ᠡᠨᠡ ᠬᠥᠳᠡᠯᠭᠡᠭᠡᠨ ᠢ ᠡᠳᠦᠷ ᠪᠦᠷᠢ ᠪᠠᠷᠢᠮᠳᠠᠯᠠᠵᠦ ᠪᠠᠢ᠂ ᠪᠡᠶ᠎ᠡ ᠳᠤ ᠮᠠᠰᠢ ᠰᠠᠶᠢᠨ︕
ᠨᠡᠶᠢᠲᠡᠯᠡᠭᠰᠡᠨ ᠴᠠᠭ᠄
2023/9/12
        1. ᠬᠤᠭᠤᠯᠠ ᠢᠳᠡᠭᠰᠡᠨ ᠤ ᠳᠠᠷᠠᠭ᠎ᠠ ᠬᠡᠷᠡᠮ  ᠲᠠᠢ ᠨᠠᠭᠠᠯᠳᠣᠵᠦ ᠵᠤᠬᠰᠣᠬᠤ  ᠨᠢ᠂  ᠮᠠᠷᠢᠶ᠎ᠠ ᠰᠢᠭᠤᠷᠠᠭᠤᠯᠵᠤ ᠰᠢᠩᠭᠡᠭᠡᠯᠲᠡ ᠶᠢ ᠰᠠᠶᠢᠵᠢᠷᠠᠭᠤᠯᠤᠨ᠎ᠠ᠃ ᠡᠬᠢᠯᠡᠬᠡᠳ 5 ᠮᠢᠨᠦ᠋ᠲ᠂ ᠤᠳᠠᠭᠠᠨ ᠳᠠᠭᠠᠨ 10 ᠠᠴᠠ 15 ᠮᠢᠨᠦ᠋ᠲ ᠵᠤᠬᠰᠣᠨ᠎ᠠ᠃ ᠵᠣᠭᠰᠣᠬᠤ ᠳᠠᠭᠠᠨ ᠲᠡᠭᠰᠢ ᠤᠯᠠ ᠲᠠᠢ ᠱᠠᠬᠠᠢ ᠡᠮᠦᠰᠬᠦ ᠶᠢ ᠠᠩᠬᠠᠷᠬᠤ ᠬᠡᠷᠡᠭᠲᠡᠢ᠃        2. ᠬᠡᠷᠡᠮ ᠲᠠᠢ ᠨᠠᠭᠠᠯᠳᠣᠵᠦ ᠵᠤᠬᠰᠣᠬᠤ ᠨᠢ ᠨᠢᠷᠣᠭᠤ ᠰᠡᠭᠡᠷ ᠢ ᠠᠮᠠᠷᠠᠭᠤᠯᠳᠠᠭ᠃  ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶᠠᠨ ᠤ ᠰᠢᠮ᠎ᠡ ᠲᠡᠵᠢᠭᠡᠯ ᠤᠨ ᠰᠠᠯᠠᠭᠠᠨ ᠤ ᠡᠷᠬᠢᠯᠡᠭᠴᠢ ᠡᠮᠴᠢ ᠴᠧᠨ ᠸᠧᠢ  ᠶᠢᠨ ᠲᠠᠨᠢᠯᠴᠠᠭᠤᠯᠤᠭᠰᠠᠨ ᠢᠶᠠᠷ᠂ ᠬᠡᠷᠡᠮ ᠲᠠᠢ ᠨᠠᠭᠠᠯᠳᠣᠵᠦ ᠵᠣᠭᠰᠣᠪᠠᠯ ᠬᠦᠵᠦᠭᠦᠦ ᠰᠡᠭᠡᠷ ᠪᠣᠯᠣᠨ ᠪᠦᠰᠡᠯᠡᠭᠦᠷ ᠨᠢᠷᠤᠭᠤ ᠶᠢ ᠭᠦᠢᠴᠡᠳ ᠠᠮᠠᠷᠠᠭᠤᠯᠵᠦ  ᠴᠢᠳᠠᠳᠠᠭ‌‍ᠶᠤᠮ ᠪᠠᠶᠢᠨ᠎ᠠ᠃        3. ᠬᠡᠷᠡᠮ ᠲᠠᠢ ᠨᠠᠭᠠᠯᠳᠣᠵᠦ ᠵᠤᠬᠰᠣᠬᠤ ᠳᠠᠭᠠᠨ᠂ ᠨᠢᠷᠤᠭᠤ ᠪᠠᠨ ᠰᠠᠨᠠᠭᠠᠴᠢᠯᠠᠭ᠎ᠠ ᠠᠴᠠ ᠪᠠᠨ ᠳᠡᠭᠰᠢᠯᠡᠬᠦ ᠭᠡᠷᠡᠭᠳᠡᠢ᠃ᠡᠮᠴᠢ ᠶᠢᠨ ᠲᠠᠨᠢᠯᠴᠠᠭᠤᠯᠤᠭᠰᠠᠨ ᠢᠶᠠᠷ᠂ ᠬᠡᠷᠡᠮ ᠲᠠᠢ ᠨᠠᠭᠠᠯᠳᠣᠵᠦ ᠵᠣᠭᠰᠣᠬᠤ ᠦᠶ᠎ᠡ ᠰᠠᠨᠠᠭᠠᠴᠢᠯᠠᠭ᠎ᠠ ᠠᠴᠠ  ᠪᠠᠨ ᠰᠡᠭᠡᠷ  ᠢᠶᠠᠨ ᠵᠠᠰᠠᠵᠤ ᠪᠤᠯᠳᠠᠭ ᠤᠴᠢᠷ ᠨᠢ ᠬᠦᠮᠦᠰ ᠰᠡᠭᠡᠷ ᠨᠢᠷᠤᠭᠤ ᠪᠠᠨ ᠬᠠᠵᠠᠶᠢᠯᠭᠠᠵᠦ ᠵᠤᠬᠰᠣᠬᠤ  ᠳᠣᠷᠠᠳᠠᠢ ᠪᠠᠶᠢᠵᠤ᠂  ᠬᠡᠷᠡᠮ  ᠲᠠᠢ ᠨᠠᠭᠠᠯᠳᠣᠵᠦ ᠵᠣᠭᠰᠣᠬᠤ ᠨᠢ ᠰᠡᠭᠡᠷ ᠨᠢᠷᠤᠭᠤ ᠶᠢ ᠵᠣᠬᠢᠬᠤ ᠬᠡᠮᠵᠢᠶ᠎ᠡ ᠪᠠᠷ ᠳᠡᠭᠰᠢᠯᠡᠬᠦ ᠪᠠ ᠵᠠᠰᠠᠬᠤ ᠦᠢᠯᠡᠳᠦᠯ ᠲᠠᠢ ᠪᠠᠶᠢᠳᠠᠭ ᠶᠤᠮ‌‍ᠪᠠᠶᠢᠨ᠎ᠠ᠃        4. ᠬᠡᠷᠡᠮ ᠲᠠᠢ ᠨᠠᠭᠠᠯᠳᠣᠵᠦ ᠵᠤᠬᠰᠣᠬᠤ ᠨᠢ ᠪᠥᠭᠲᠥᠷ ᠪᠥᠭᠴᠥᠭᠡᠷ ᠢ ᠵᠠᠰᠠᠨ᠎ᠠ᠃ ᠪᠠᠭ᠎ᠠ ᠰᠠᠭ᠎ᠠ ᠪᠥᠭᠲᠥᠷ ᠢ ᠬᠡᠷᠡᠮ‌‍ᠲ᠋ᠠᠢ ᠨᠠᠭᠠᠯᠳᠣᠵᠦ ᠵᠤᠬᠰᠣᠭᠠᠳ ᠵᠠᠰᠠᠵᠦ ᠪᠤᠯᠳᠠᠭ ᠮᠦᠷᠳᠡᠬᠡᠨ ᠦᠷ᠎ᠡ ᠳ᠋ᠦᠩ ᠨᠢ ᠨᠡᠯᠢᠶᠡᠳ ᠵᠦᠭᠡᠷ ᠪᠠᠶᠢᠳᠠᠭ ᠶᠤᠮ᠃        5. ᠬᠡᠷᠡᠮ ᠲᠠᠢ ᠨᠠᠭᠠᠯᠳᠣᠵᠦ ᠵᠣᠭᠰᠣᠪᠠᠯ ᠠᠯᠬᠤᠭ᠎ᠠ ᠭᠢᠰᠬᠢᠭᠡ ᠪᠠᠨ ᠵᠠᠰᠠᠵᠦ ᠪᠤᠯᠳᠠᠭ᠃  ᠣᠳᠣᠬᠠᠨ ᠳᠤ ᠣᠯᠠᠨ‌‍ᠬᠦ᠋ᠮᠦᠰ ᠤᠨ ᠠᠯᠬᠤᠵᠦ ᠬᠢᠰᠬᠢᠬᠦ ᠨᠢ ᠡᠪ ᠦᠬᠡᠢ ᠪᠠᠶᠢᠵᠦ᠂ ᠦᠷᠭᠦᠯᠵᠢ ᠬᠡᠷᠡᠮ ᠲᠠᠢ ᠨᠠᠭᠠᠯᠳᠣᠵᠦ ᠵᠤᠬᠰᠣᠪᠠᠯ ᠲᠡᠭᠦᠨ ᠢ ᠵᠠᠰᠠᠵᠦ ᠪᠤᠯᠳᠠᠭ ᠶᠤᠮ ᠪᠠᠶᠢᠨ᠎ᠠ᠃ 
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号