ᠬᠢᠲᠠᠳ ︵ᠮᠣᠩᠭᠤᠯ︶ ᠡᠮ ᠡᠮᠨᠡᠯᠭᠡ ᠶᠢᠨ ᠰᠣᠶᠣᠯ ᠢ ᠪᠠᠳᠠᠷᠠᠭᠤᠯᠵᠤ᠂ ᠡᠷᠡᠭᠦᠯ ᠮᠡᠨᠳᠦ ᠠᠮᠢᠳᠤᠷᠠᠯ ᠢ ᠬᠠᠮᠲᠤᠪᠠᠷ ᠡᠳ᠋ᠯᠡᠶ᠎ᠡ
ᠨᠡᠶᠢᠲᠡᠯᠡᠭᠰᠡᠨ ᠴᠠᠭ᠄
2023/8/18
       ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠤᠨ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠤᠯᠠᠮᠵᠢᠯᠠᠨ᠂ ᠣᠯᠠᠨ ᠲᠦᠮᠡᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠶᠢᠨ ᠲᠥᠯᠥᠭᠡ᠂ ᠱᠢ ᠭᠤᠸᠠᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ 7 ᠰᠠᠷ᠎ᠠ ᠶᠢᠨ 26 ᠤ ᠡᠳᠦᠷ ᠭᠠᠩ ᠹᠠᠩ ᠳ᠋ᠢ ᠵᠣᠯ ᠵᠢᠷᠭᠠᠯ ᠤᠨ ᠶᠡᠭᠡ ᠬᠦᠷᠢᠶᠡᠨ ᠳᠤ ︽ᠬᠢᠲᠠᠳ ︵ᠮᠣᠩᠭᠤᠯ︶ ᠡᠮ ᠡᠮᠨᠡᠯᠭᠡ ᠶᠢᠨ ᠰᠣᠶᠣᠯ ᠢ ᠪᠠᠳᠠᠷᠠᠭᠤᠯᠵᠤ᠂ ᠡᠷᠡᠭᠦᠯ ᠮᠡᠨᠳᠦ ᠠᠮᠢᠳᠤᠷᠠᠯ ᠢ ᠬᠠᠮᠲᠤ ᠪᠠᠷ ᠡᠳ᠋ᠯᠡᠬᠦ︾ ᠬᠢᠲᠠᠳ ᠡᠮᠨᠡᠯᠭᠡ ᠶᠢᠨ ᠰᠣᠶᠣᠯ ᠤᠨ ᠦᠢᠯᠡᠴᠢᠯᠡᠭᠡᠨ ᠤ ᠰᠠᠷ᠎ᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠪᠡ᠃       ᠦ᠋ ᠳ᠋ᠠᠩ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠶᠠᠩ ᠵᠢᠶᠠᠨ ᠭᠦᠸᠧ ᠡᠮᠴᠢ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ ᠨᠠᠰᠤᠲᠠᠶᠢᠴᠤᠳ ᠲᠤ ᠬᠢᠲᠠᠳ ᠡᠮᠨᠡᠯᠭᠡ ᠶᠢᠨ ᠵᠦᠢ ᠵᠣᠬᠢᠰᠲᠠᠢ ᠢᠳᠡᠭᠡᠨ ᠤᠮᠳᠠᠭᠠᠨ ᠤ ᠲᠤᠬᠠᠢ ᠮᠡᠳᠡᠯᠭᠡ ᠶᠢ ᠲᠠᠶᠢᠯᠪᠤᠷᠢᠯᠠᠨ ᠥᠭᠴᠡᠢ᠃ ᠶᠠᠩ ᠡᠮᠴᠢ ᠵᠦᠢ ᠵᠣᠬᠢᠰᠲᠠᠢ ᠢᠳᠡᠭᠡᠨ ᠭᠡᠳᠡᠭ ᠨᠢ ᠡᠳᠦᠷ ᠤᠨ ᠭᠤᠷᠪᠠᠨ ᠴᠠᠭ ᠤᠨ ᠬᠤᠭᠤᠯᠠᠨ ᠤ ᠬᠠᠩᠭᠠᠭᠰᠠᠨ ᠰᠢᠮ᠎ᠡ ᠲᠡᠵᠢᠭᠡᠯ ᠨᠢ ᠡᠷᠬᠡᠪᠰᠢ ᠬᠥᠮᠥᠨ ᠤ ᠪᠡᠶ᠎ᠡ ᠶᠢᠨ ᠥᠰᠦᠯᠲᠡ ᠪᠤᠶᠢᠵᠢᠯᠲᠠ ᠪᠠ ᠡᠯ᠎ᠡ ᠵᠦᠢᠯ ᠤᠨ ᠪᠡᠶ᠎ᠡ ᠮᠠᠬᠠᠪᠤᠳ᠂ ᠪᠡᠶ᠎ᠡ ᠶᠢᠨ ᠬᠥᠳᠡᠯᠭᠡᠭᠡᠨ ᠤ ᠬᠡᠷᠡᠭᠴᠡᠭᠡ ᠶᠢ ᠬᠠᠩᠭᠠᠬᠤ ᠬᠡᠷᠡᠭᠲᠡᠢ ᠭᠡᠳᠡᠭ ᠢ ᠳᠤᠷᠠᠳᠤᠭᠰᠠᠨ ᠪᠠᠶᠢᠨ᠎ᠠ᠃ᠨᠠᠰᠤᠨ ᠳᠤ ᠬᠦᠷᠦᠭᠰᠡᠳ ᠤᠨ ᠡᠳᠦᠷ ᠪᠦᠷᠢ ᠶᠢᠨ ᠢᠳᠡᠭᠡᠨ ᠤ ᠵᠣᠷ ᠲᠤ ᠰᠦᠨ ᠤ ᠵᠦᠢᠯ᠂ ᠮᠢᠬᠠᠨ ᠤ ᠵᠦᠢᠯ᠂ ᠢᠳᠡᠰᠢᠨ ᠨᠣᠭᠤᠭ᠎ᠠ ᠵᠢᠮᠢᠰ ᠪᠠ ᠲᠠᠪᠤᠨ ᠲᠠᠷᠢᠶ᠎ᠠ ᠵᠡᠷᠭᠡ ᠳᠦᠷᠪᠡᠨ ᠶᠡᠭᠡ ᠲᠦᠷᠦᠯ ᠢ ᠪᠠᠭᠲᠠᠭᠠᠨ᠎ᠠ᠃ᠰᠦᠨ ᠤ ᠲᠥᠷᠥᠯ ᠳᠤ ᠺᠠᠯᠼ᠂ ᠤᠭᠤᠷᠠᠭ ᠵᠡᠷᠭᠡ ᠠᠭᠤᠯᠤᠭᠳᠠᠵᠤ᠂ ᠠᠷᠤᠭ ᠶᠠᠰᠤ ᠪᠠ ᠰᠢᠳᠦ ᠶᠢ ᠴᠢᠭᠢᠷᠠᠭᠵᠢᠭᠤᠯᠵᠤ᠂ ᠡᠳᠦᠷ ᠪᠦᠷᠢ ᠶᠢᠨ ᠤᠤᠭᠤᠬᠤ ᠤᠰᠤᠨ ᠤ ᠬᠡᠮᠵᠢᠶ᠎ᠡ ᠵᠡᠷᠭᠡ ᠶᠢ ᠰᠠᠶᠢᠵᠢᠷᠠᠭᠤᠯᠤᠨ᠎ᠠ᠃ᠮᠢᠬᠠᠨ ᠤ ᠵᠦᠢᠯ᠂ ᠭᠡᠷ ᠤᠨ ᠵᠢᠭᠦᠷᠲᠡᠨ᠂ ᠤᠰᠤᠨ ᠤ ᠭᠠᠷᠤᠯᠲᠠ ᠶᠢᠨ ᠵᠦᠢᠯ᠂ ᠥᠨᠳᠡᠭᠡᠨ ᠤ ᠵᠦᠢᠯ᠂ ᠪᠤᠷᠴᠠᠭ ᠵᠢᠴᠢ ᠪᠤᠷᠴᠠᠭ ᠤᠨ ᠵᠦᠢᠯ ᠵᠡᠷᠭᠡ ᠳᠤ ᠡᠯᠪᠡᠭ ᠪᠠᠶᠠᠯᠢᠭ ᠤᠭᠤᠷᠠᠭ ᠠᠭᠤᠯᠵᠤ᠂ ᠬᠥᠮᠥᠨ ᠤ ᠪᠡᠶ᠎ᠡ ᠶᠢᠨ ᠰᠢᠨ᠎ᠡ ᠬᠠᠭᠤᠴᠢᠨ ᠤ ᠰᠣᠯᠢᠯᠴᠠᠭ᠎ᠠ  ᠶᠢ ᠠᠬᠢᠭᠤᠯᠤᠨ᠂ ᠡᠰᠡᠷᠭᠦᠴᠡᠬᠦ ᠬᠦᠴᠦᠨ ᠢ ᠨᠡᠮᠡᠭᠳᠡᠭᠦᠯᠦᠨ᠎ᠡ᠃ᠢᠳᠡᠰᠢᠨ ᠨᠣᠭᠤᠭ᠎ᠠ᠂ ᠵᠢᠮᠢᠰ ᠤᠨ ᠲᠦᠷᠦᠯ ᠳᠤ ᠡᠯᠪᠡᠭ ᠪᠠᠶᠠᠯᠢᠭ ᠡᠷᠦᠳᠡᠰᠦ᠂ ᠸᠢᠲ᠋ᠠᠮᠢᠨ᠂ ᠰᠢᠷᠬᠡᠭᠯᠢᠭ ᠡᠳ᠋ ᠠᠭᠤᠯᠳᠠᠭ;ᠬᠥᠮᠥᠨ ᠤ ᠪᠡᠶ᠎ᠡ ᠶᠢᠨ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠦᠨ᠂ ᠬᠤᠳᠣᠭᠤᠳᠤ ᠭᠡᠳᠡᠰᠦ ᠶᠢ ᠰᠠᠭᠠᠳ ᠦᠭᠡᠢ ᠨᠡᠪᠲᠡᠷᠡᠭᠦᠯᠬᠦ ᠵᠡᠷᠭᠡ ᠪᠠᠶᠠᠯᠢᠭ ᠠᠭᠤᠯᠭ᠎ᠠ ᠲᠠᠢ᠃ᠶᠠᠩ ᠡᠮᠴᠢ ᠶᠢᠨ ᠶᠠᠷᠢᠬᠤ ᠶᠢ ᠰᠣᠨᠣᠰᠤᠭᠰᠠᠨ ᠤ ᠳᠠᠷᠠᠭ᠎ᠠ᠂ ᠰᠠᠭᠤᠭᠠᠯᠢ ᠠᠷᠠᠳ ᠬᠤᠭᠤᠯᠠ ᠤᠮᠳᠠ ᠪᠠᠨ ᠵᠣᠬᠢᠰᠲᠠᠢ ᠲᠣᠬᠢᠷᠠᠭᠤᠯᠬᠤ ᠲᠤᠬᠠᠢ ᠮᠡᠳᠡᠯᠭᠡ ᠶᠢ ᠣᠶᠢᠯᠠᠭᠠᠵᠤ ᠪᠠᠶᠢᠬᠤ ᠪᠠᠨ ᠢᠯᠡᠳᠬᠡᠵᠡᠭᠡᠪᠡ᠃ 
      C:\Users\Administrator\Desktop\1690424025528060985 (1).jpg
        ᠲᠣᠰ ᠤᠳᠠᠭ᠎ᠠ ᠶᠢᠨ ᠥᠷᠨᠢᠭᠦᠯᠦᠭᠰᠡᠨ ︽ᠬᠢᠲᠠᠳ ︵ᠮᠣᠩᠭᠤᠯ︶ ᠡᠮ ᠡᠮᠨᠡᠯᠭᠡ ᠶᠢᠨ ᠰᠣᠶᠣᠯ ᠢ ᠪᠠᠳᠠᠷᠠᠭᠤᠯᠵᠤ · ᠡᠷᠡᠭᠦᠯ ᠮᠡᠨᠳᠦ ᠠᠮᠢᠳᠤᠷᠠᠯ ᠢ ᠬᠠᠮᠲᠤ ᠪᠠᠷ ᠡᠳ᠋ᠯᠡᠬᠦ︾ ᠬᠢᠲᠠᠳ ᠡᠮ ᠡᠮᠨᠡᠯᠭᠡ ᠶᠢᠨ ᠰᠣᠶᠣᠯ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠪᠣᠯ ᠰᠠᠭᠤᠭᠠᠯᠢ ᠠᠷᠠᠳ ᠤᠨ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠡᠷᠡᠭᠦᠯ ᠮᠡᠨᠳᠦ ᠶᠢᠨ ᠠᠰᠠᠭᠤᠳᠠᠯ ᠠᠴᠠ ᠡᠭᠦᠰᠴᠦ᠂ ᠲᠡᠳᠡᠨ ᠳᠤ ᠬᠢᠲᠠᠳ ᠡᠮᠨᠡᠯᠭᠡ ᠶᠢᠨ ᠵᠦᠢ ᠵᠣᠬᠢᠰᠲᠠᠢ ᠢᠳᠡᠭᠡᠨ ᠤᠮᠳᠠᠭᠠᠨ ᠤ ᠬᠠᠮᠢᠶ᠎ᠠ ᠪᠦᠬᠦᠢ ᠮᠡᠳᠡᠯᠭᠡ ᠶᠢ ᠣᠶᠢᠯᠠᠭᠠᠭᠤᠯᠵᠤ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠣᠶᠢᠯᠠᠭᠠᠭᠤᠯᠬᠤ ᠳᠤ ᠦᠵᠡᠭᠦᠯᠦᠭᠰᠡᠨ ᠴᠢᠬᠤᠯᠠ ᠦᠢᠯᠡᠳᠦᠯ ᠪᠣᠯᠣᠨ᠎ᠠ᠃ᠲᠠᠷᠠᠭᠠᠴᠢ ᠶᠢᠨ ᠠᠯᠬᠤᠮ ᠳᠤ᠂ ᠱᠢ ᠭᠤᠸᠠᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠦᠷᠭᠦᠯᠵᠢᠯᠡᠨ ᠬᠢᠲᠠᠳ ᠡᠮ ᠡᠮᠨᠡᠯᠭᠡ ᠶᠢᠨ ᠰᠣᠶᠣᠯ ᠤᠨ ᠤᠬᠠᠭᠤᠯᠭ᠎ᠠ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠡᠬᠢᠯᠡᠯᠲᠡ ᠪᠣᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠯᠠᠪᠳᠠᠭᠤᠨ ᠪᠠᠲᠤᠲᠠᠢ ᠬᠢᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠢᠲᠠᠳ ᠡᠮ ᠡᠮᠨᠡᠯᠭᠡ ᠶᠢᠨ ᠲᠤᠬᠠᠢ ᠣᠶᠢᠯᠠᠭᠠᠯᠲᠠ᠂ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃   
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号