ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠲᠠᠷᠬᠠᠭᠠᠭᠰᠠᠨ ᠬᠡᠮᠵᠢᠶ᠎ᠡ 4000 ᠳ᠋ᠦᠩᠰᠢᠭᠤᠷ ᠲᠥᠭᠦᠷᠢᠭ ᠢ ᠳᠠᠪᠠᠪᠠ ︵ᠰᠢᠨ᠎ᠠ ᠲᠤᠭ᠎ᠠ ᠪᠠᠷᠢᠮᠳᠠ ᠰᠢᠨ᠎ᠠ ᠬᠢᠯᠠᠰᠵᠢᠯ︶
ᠨᠡᠶᠢᠲᠡᠯᠡᠭᠰᠡᠨ ᠴᠠᠭ᠄
2023/6/12
        ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 6 ᠰᠠᠷ᠎ᠠ ᠶᠢᠨ 11 ᠤ  ᠡᠳᠦᠷ ᠤᠨ ᠮᠡᠳᠡᠭᠡ ︵ᠰᠤᠷᠪᠤᠯᠵᠢᠯᠠᠭᠴᠢ‌ᠵᠣᠤ ᠡᠧ ᠨᠦᠸᠧ᠂ ᠬᠤᠸᠠᠩ ᠴᠤᠤ︶ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠪᠣᠯ ᠮᠠᠨ ᠤ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠲᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠰᠢᠰᠲ᠋ᠧᠮ ᠤᠨ ᠴᠢᠬᠤᠯᠠ ᠠᠭᠤᠯᠭ᠎ᠠ ᠮᠥᠨ᠂ ᠰᠤᠷᠭᠠᠨ ᠬᠥᠮᠦᠵᠢᠯ ᠤᠨ ᠭᠤᠤᠯᠴᠢ ᠪᠠᠶᠢᠬᠤ ᠶᠢ ᠠᠬᠢᠭᠤᠯᠬᠤ ᠨᠢᠭᠡᠨ ᠴᠢᠬᠤᠯᠠ  ᠠᠷᠭ᠎ᠠ ᠬᠡᠮᠵᠢᠶ᠎ᠡ ᠮᠥᠨ᠃ ᠰᠤᠷᠪᠤᠯᠵᠢᠯᠠᠭᠴᠢ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠄ 1999 ᠣᠨ ᠠᠴᠠ ᠣᠲᠣ ᠪᠣᠯᠲᠠᠯ᠎ᠠ ᠨᠢᠭᠡᠨᠲᠡ4000 ᠭᠠᠷᠤᠶ ᠳ᠋ᠦᠩᠰᠢᠭᠤᠷ ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠲᠠᠯᠪᠢᠵᠤ᠂ ᠬᠡᠷ ᠪᠦᠯᠢ ᠶᠢᠨ ᠠᠮᠢᠳᠤᠷᠠᠯ ᠨᠢ ᠬᠦᠴᠢᠷᠲᠡᠯᠲᠡᠢ ᠤᠶᠤᠳᠠᠨ ᠢ ᠨᠡᠶᠢᠲᠡ 2000 ᠭᠠᠷᠤᠶ ᠲᠦᠮᠡ ᠲᠤᠰᠠᠯᠠᠭᠰᠠᠨ ᠪᠠᠶᠢᠨ᠎ᠠ᠃                ᠵᠢᠭᠡᠯᠡᠯᠭᠡ ᠦᠭᠭᠦ ᠲᠤᠭ᠎ᠠ ᠲᠠᠰᠤᠷᠠᠯᠲᠠ ᠦᠭᠡᠢ ᠳᠡᠭᠡᠭᠰᠢᠯᠡᠪᠡ᠃  ᠲᠥᠷᠥ ᠶᠢᠨ  ᠪᠣᠳᠣᠯᠭ᠎ᠠ ᠶᠢ ᠬᠡᠷᠡᠭᠵᠢᠭᠦᠯᠦᠭᠰᠡᠨ‌ᠡᠬᠢᠨ ᠤ ᠬᠤᠭᠤᠴᠠᠭᠠᠨ ᠳᠤ᠂ ᠪᠦᠬᠦᠯᠢ ᠡᠳᠦᠷ ᠤᠨ ᠳᠦᠷᠢᠮᠲᠦ ᠡᠩ ᠤᠨ ᠵᠢᠩᠬᠢᠨᠢ ᠠᠩᠭᠢ ᠪᠠ ᠲᠤᠰᠬᠠᠶ ᠮᠡᠷᠭᠡᠵᠢᠯ ‍ᠤᠨ‌ᠠᠩᠭᠢ ᠶᠢᠨ ᠤᠶᠤᠳᠠᠨ᠂ ᠠᠰᠫᠢᠷᠠᠨᠲ ᠤᠨ ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ ᠨᠢ ᠬᠥᠮᠦᠨ ᠪᠦᠷᠢ ᠵᠢᠯ ᠳᠤ 6000ᠲᠥᠭᠦᠷᠢᠭ ᠪᠠᠶᠢᠪᠠ︔ 2014 ᠣᠨ ᠳᠤ ᠵᠢᠭᠡᠯᠡᠯᠭᠡ ᠦᠭᠭᠦ ᠬᠠᠮᠤᠭ ᠤᠨ ᠦᠨᠳᠦᠷ ᠲᠤᠭ᠎ᠠ ᠶᠢ ᠵᠢᠩᠬᠢᠨᠢ ᠠᠩᠭᠢ ᠪᠠ ᠲᠤᠰᠬᠠᠶ‌ᠮᠡᠷᠭᠡᠵᠢᠯ ᠤᠨ ᠠᠩᠭᠢ ᠶᠢᠨ ᠰᠣᠷᠣᠭᠴᠢ ᠨᠢᠭᠡ ᠪᠦᠷᠢ ᠳᠤ ᠵᠢᠯ ᠪᠦᠷᠢ 8000 ᠲᠥᠭᠦᠷᠢᠭ᠂ ᠠᠰᠫᠢᠷᠠᠨᠲ ᠨᠢᠭᠡ ᠪᠦᠷᠢ ᠳᠤ  ᠵᠢᠯ‌‍ᠪᠦ᠋ᠷᠢ 1.2 ᠲᠦᠮᠡᠨ ᠲᠥᠭᠦᠷᠢᠭ ᠪᠤᠯᠭᠠᠨ ᠲᠡᠭᠡᠭᠰᠢᠯᠡᠭᠦᠯᠪᠡ︔ 2021 ᠣᠨ ᠳᠤ ᠵᠢᠭᠡᠯᠡᠯᠭᠡ ᠦᠭᠭᠦ ᠬᠠᠮᠤᠭ ᠤᠨ ᠦᠨᠳᠦᠷ ᠲᠤᠭ᠎ᠠ ᠶᠢ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠤᠶᠤᠳᠠᠨ ᠨᠢᠭᠡ ᠪᠦᠷᠢ ᠳᠤ ᠵᠢᠯ ᠪᠦᠷᠢ 1.2  ᠲᠦᠮᠡᠨ‌‍ᠲ᠋ᠥ᠋ᠭᠦᠷᠢᠭ᠂ ᠠᠰᠫᠢᠷᠠᠨᠲ ᠨᠢᠭᠡ ᠪᠦᠷᠢ ᠳᠤ ᠵᠢᠯ ᠪᠦᠷᠢ 1.6 ᠲᠦᠮᠡᠨ ᠲᠥᠭᠦᠷᠢᠭ ᠪᠤᠯᠭᠠᠨ ᠲᠡᠭᠡᠭᠰᠢᠯᠡᠭᠦᠯᠪᠡ᠃                ᠵᠢᠭᠡᠯᠡᠯᠭᠡ ᠶᠢᠨ ᠬᠤᠭᠤᠴᠠᠭ᠎ᠠ  ᠶᠢ ᠲᠠᠰᠤᠷᠠᠯᠲᠠ ᠦᠭᠡᠢ ᠤᠷᠲᠤᠳᠬᠠᠪᠠ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠡᠬᠢᠨ ᠤ ᠬᠤᠭᠤᠴᠠᠭᠠᠨ ᠳᠤ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠵᠢᠨ‌ᠬᠤᠭᠤᠴᠠᠭ᠎ᠠ ᠨᠢ ᠲᠡᠭᠦᠰᠦᠭᠰᠡᠨ ᠤ ᠳᠠᠷᠠᠭᠠᠬᠢ 6 ᠵᠢᠯ ᠳᠤ ᠵᠢᠭᠡᠯᠡᠯᠭᠡ ᠶᠢᠨ ᠡᠬᠡ ᠬᠦᠦ ᠶᠢ ᠪᠤᠴᠠᠭᠠᠵᠤ ᠳᠠᠭᠤᠰᠬᠠᠬᠤ ᠬᠡᠷᠡᠭᠲᠡᠶ ᠪᠠᠶᠢᠪᠠ᠂ ᠲᠤᠬᠠᠶᠢᠯᠠᠪᠠᠯ ᠰᠤᠷᠤᠯᠭ᠎ᠠ ᠶᠢᠨ ᠳᠦᠷᠢᠮ ᠤᠨ ᠲᠡᠭᠡᠷ᠎ᠡ 6 ᠵᠢᠯ ᠨᠡᠮᠡᠵᠦ᠂ ᠬᠠᠮᠤᠭ ᠤᠨ ᠤᠷᠲᠤ ᠳᠠᠭᠠᠨ 10 ᠵᠢᠯ ᠠᠴᠠ ᠬᠡᠲᠦᠷᠡᠭᠦᠯᠵᠦ  ᠪᠣᠯᠬᠤ ᠦᠭᠡᠶ  ᠪᠠᠶᠢᠪᠠ᠃  2020 ᠣᠨ  ᠳᠤ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠵᠢᠨ‌ᠬᠤᠭᠤᠴᠠᠭ᠎ᠠ ᠶᠢ ᠤᠷᠲᠤᠳᠬᠠᠭᠠᠳ ᠰᠤᠷᠤᠯᠭ᠎ᠠ ᠶᠢᠨ  ᠲᠦᠷᠢᠮ  ᠤᠨ  ᠲᠡᠭᠡᠷ᠎ᠡ  5  ᠵᠢᠯ  ᠨᠡᠮᠡᠭᠦ  ᠪᠣᠯᠭᠠᠵᠤ᠂  ᠬᠠᠮᠤᠭ ‍ᠤᠨ‌ᠣᠷᠳᠣ ᠳᠠᠭᠠᠨ 22 ᠵᠢᠯ ᠠᠴᠠ ᠬᠡᠳᠦᠷᠡᠭᠦᠯᠵᠦ ᠪᠤᠯᠬᠤ ᠦᠭᠡᠢ ᠪᠤᠯᠭᠠᠪᠠ᠃                ᠵᠢᠭᠡᠯᠡᠯᠭᠡ ᠶᠢᠨ ᠬᠡᠪᠴᠢᠶ᠎ᠡ ᠲᠠᠰᠤᠷᠠᠯᠲᠠ ᠦᠭᠡᠢ ᠥᠷᠭᠡᠵᠢᠪᠡ᠃  2017   ᠣᠨ ᠳᠤ᠂ ᠰᠤᠷᠤᠯᠭ᠎ᠠ ᠵᠢᠨ‌‍ᠲ᠋ᠡᠳᠬᠦᠮᠵᠢ ᠶᠢᠨ ᠵᠢᠭᠡᠯᠡᠯᠭᠡ ᠳᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠨᠠᠮ ᠤᠨ ᠰᠤᠷᠭᠠᠭᠤᠯᠢ᠂ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ᠂ ᠨᠢᠭᠲᠠᠯᠠᠨ ᠪᠤᠳᠤᠬᠤ ᠳᠡᠭᠡᠳᠦ ᠰᠤᠷᠭᠠᠭᠤᠯᠢ ᠵᠡᠷᠭᠡ ᠬᠥᠮᠦᠵᠢᠭᠦᠯᠬᠦ ᠨᠢᠭᠡᠴᠡ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠪᠦᠬᠦᠯᠢ ᠡᠳᠦᠷ ᠤᠨ ᠳᠦᠷᠢᠮᠲᠦ ᠡᠩ ᠤᠨ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠤᠶᠤᠳᠠᠨ᠂ ᠠᠰᠫᠢᠷᠠᠨᠲ᠂  ᠪᠡᠯᠡᠳᠬᠡᠯ  ᠠᠩᠭᠢ ᠶᠢᠨ  ᠤᠶᠤᠳᠠᠨ  ᠢ  ᠪᠦᠬᠦᠨ ᠢ‌ᠬᠠᠮᠤᠷᠬᠤ ᠶᠢ ᠪᠡᠶᠡᠯᠡᠭᠦᠯᠪᠡ᠃               ᠵᠢᠭᠡᠯᠡᠯᠭᠡ ᠶᠢᠨ ᠭᠠᠷᠳᠠᠮ ᠬᠦᠢᠴᠡᠳᠭᠡᠭᠦ ᠳᠤ ᠨᠠᠩ ᠳᠥᠭᠦᠮ ᠪᠣᠯᠪᠠ᠃  ᠡᠯ᠎ᠡ ᠱᠠᠲᠤᠨ ᠤ ᠰᠤᠷᠭᠠᠨ ᠬᠥᠮᠦᠵᠢᠯ ‍ᠤᠨ‌‍ᠰᠠᠯᠠᠭ᠎ᠠ ᠮᠥᠴᠢᠷ ᠤᠨ ᠬᠢᠨ ᠥᠨᠳᠥᠷ  ᠵᠡᠷᠭᠡ ᠶᠢᠨ  ᠳᠤᠮᠳᠠᠳᠤ  ᠰᠤᠷᠭᠠᠭᠤᠯᠢ ᠳᠤ ᠤᠷᠢᠳᠴᠢᠯᠠᠨ  ᠭᠤᠶᠤᠴᠢᠯᠠᠬᠤ᠂ ︽ᠨᠢᠭᠡ ᠥᠷᠲᠡᠭᠡ ᠮᠠᠶ᠋ᠢᠭ︾ ᠢᠶᠠᠷ ᠭᠦᠢᠴᠡᠳᠭᠡᠭᠦ᠂ ᠰᠦᠯᠵᠢᠶᠡᠨ ᠳᠡᠭᠡᠷ᠎ᠡ ᠭᠦᠢᠴᠡᠳᠭᠡᠭᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂  ᠬᠡᠷ‌‍ᠪᠦ᠋ᠯᠢ ᠶᠢᠨ ᠠᠵᠤ ᠠᠬᠤᠶ ᠨᠢ ᠬᠦᠴᠢᠷᠳᠡᠯᠲᠡᠶ  ᠤᠶᠤᠳᠠᠳ ᠤᠨ  ᠰᠤᠷᠤᠯᠭ᠎ᠠ ᠶᠢᠨ  ᠲᠡᠳᠬᠦᠮᠵᠢ ᠶᠢᠨ  ᠵᠢᠭᠡᠯᠡᠯᠭᠡ  ᠶᠢᠨ  ᠭᠠᠷᠳᠠᠮ‌‍ᠬᠦ᠋ᠢᠴᠡᠳᠭᠡᠭᠦ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠪᠡ᠃               ︽ᠪᠢᠳᠡ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠲᠠᠰᠤᠷᠠᠯᠲᠠ‌ᠥᠬᠡᠶ ᠲᠡᠭᠦᠯᠳᠡᠷᠵᠢᠭᠦᠯᠵᠦ᠂ ᠬᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠶ ᠤᠶᠤᠳᠠᠳ  ᠤᠨ ᠰᠠᠨᠠᠭ᠎ᠠ ᠠᠮᠤᠷ ᠰᠤᠷᠤᠯᠴᠠᠵᠤ ᠦᠰᠦᠨ ᠪᠤᠶᠢᠵᠢᠵᠤ ᠴᠢᠳᠠᠪᠤᠷᠢᠲᠠᠨ ᠪᠤᠯᠬᠤ ᠳᠤ ᠬᠠᠪᠰᠤᠷᠤᠯᠭ᠎ᠠ ᠦᠵᠡᠭᠦᠯᠦᠨ᠎ᠡ︾ ᠭᠡᠵᠦ ᠰᠤᠷᠭᠠᠨ ᠬᠥᠮᠦᠵᠢᠯ ᠤᠨ ᠶᠠᠮᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠬᠡᠯᠡᠪᠡ᠃
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号