︽ᠳ᠋ᠠ ᠹᠠ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠶᠢᠨ ᠠᠵᠢᠯ ᠤᠨ ᠬᠥᠳᠡᠯᠦᠯ ᠪᠠᠶᠢᠳᠠᠯ︾ ᠳ᠋ᠠ ᠹᠠ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠶᠢᠨ ᠬᠢᠨ ᠵᠡᠮᠳᠡᠭᠴᠦᠳ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠥᠳᠡᠯᠦᠩᠭᠦᠢ ᠪᠠᠷ ᠰᠢᠨᠡᠳᠬᠡᠬᠦ  ᠠᠵᠢᠯ ᠢ ᠠᠬᠢᠭᠤᠯᠪᠠ
ᠨᠡᠶᠢᠲᠡᠯᠡᠭᠰᠡᠨ ᠴᠠᠭ᠄
2023/8/14
  2023 ᠣᠨ ᠤ ᠵᠡᠮᠳᠡᠭᠴᠦᠳ ᠤᠨ ᠦᠨᠳᠦᠰᠦᠨ ᠦᠢᠯᠡᠴᠢᠯᠡᠭᠡᠨ ᠤ ᠪᠠᠶᠢᠳᠠᠯ ᠪᠣᠯᠣᠨ ᠬᠡᠷᠡᠭᠴᠡᠭᠡ ᠱᠠᠭᠠᠷᠳᠠᠯᠭ᠎ᠠ ᠶᠢᠨ ᠲᠤᠭ᠎ᠠ ᠪᠠᠷᠢᠮᠲᠠ ᠶᠢᠨ ᠬᠥᠳᠡᠯᠦᠩᠭᠦᠢ ᠰᠢᠨᠡᠴᠢᠯᠡᠯᠲᠡ ᠶᠢ ᠰᠠᠶᠢᠲᠤᠷ ᠬᠢᠵᠦ᠂ ᠰᠢᠰᠲ᠋ᠥᠮ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ᠂ ᠴᠠᠭ ᠲᠤᠬᠠᠶᠢᠴᠢ ᠴᠢᠨᠠᠷ᠂ ᠪᠦᠷᠢᠨ ᠪᠦᠲᠦᠨ ᠴᠢᠨᠠᠷ ᠢ ᠪᠠᠲᠤᠯᠠᠵᠤ᠂ ᠵᠡᠮᠳᠡᠭᠴᠦᠳ ᠤᠨ ᠦᠨᠡᠨ ᠪᠣᠳᠠᠲᠠᠢ ᠬᠡᠷᠡᠭᠴᠡᠭᠡ ᠪᠣᠯᠣᠨ ᠬᠦᠴᠢᠷᠳᠡᠯ ᠢ ᠨᠡᠩ ᠰᠠᠶᠢᠲᠤᠷ ᠣᠶᠢᠯᠠᠭᠠᠵᠤ᠂ ᠬᠠᠷᠢᠶ᠎ᠠ ᠣᠷᠣᠨ ᠤ ᠵᠡᠮᠳᠡᠭᠴᠦᠳ ᠤᠨ ᠦᠨᠳᠦᠰᠦᠨ ᠪᠠᠶᠢᠳᠠᠯ ᠢ ᠴᠢᠨᠠᠭᠰᠢᠳᠠ ᠡᠵᠡᠮᠰᠢᠬᠦ ᠶᠢᠨ ᠲᠥᠯᠥᠭᠡ᠂ ᠳ᠋ᠠ ᠹᠠ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠶᠢᠨ ᠬᠢᠨ ᠣᠶᠢᠷ᠎ᠠ ᠶᠢᠨ ᠡᠳᠦᠷ ᠬᠠᠷᠢᠶ᠎ᠠ ᠣᠷᠣᠨ ᠤ ᠦᠨᠡᠮᠯᠡᠯ ᠲᠠᠢ ᠵᠡᠮᠳᠡᠭᠴᠦᠳ ᠲᠤ ᠬᠥᠳᠡᠯᠦᠩᠭᠦᠢ ᠰᠢᠨᠡᠴᠢᠯᠡᠯᠲᠡ ᠶᠢᠨ ᠪᠠᠶᠢᠴᠠᠭᠠᠯᠲᠠ ᠶᠢᠨ ᠠᠵᠢᠯ ᠥᠷᠨᠢᠭᠦᠯᠵᠡᠢ᠃      ᠣᠳᠣᠬᠠᠨ ᠳᠤ᠂ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠶᠢᠨ ᠬᠢᠨ ᠨᠢᠭᠡᠨᠲᠡ ᠬᠠᠷᠢᠶ᠎ᠠ ᠲᠣᠭᠤᠷᠢᠭ ᠤᠨ ᠢᠶᠠᠨ 185 ᠵᠡᠮᠳᠡᠭᠴᠦᠳ ᠲᠤ ᠲᠤᠭ᠎ᠠ ᠪᠠᠷᠢᠮᠲᠠ ᠴᠤᠭᠯᠠᠭᠤᠯᠵᠤ ᠥᠭᠴᠡᠢ᠃ᠠᠵᠢᠯᠲᠠᠳ ᠴᠣᠩᠬᠤᠪᠴᠢ ᠪᠠᠷ ᠦᠢᠯᠡᠴᠢᠯᠡᠬᠦ᠂ ᠡᠷᠦᠬᠡ ᠳᠤ ᠬᠦᠷᠴᠦ ᠳᠠᠩᠰᠠᠯᠠᠭᠤᠯᠬᠤ᠂ ᠳ᠋ᠢᠶᠠᠩᠬᠤᠸᠠ ᠪᠠᠷ ᠪᠠᠶᠢᠴᠠᠭᠠᠬᠤ᠂ ᠸᠢᠴᠠᠲ ᠢᠶᠠᠷ ᠬᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠲᠥᠷᠥᠯ ᠤᠨ ᠵᠡᠮᠳᠡᠭᠴᠦᠳ ᠤᠨ ᠠᠵᠤ ᠠᠬᠤᠢ ᠬᠢᠭᠡᠳ ᠣᠷᠣᠨ ᠰᠠᠭᠤᠴᠠ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠠᠵᠢᠯ ᠣᠯᠭᠤᠯᠲᠠ ᠬᠢᠭᠡᠳ ᠶᠠᠳᠠᠭᠤ ᠶᠢ ᠲᠡᠳᠬᠦᠬᠦ᠂ ᠨᠡᠶᠢᠭᠡᠮ ᠤᠨ ᠪᠠᠲᠤᠯᠠᠭ᠎ᠠ᠂ ᠦᠨᠳᠦᠰᠦᠨ ᠡᠮᠴᠢᠯᠡᠭᠡ ᠬᠢᠭᠡᠳ ᠡᠷᠡᠭᠦᠯᠵᠢᠯ᠂ ᠰᠠᠭᠠᠳ ᠦᠭᠡᠢ ᠥᠭᠡᠷᠡᠴᠢᠯᠡᠯᠲᠡ᠂ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠵᠡᠷᠭᠡ ᠲᠠᠯ᠎ᠠ ᠶᠢᠨ ᠦᠨᠳᠦᠰᠦᠨ ᠪᠠᠶᠢᠳᠠᠯ ᠬᠢᠭᠡᠳ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠬᠤ ᠬᠡᠷᠡᠭᠲᠡᠢ᠃ᠡᠷᠦᠬᠡ ᠳᠤ ᠬᠦᠷᠴᠦ ᠪᠠᠶᠢᠴᠠᠭᠠᠯᠲᠠ ᠬᠢᠬᠦ ᠳᠤᠮᠳᠠ᠂ ᠠᠵᠢᠯᠲᠠᠳ ᠵᠡᠮᠳᠡᠭᠴᠦᠳ ᠤᠨ ᠠᠵᠢᠯ ᠣᠯᠭᠤᠯᠲᠠ᠂ ᠠᠮᠢᠳᠤᠷᠠᠯ ᠵᠡᠷᠭᠡ ᠶᠢᠨ ᠬᠡᠷᠡᠭᠴᠡᠭᠡ ᠱᠠᠭᠠᠷᠳᠠᠯᠭ᠎ᠠ ᠶᠢ ᠭᠤᠣᠯᠳᠠᠯᠭ᠎ᠠ ᠲᠠᠢ ᠣᠶᠢᠯᠠᠭᠠᠵᠤ᠂ ᠬᠤᠶᠢᠰᠢᠳᠠ ᠶᠢᠨ ᠵᠡᠮᠳᠡᠭᠴᠦᠳ ᠤᠨ ᠠᠵᠢᠯ ᠣᠯᠭᠤᠯᠲᠠ ᠶᠢᠨ ᠦᠢᠯᠡᠴᠢᠯᠡᠭᠡ ᠳᠤ ᠮᠡᠳᠡᠭᠡ ᠵᠠᠩᠭᠢ ᠶᠢᠨ ᠰᠠᠭᠤᠷᠢ ᠶᠢ ᠨᠠᠩ ᠰᠠᠶᠢᠲᠤᠷ ᠬᠠᠩᠭᠠᠬᠤ ᠬᠡᠷᠡᠭᠲᠡᠢ᠃      ᠲᠣᠰ ᠤᠳᠠᠭᠠᠨ ᠤ ᠵᠡᠮᠳᠡᠭᠴᠦᠳ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠵᠢ‌ᠡᠭᠦᠨ ᠤ ᠬᠠᠮᠲᠤ ᠬᠥᠳᠡᠯᠦᠩᠭᠦᠢ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠰᠢᠨᠡᠳᠬᠡᠵᠦ᠂ ᠵᠡᠮᠳᠡᠭᠴᠦᠳ ᠤᠨ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ ᠳᠤᠲᠠᠭᠤᠳᠠᠯ ᠢ ᠨᠥᠬᠦᠪᠦᠷᠢᠯᠡᠵᠦ ᠦᠨᠳᠦᠰᠦᠨ ᠵᠦᠢᠯ ᠢ ᠪᠠᠲᠤᠯᠠᠬᠤ ᠠᠷᠭ᠎ᠠ ᠬᠡᠮᠵᠢᠶ᠎ᠡ ᠶᠢ ᠲᠣᠭᠲᠠᠭᠠᠬᠤ ᠳᠤ ᠲᠤᠰᠬᠠᠢ ᠠᠵᠢᠯ ᠤᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃
C:\Users\Administrator\Desktop\1690783519556021805 (1).png
           ᠳᠠᠷᠠᠭᠠᠴᠢ ᠶᠢᠨ ᠠᠯᠬᠤᠮ ᠳᠤ᠂ ᠳ᠋ᠠ ᠹᠠ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠶᠢᠨ ᠬᠢᠨ ᠵᠡᠮᠳᠡᠭᠴᠦᠳ ᠤᠨ ᠦᠨᠳᠦᠰᠦᠨ ᠦᠢᠯᠡᠴᠢᠯᠡᠭᠡ ᠪᠣᠯᠣᠨ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠬᠥᠳᠡᠯᠦᠩᠭᠦᠢ ᠪᠠᠷ ᠰᠢᠨᠡᠳᠬᠡᠬᠦ ᠮᠡᠳᠡᠭᠡ ᠵᠠᠩᠭᠢ ᠶᠢ ᠣᠷᠣᠭᠤᠯᠬᠤ ᠪᠠ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ ᠵᠢᠴᠢ ᠳ᠋ᠦᠩᠨᠡᠬᠦ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠥᠳᠡᠯᠦᠩᠭᠦᠢ ᠪᠠᠷ ᠰᠢᠨᠡᠳᠬᠡᠬᠦ ᠤᠷᠳᠤ ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠨᠢᠨ ᠳᠡᠭᠡᠷ᠎ᠡ ᠨᠢ ᠦᠢᠯᠡᠴᠢᠯᠡᠬᠦ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠦᠨ᠎ᠡ᠃
 
ᠢᠷᠡᠯᠲᠡ᠄ ᠳ᠋ᠡ ᠹᠡ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号