭᠠᠰᠢ ᠰᠢᠠ ᠶᠤᠸᠠᠠ ᠰᠢᠶᠠᠨ ᠤ ᠬᠢᠨ ᠲᠠᠯ᠎ᠠ ᠨᠤᠲᠤᠭ ᠤᠨ ᠰᠣᠶᠣᠯ ᠤᠨ ᠨᠠᠶᠢᠷ᠂ ᠭᠦᠢᠯᠡᠰᠦᠨ | ᠴᠡᠴᠡᠭ ᠤᠨ ᠪᠠᠶᠠᠷ ᠵᠡᠷᠭᠡ ᠠᠵᠢᠯᠯᠠᠭ᠎ᠠ ᠥᠷᠨᠢᠭᠦᠯᠬᠦ ᠪᠠᠷ ᠳᠠᠮᠵᠢᠵᠤ᠂ ᠳᠠᠪᠬᠤᠷᠳᠠᠭᠰᠠᠨ ᠲᠤᠭ᠎ᠠ ᠪᠠᠷ ᠨᠡᠶᠢᠲᠡ 22 | ᠲᠦᠮᠡᠨ ᠵᠢᠭᠤᠯᠴᠢᠨ ᠢ ᠲᠠᠲᠠᠵᠤ᠂ 1 ᠳ᠋ᠦᠩᠰᠢᠭᠤᠷ 2000 ᠲᠦᠮᠡᠨ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ | ᠣᠯᠣᠭᠰᠠᠨ ᠪᠠᠶᠢᠨ᠎ᠠ᠃ | |