ᠡᠷᠡᠭᠦᠯ ᠴᠢᠭᠢᠷᠠᠭ ᠰᠡᠳᠬᠢᠯ ᠢ ᠳᠤᠯᠠᠭᠠᠴᠠᠭᠤᠯᠵᠤ ᠡᠯᠢᠭᠡᠰᠡᠭ ᠳᠣᠲᠣᠨᠣ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/1/15
        ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠭᠤᠣᠯᠳᠠᠯᠭ᠎ᠠ ᠲᠠᠢ ᠬᠥᠮᠥᠰ ᠤᠨ ᠦᠨᠳᠦᠰᠦᠨ ᠠᠮᠢᠳᠤᠷᠠᠯ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂ 1 ᠰᠠᠷ᠎ᠠ ᠶᠢᠨ 12᠎ ᠤᠨ ᠡᠳᠦᠷ ᠤᠨ ᠦᠳᠡ ᠶᠢᠨ ᠬᠤᠶᠢᠨ᠎ᠠ᠂  ᠵᠢᠪᠬᠤᠯᠠᠩᠲᠤ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶᠠᠨ ᠤ ᠳᠡᠳ᠋ ᠳᠠᠷᠤᠭ᠎ᠠ ᠰᠦ᠋ ᠵᠢᠶᠧ ᠬᠦᠨᠳᠦ ᠨᠣᠴᠢᠲᠠᠢ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠭᠡᠷ ᠲᠤ ᠬᠦᠷᠴᠦ ︽ᠬᠠᠶᠢᠷ᠎ᠠ ᠬᠠᠯᠠᠮᠵᠢ ᠶᠢᠨ ᠡᠷᠡᠭᠦᠯ ᠮᠡᠨᠳᠦ ᠶᠢᠨ ᠪᠣᠭᠴᠣ︾᠂ ︽ᠤᠬᠢᠶᠠᠯᠭ᠎ᠠ ᠶᠢᠨ ᠬᠡᠷᠡᠭᠰᠡᠯ︾ ᠵᠡᠷᠭᠡ ᠶᠢ ᠬᠦᠷᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠬᠠᠶᠢᠷ᠎ᠠ ᠬᠠᠯᠠᠮᠵᠢ ᠶᠢᠨ ᠬᠠᠯᠠᠭᠤᠨ ᠳᠤᠯᠠᠭᠠᠨ ᠪᠠ ᠬᠦᠴᠦᠨ ᠴᠢᠳᠠᠯ ᠢ ᠳᠠᠮᠵᠢᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠨᠡᠮᠡᠭᠳᠡᠭᠦᠯᠪᠡ᠃
1705313156623064935.jpg
        ᠬᠠᠶᠢᠷ᠎ᠠ ᠬᠠᠯᠠᠮᠵᠢ ᠶᠢᠨ ᠡᠷᠡᠭᠦᠯ ᠮᠡᠨᠳᠦ ᠶᠢᠨ ᠪᠣᠭᠴᠣ ᠲᠠᠷᠬᠠᠭᠠᠬᠤ ᠶᠢᠨ ᠬᠠᠮᠲᠤ᠂ ᠳᠡᠳ᠋ ᠬᠤᠷᠢᠶᠠᠨ ᠳᠠᠷᠤᠭ᠎ᠠ ᠰᠦ᠋ ᠵᠢᠶᠧ ᠣᠯᠠᠨ ᠲᠦᠮᠡᠨ ᠤ ᠰᠢᠨᠵᠢᠯᠡᠬᠦ ᠤᠬᠠᠭᠠᠨᠴᠢ ᠪᠠᠷ ᠡᠮ ᠬᠡᠷᠡᠭᠯᠡᠬᠦ ᠶᠢ ᠬᠦᠯᠢᠴᠡᠩᠭᠦᠢ ᠪᠠᠷ ᠵᠢᠯᠤᠭᠤᠳᠴᠤ᠂ ᠠᠨᠠᠭᠠᠬᠤ ᠤᠬᠠᠭᠠᠨ ᠤ ᠡᠷᠡᠭᠦᠯ ᠮᠡᠨᠳᠦ ᠶᠢᠨ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠦᠨ᠂ ᠲᠣᠰᠬᠤᠨ ᠤ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠡᠷᠡᠭᠦᠯ ᠮᠡᠨᠳᠦ ᠶᠢᠨ ᠵᠥᠪ ᠤᠬᠠᠮᠰᠠᠷ ᠢ ᠪᠤᠢ ᠪᠣᠯᠭᠠᠵᠤ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠲᠠᠢ ᠪᠣᠯᠵᠤ᠂ ᠥᠪᠡᠷ ᠢ ᠪᠠᠨ ᠡᠷᠡᠭᠦᠯᠵᠢᠭᠦᠯᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠶᠢᠨ ᠬᠠᠮᠲᠤ ᠲᠣᠰᠬᠤᠨ ᠤ ᠠᠷᠠᠳ ᠲᠤ ᠴᠠᠭ ᠠᠭᠤᠷ ᠠᠭᠠᠵᠢᠮ ᠢᠶᠠᠷ ᠬᠦᠢᠲᠡᠷᠡᠬᠦ ᠶᠢ ᠰᠠᠨᠠᠭᠤᠯᠬᠤ ᠶᠢᠨ ᠬᠠᠮᠲᠤ ᠬᠤᠪᠢ ᠬᠥᠮᠥᠨ ᠤ ᠬᠠᠮᠠᠭᠠᠯᠠᠯᠲᠠ ᠶᠢ ᠠᠩᠬᠠᠷᠴᠤ᠂ ᠰᠢᠨᠵᠢᠯᠡᠬᠦ ᠤᠬᠠᠭᠠᠨᠴᠢ ᠪᠠᠷ ᠡᠮ ᠬᠡᠷᠡᠭᠯᠡᠵᠦ᠂ ᠥᠪᠡᠷ ᠤᠨ ᠡᠷᠡᠭᠦᠯ ᠮᠡᠨᠳᠦ ᠶᠢᠨ ︽ᠨᠢᠭᠡᠳᠦᠭᠡᠷ ᠬᠠᠷᠢᠭᠤᠴᠠᠯᠭᠠᠲᠠᠨ︾ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠠᠬᠢᠪᠠ᠃        ᠡᠬᠡ ᠪᠢᠴᠢᠭ ᠬᠠᠩᠭᠠᠭᠴᠢ᠄ ᠵᠠᠩ ᠴᠢᠶᠠᠨ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号