ᠰᠢᠭᠤᠶᠢᠲᠤ ᠲᠣᠭᠤᠷᠢᠭ ᠤᠨ ᠵᠢᠪᠬᠤᠯᠠᠩᠲᠤ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠡᠯᠡᠬᠡᠢ ᠶᠢᠨ ᠡᠯᠢᠭᠡᠨ ᠦᠷᠪᠢᠰᠦᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/18
       2023 ᠣᠨ ᠤ 7 ᠰᠠᠷ᠎ᠠ ᠶᠢᠨ 28 ᠤ ᠡᠳᠦᠷ ᠪᠣᠯ 13 ᠳ᠋ᠤᠭᠠᠷ ︽ᠳᠡᠯᠡᠬᠡᠢ ᠶᠢᠨ ᠡᠯᠢᠭᠡᠨ ᠦᠷᠪᠢᠰᠦᠯ ᠤᠨ ᠡᠳᠦᠷ︾ ᠪᠣᠯᠣᠨ᠎ᠠ᠂ ᠡᠨᠡ ᠵᠢᠯ ᠤᠨ ᠮᠠᠨ ᠤ ᠤᠯᠤᠰ ᠤᠨ ᠤᠬᠠᠭᠤᠯᠭ᠎ᠠ ᠶᠢᠨ ᠭᠤᠣᠯ ᠰᠡᠳᠦᠪ ᠪᠣᠯ ︽ᠡᠷᠲᠡ ᠠᠴᠠ ᠤᠷᠢᠳᠴᠢᠯᠠᠨ ᠰᠡᠷᠭᠡᠶᠢᠯᠡᠬᠦ ᠶᠢ ᠪᠠᠷᠢᠮᠲᠠᠯᠠᠵᠤ᠂ ᠪᠠᠶᠢᠴᠠᠭᠠᠨ ᠰᠢᠯᠭᠠᠵᠤ ᠢᠯᠡᠷᠡᠭᠦᠯᠬᠦ ᠶᠢ ᠴᠢᠩᠭᠠᠳᠬᠠᠨ ᠂ ᠸᠢᠷᠦ᠋ᠰ ᠢ ᠡᠰᠡᠷᠭᠦᠴᠡᠬᠦ ᠡᠮᠴᠢᠯᠡᠭᠡ ᠶᠢ ᠵᠢᠷᠤᠮᠵᠢᠭᠤᠯᠤᠨ᠎ᠠ︾᠃ᠡᠯᠢᠭᠡᠨ ᠤ ᠦᠷᠪᠢᠰᠦᠯ ᠢ ᠥᠭᠡᠬᠦᠯᠡᠭᠰᠡᠨ ᠡᠯᠢᠭᠡᠨ ᠤ ᠦᠷᠪᠢᠰᠦᠯ᠂ ᠰᠫᠢᠷᠲ ᠤᠨ ᠴᠢᠨᠠᠷᠲᠠᠢ ᠡᠯᠢᠭᠡᠨ ᠤ ᠦᠷᠪᠢᠰᠦᠯ ᠪᠠ ᠸᠢᠷᠦ᠋ᠰ ᠤᠨ ᠴᠢᠨᠠᠷᠲᠠᠢ ᠡᠯᠢᠭᠡᠨ ᠤ ᠦᠷᠪᠢᠰᠦᠯ ᠭᠡᠵᠦ ᠬᠤᠪᠢᠶᠠᠳᠠᠭ᠂ ᠶᠡᠷᠦ ᠳᠡᠭᠡᠨ ᠮᠠᠨ ᠤ ᠠᠮᠢᠳᠤᠷᠠᠯ ᠳᠤ ᠬᠡᠯᠡᠳᠡᠭ ᠡᠯᠢᠭᠡᠨ ᠤ ᠦᠷᠪᠢᠰᠦᠯ ᠤᠨ ᠣᠯᠠᠩᠬᠢ ᠨᠢ ᠬᠥᠬᠡ᠂ ᠬᠥᠬᠡᠭᠴᠢᠨ᠂ ᠤᠯᠠᠭᠠᠭᠴᠢᠨ᠂ ᠰᠢᠷ᠎ᠠ ᠲᠠᠪᠤᠨ ᠵᠦᠢᠯ ᠤᠨ ᠬᠡᠯᠪᠡᠷᠢ ᠶᠢᠨ ᠡᠯᠢᠭᠡᠨ ᠤ ᠦᠷᠪᠢᠰᠦᠯ ᠤᠨ ᠸᠢᠷᠦ᠋ᠰ ᠠᠴᠠ ᠡᠭᠦᠰᠦᠭᠰᠡᠨ ᠸᠢᠷᠦ᠋ᠰ ᠤᠨ ᠴᠢᠨᠠᠷᠲᠠᠢ ᠡᠯᠢᠭᠡᠨ ᠤ ᠦᠷᠪᠢᠰᠦᠯ ᠢ ᠵᠢᠭᠠᠵᠤ ᠪᠠᠶᠢᠨ᠎ᠠ᠃ᠡᠭᠦᠨ ᠳᠤ ᠡᠯᠢᠭᠡᠨ ᠤB ᠦᠷᠪᠢᠰᠦᠯ︵ᠳᠣᠷᠣᠭᠰᠢ ᠡᠯᠢᠭᠡᠨ ᠤB ᠦᠷᠪᠢᠰᠦᠯ ᠭᠡᠵᠦ ᠲᠣᠪᠴᠢᠯᠠᠨ᠎ᠠ︶ ᠤᠨ ᠬᠠᠯᠳᠠᠪᠤᠷᠢᠯᠠᠬᠤ ᠨᠣᠷᠮ᠎ᠠ ᠥᠨᠳᠥᠷ᠂ ᠡᠪᠡᠳᠴᠢᠨ ᠤ ᠶᠠᠪᠤᠴᠠ ᠨᠢ ᠤᠷᠲᠤ ᠪᠥᠭᠡᠳ ᠡᠳᠡᠭᠡᠷᠡᠬᠦ ᠳᠤ ᠬᠦᠴᠢᠷᠲᠡᠢ ᠠᠴᠠ ᠪᠣᠯᠵᠤ᠂ ᠮᠠᠨ ᠤ ᠤᠯᠤᠰ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢ ᠨᠥᠯᠥᠭᠡᠯᠡᠬᠦ ᠭᠤᠣᠯᠳᠠᠯᠭ᠎ᠠ ᠲᠠᠢ ᠡᠪᠡᠳᠴᠢᠨ ᠪᠣᠯᠵᠤ᠂ ᠮᠠᠨ ᠤ ᠤᠯᠤᠰ ᠲᠡᠭᠦᠨ ᠢ ᠬᠠᠤᠯᠢ ᠪᠠᠷ ᠲᠣᠭᠲᠠᠭᠠᠭᠰᠠᠨ B ᠲᠥᠷᠥᠯ ᠤᠨ ᠬᠠᠯᠳᠠᠪᠤᠷᠢᠲᠤ ᠡᠪᠡᠳᠴᠢᠨ ᠳᠤ ᠵᠢᠭᠰᠠᠭᠠᠨ ᠭᠤᠣᠯᠳᠠᠯᠭ᠎ᠠ ᠲᠠᠢ ᠪᠠᠷ ᠰᠡᠷᠭᠡᠶᠢᠯᠡᠨ ᠡᠵᠡᠮᠳᠡᠵᠦ ᠪᠠᠶᠢᠨ᠎ᠠ᠃ᠡᠯᠢᠭᠡᠨ ᠤB ᠦᠷᠪᠢᠰᠦᠯ ᠪᠣᠯ ᠡᠯᠢᠭᠡᠨ ᠤB ᠦᠷᠪᠢᠰᠦᠯ ᠤᠨ ᠸᠢᠷᠦ᠋ᠰ ᠤᠨ ᠬᠠᠯᠳᠠᠪᠤᠷᠢᠯᠠᠯ ᠠᠴᠠ ᠡᠭᠦᠰᠦᠭᠰᠡᠨ ᠲᠦᠷᠭᠡᠨ ᠴᠢᠨᠠᠷᠲᠠᠢ ᠪᠤᠶᠤ ᠤᠳᠠᠭᠠᠨ ᠴᠢᠨᠠᠷᠲᠠᠢ ᠡᠯᠢᠭᠡᠨ ᠤ ᠦᠷᠪᠢᠰᠦᠯ ᠤᠨ ᠭᠡᠮᠲᠦᠯ ᠢᠶᠠᠷ ᠭᠤᠣᠯ ᠡᠮᠴᠢᠯᠡᠭᠡᠨ ᠤ ᠢᠯᠡᠷᠡᠯ ᠪᠣᠯᠭᠠᠭᠰᠠᠨ ᠬᠠᠯᠳᠠᠪᠤᠷᠢᠲᠤ ᠴᠢᠨᠠᠷᠲᠠᠢ ᠡᠪᠡᠳᠴᠢᠨ ᠮᠥᠨ᠂ ᠡᠯᠢᠭᠡᠨ ᠤ ᠦᠷᠪᠢᠰᠦᠯ ᠤᠨ ᠭᠡᠮᠲᠦᠯ ᠦᠷᠭᠦᠯᠵᠢᠯᠡᠨ ᠣᠷᠣᠰᠢᠬᠤ ᠪᠤᠶᠤ ᠳᠠᠬᠢᠨ ᠳᠠᠪᠲᠠᠨ ᠢᠯᠡᠷᠡᠵᠦ᠂ ᠡᠯᠢᠭᠡᠨ ᠤ ᠬᠠᠲᠠᠭᠤᠷᠠᠯ ᠪᠤᠶᠤ ᠡᠯᠢᠭᠡᠨ ᠤ ᠥᠮᠡᠨ ᠪᠣᠯᠵᠤ ᠠᠮᠠᠷᠬᠠᠨ ᠬᠥᠭᠵᠢᠳᠡᠭ᠃ᠡᠯᠢᠭᠡᠨ ᠤB ᠦᠷᠪᠢᠰᠦᠯ ᠤᠨ ᠬᠤᠣᠷ ᠬᠥᠨᠥᠭᠡᠯ ᠢ ᠠᠷᠢᠯᠭᠠᠬᠤ ᠪᠣᠯ ᠣᠳᠣᠬᠠᠨ ᠤ ᠮᠠᠨ ᠤ ᠤᠯᠤᠰ ᠤᠨ ᠡᠯᠢᠭᠡᠨ ᠤB ᠦᠷᠪᠢᠰᠦᠯ ᠢ‌‍ᠬᠥ᠋ᠮᠥᠨ ᠪᠦᠬᠦᠨ ᠴᠥᠮ ᠥᠪᠡᠷ ᠤᠨ ᠡᠷᠡᠭᠦᠯ ᠮᠡᠨᠳᠦ ᠶᠢᠨ ᠢᠶᠠᠨ ᠨᠢᠭᠡᠳᠦᠭᠡᠷ ᠬᠠᠷᠢᠭᠤᠴᠠᠯᠭᠠᠲᠠᠨ ᠳᠤ ᠲᠣᠭᠠᠴᠠᠭᠳᠠᠨ᠎ᠠ᠃
C:\Users\Administrator\Desktop\1690531011409023825.jpg       
       ᠰᠢᠭᠤᠶᠢᠲᠤ ᠲᠣᠭᠤᠷᠢᠭ ᠤᠨ ᠬᠢᠭᠤᠷᠤᠨᠳᠤ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠬᠢᠭᠤᠷᠤᠨᠳᠤ ᠰᠤᠮᠤ ᠶᠢᠨ ᠬᠠᠶᠢᠯᠠᠰᠤᠨ ᠮᠣᠳᠣᠨ ᠤ ᠵᠣᠯ ᠵᠢᠷᠭᠠᠯ ᠤᠨ ᠬᠦᠷᠢᠶᠡᠨ ᠳᠤ ᠳᠡᠯᠡᠬᠡᠢ ᠶᠢᠨ ᠡᠯᠢᠭᠡᠨ ᠦᠷᠪᠢᠰᠦᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠮᠠᠯᠴᠢᠨ ᠲᠠᠷᠢᠶᠠᠴᠢᠨ ᠳᠤ ᠤᠬᠠᠭᠤᠯᠭ᠎ᠠ ᠶᠢᠨ ᠮᠠᠲ᠋ᠧᠷᠢᠶᠠᠯ ᠂ ᠤᠬᠠᠭᠤᠯᠭ᠎ᠠ ᠶᠢᠨ ᠪᠡᠯᠡᠭ ᠵᠡᠷᠭᠡ ᠶᠢ ᠲᠦᠭᠡᠭᠡᠪᠡ᠃
 
ᠢᠷᠡᠯᠲᠡ᠄ ᠰᠢᠭᠤᠶᠢᠲᠤ ᠲᠣᠭᠤᠷᠢᠭ ᠤᠨ ᠵᠢᠪᠬᠤᠯᠠᠩᠲᠤ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号