ᠠᠯᠪᠠᠨ ᠠᠴᠠ ᠡᠷᠬᠢᠯᠡᠭᠰᠡᠨ ᠴᠡᠴᠡᠷᠯᠢᠭ ᠢ ᠨᠡᠮᠡᠨ᠎ᠡ
ᠨᠡᠶᠢᠲᠡᠯᠡᠭᠰᠡᠨ ᠴᠠᠭ᠄
2023/8/31
        ᠣᠶᠢᠷ᠎ᠠ ᠳᠤ᠂ ᠨᠠᠮ ᠤᠨ ᠲᠦᠪ ᠬᠤᠷᠢᠶᠠᠨ ᠤ ᠠᠯᠪᠠᠨ ᠲᠢᠩᠭᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ‌‍ᠲ᠋ᠢᠩᠭᠢᠮ ︽ᠤᠯᠠᠨ ᠨᠡᠶᠢᠳᠡ ᠶᠢᠨ ᠰᠠᠭᠤᠷᠢ ᠰᠤᠷᠭᠠᠨ ᠬᠦᠮᠦᠵᠢᠯ ᠤᠨ ᠴᠢᠨᠠᠷᠯᠢᠭ ᠪᠦᠭᠡᠳ ᠲᠡᠩᠴᠡᠬᠦᠷᠢᠳᠡᠢ ᠦᠢᠯᠡᠴᠢᠯᠡᠬᠡᠨ ᠤ ᠰᠢᠰᠲ᠋ᠧᠮ ᠢ ᠪᠠᠶᠢᠭᠤᠯᠬᠤ ᠲᠤᠬᠠᠢ ᠰᠠᠨᠠᠯ︾ ᠢ ᠬᠡᠪᠯᠡᠭᠦᠯᠦᠨ ᠲᠠᠷᠬᠠᠭᠠᠪᠠ᠃ ᠰᠤᠷᠭᠠᠨ ᠬᠦᠮᠦᠵᠢᠯ ᠤᠨ ᠶᠠᠮᠤᠨ᠂ ᠤᠯᠤᠰ ᠤᠨ ᠬᠥᠭᠵᠢᠯᠲᠡ‌ᠦᠭᠡᠷᠡᠴᠢᠯᠡᠯᠳᠡ ᠶᠢᠨ ᠺᠣᠮᠢᠰ᠂ ᠡᠳ᠋ ᠤᠨ ᠵᠠᠰᠠᠭ ᠤᠨ ᠶᠠᠮᠤᠨ ᠬᠠᠮᠳᠤᠷᠠᠨ  ︽ᠰᠢᠨ᠎ᠡ ᠴᠠᠭ ᠦᠶ᠎ᠡ ᠶᠢᠨ ᠰᠠᠭᠤᠷᠢ ᠰᠤᠷᠭᠠᠨ ᠬᠦᠮᠦᠵᠢᠯ  ᠢ ᠥᠷᠭᠡᠳᠬᠡᠨ ᠰᠢᠯᠢᠳᠡᠭᠵᠢᠭᠦᠯᠵᠦ᠂ ᠴᠢᠨᠠᠷ ᠴᠢᠨᠰᠠᠭ᠎ᠠ  ᠶᠢ  ᠨᠢ ᠲᠡᠭᠡᠭᠰᠢᠯᠡᠬᠦᠯᠬᠦ ᠠᠵᠢᠯᠯᠠᠭᠠᠨ ᠤ ᠲᠦᠯᠦᠪᠯᠡᠭᠡ ᠶᠢ ᠬᠡᠷᠡᠭᠵᠢᠬᠦᠯᠬᠦ ᠲᠤᠬᠠᠢ ᠰᠠᠨᠠᠯ︾ ᠢ ᠬᠡᠪᠯᠡᠭᠦᠯᠦᠨ ᠲᠠᠷᠬᠠᠭᠠᠪᠠ᠃                                      ᠡᠭᠦᠨ ᠤ ᠭᠤᠤᠯ ᠬᠠᠷᠠᠯᠳᠠ ᠨᠢ ᠭᠡᠪᠡᠯ ᠳᠠᠷᠤᠢ᠂ 2027 ᠣᠨ ᠪᠤᠯᠬᠤ ᠳᠤ᠂  ᠰᠤᠷᠬᠤ ᠨᠠᠰᠤᠨ  ᠠᠴᠠ ᠡᠮᠦᠨᠡᠬᠢ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠨᠡᠶᠢᠳᠡᠮ ᠳᠤᠨᠢ ᠬᠠᠷᠠᠭᠠᠯᠵᠠᠯ ᠦᠵᠡᠬᠦᠯᠬᠦ᠂ ᠠᠯᠪᠠᠨ ᠵᠢᠷᠤᠮ ‍ᠤᠨ‌‍ᠰᠤᠷᠭᠠᠨ ᠬᠦᠮᠦᠵᠢᠯ ᠢ ᠴᠢᠨᠠᠷ ᠰᠠᠶᠢᠲᠠᠢ ᠪᠥᠭᠡᠳ ᠲᠡᠩᠴᠡᠬᠦᠷᠢᠳᠡᠢ ᠪᠣᠯᠭᠠᠬᠤ᠂ ᠡᠩ ᠤᠨ ᠦᠨᠳᠦᠷ ᠵᠡᠷᠭᠡ ᠶᠢᠨ ᠲᠤᠮᠳᠠᠳᠣ ᠰᠤᠷᠭᠠᠭᠤᠯᠢ ᠴᠢᠨᠠᠷ ᠰᠠᠶᠢᠲᠠᠢ ᠪᠠ ᠤᠨᠴᠠᠯᠢᠭᠳᠠᠢ ᠪᠣᠯᠭᠠᠬᠤ᠂ ᠤᠨᠴᠠᠭᠠᠢ ᠰᠤᠷᠭᠠᠨ ᠬᠦᠮᠦᠵᠢᠯ ᠴᠢᠨᠠᠷ ᠰᠠᠶᠢᠲᠠᠢ ᠠᠭᠤᠰᠤᠯᠴᠠᠨ‌‍ᠬᠦ᠋ᠭᠵᠢᠬᠦ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠬᠦᠯᠦᠨ᠎ᠡ᠃ ᠰᠤᠷᠬᠤ ᠨᠠᠰᠤᠨ  ᠠᠴᠠ ᠡᠮᠦᠨᠡᠬᠢ ᠰᠤᠷᠭᠠᠨ ᠬᠦᠮᠦᠵᠢᠯ ‍ᠦᠨ‌‍ᠱᠠᠳᠤᠨ ᠳᠤ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠡᠵᠡᠯᠡᠬᠦ ᠬᠠᠷᠢᠴᠠᠯ  ᠢ ᠬᠡᠦᠬᠡᠳ ᠤᠨ ᠴᠡᠴᠡᠷᠯᠢᠭ ‍ᠦᠨ‌‍ᠪᠦ᠋ᠬᠦ ᠲᠣᠭᠠᠨ ᠤ 60% ᠠᠴᠠ ᠲᠡᠭᠡᠭᠰᠢᠬᠢ ᠪᠣᠯᠭᠠᠬᠤ ᠪᠠᠷ ᠴᠢᠷᠮᠠᠶᠢᠬᠤ ᠪᠣᠯᠣᠨ᠎ᠠ᠃
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号