ᠵᠢᠪᠬᠤᠯᠠᠩᠲᠤ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠥᠮᠥᠰ ᠲᠤ ︽ᠬᠠᠶᠢᠷ᠎ᠠ ᠬᠠᠯᠠᠮᠵᠢ ᠶᠢᠨ ᠡᠷᠡᠭᠦᠯ ᠮᠡᠨᠳᠦ ᠶᠢᠨ ᠪᠣᠭᠴᠣ︾ ᠎ ᠶᠢ ᠲᠠᠷᠬᠠᠭᠠᠨ᠎ᠠ
ᠨᠡᠶᠢᠲᠡᠯᠡᠭᠰᠡᠨ ᠴᠠᠭ᠄
2024/1/15
        ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠬᠤ ᠶᠢᠨ ᠲᠥᠯᠥᠭᠡ᠂ ᠬᠦᠴᠢᠷᠳᠡᠯᠲᠡᠢ ᠬᠥᠮᠥᠰ ᠤᠨ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ ᠶᠢ ᠪᠦᠲᠦᠮᠵᠢᠲᠡᠶ ᠰᠡᠷᠭᠡᠶᠢᠯᠡᠪᠡ᠃ 1 ᠰᠠᠷ᠎ᠠ ᠶᠢᠨ 8᠎ ᠤ ᠡᠳᠦᠷ ᠤᠨ ᠦᠳᠡ ᠶᠢᠨ ᠬᠤᠶᠢᠨ᠎ᠠ᠂ ᠵᠢᠪᠬᠤᠯᠠᠩᠲᠤ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠠᠵᠢᠯᠲᠠᠳ ᠬᠢᠮᠢ ᠶᠢᠨ ᠦᠢᠯᠡᠳᠪᠦᠷᠢ ᠶᠢᠨ ᠵᠣᠯ ᠵᠢᠷᠭᠠᠯᠲᠤ ᠲᠣᠮᠣ ᠬᠦᠷᠢᠶᠡᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠥᠮᠥᠰ ᠲᠤ ︽ᠬᠠᠶᠢᠷ᠎ᠠ ᠬᠠᠯᠠᠮᠵᠢ ᠶᠢᠨ ᠡᠷᠡᠭᠦᠯ ᠮᠡᠨᠳᠦ ᠶᠢᠨ ᠪᠣᠭᠴᠣ︾ ᠎ ᠶᠢᠨ ᠠᠵᠢᠯᠯᠠᠭ᠎ᠠ ᠥᠷᠨᠢᠭᠦᠯᠪᠡ᠃
1705313788436079327.png
        ︽ᠡᠷᠡᠭᠦᠯ ᠮᠡᠨᠳᠦ ᠶᠢᠨ ᠪᠣᠭᠴᠣ︾᠎ ᠨᠢ ︽ᠶᠡᠭᠡ ᠠᠷᠠᠳ ᠤᠨ ᠠᠮᠢᠳᠤᠷᠠᠯ︾᠎ ᠢ ᠠᠴᠢᠶᠠᠯᠠᠵᠤ᠂ ᠡᠷᠡᠭᠦᠯ ᠮᠡᠨᠳᠦ ᠶᠢᠨ ᠪᠣᠭᠴᠣ ᠭᠤᠣᠯᠳᠠᠭᠤ ᠠᠮᠠᠪᠴᠢ᠂ ᠪᠡᠶ᠎ᠡ ᠶᠢᠨ ᠳᠤᠯᠠᠭᠠᠨ ᠤ ᠬᠡᠮᠵᠢᠭᠦᠷ᠂ ᠴᠢᠰᠤᠨ ᠰᠢᠬᠢᠷ ᠢ ᠬᠡᠮᠵᠢᠬᠦ ᠵᠡᠷᠭᠡ ᠶᠢ ᠪᠠᠭᠲᠠᠭᠠᠨ᠎ᠠ᠃ ᠭᠤᠣᠯᠳᠠᠯᠭ᠎ᠠ ᠲᠠᠢ ᠬᠥᠮᠥᠰ ᠤᠨ ᠡᠬᠡ ᠲᠠᠩᠰᠠ ᠪᠠᠷ ᠳᠠᠮᠵᠢᠭᠤᠯᠤᠨ᠂ ᠨᠠᠰᠤ᠂ ᠡᠪᠡᠳᠴᠢᠯᠡᠭᠰᠡᠨ ᠪᠠᠶᠢᠳᠠᠯ ᠵᠢᠴᠢ ᠸᠠᠺᠼᠢᠨ ᠤ ᠲᠠᠷᠢᠯᠭ᠎ᠠ ᠶᠢᠨ ᠪᠠᠶᠢᠳᠠᠯ ᠢ ᠦᠨᠳᠦᠰᠦᠯᠡᠨ ᠡᠷᠡᠭᠦᠯ ᠮᠡᠨᠳᠦ ᠶᠢᠨ ᠲᠦᠭᠰᠢᠭᠦᠷᠢ ᠶᠢᠨ ᠵᠡᠷᠭᠡ ᠳᠡᠰ ᠢ ᠲᠣᠭᠲᠠᠭᠠᠵᠤ᠂ ᠱᠠᠲᠤ ᠬᠤᠪᠢᠶᠠᠨ ᠡᠷᠡᠭᠦᠯ ᠮᠡᠨᠳᠦ ᠶᠢᠨ ᠪᠣᠭᠴᠣ ᠣᠯᠭᠤᠬᠤ ᠶᠢ ᠬᠡᠷᠡᠭᠵᠢᠭᠦᠯᠦᠨ᠎ᠡ᠃ ᠲᠣᠣᠷᠵᠢᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠲᠣᠮᠢᠯᠠᠨ ᠲᠠᠷᠬᠠᠭᠠᠬᠤ ᠶᠠᠪᠤᠴᠠ ᠶᠢᠨ ᠲᠦᠷᠭᠡᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠵᠤ᠂ ᠨᠡᠶᠢᠲᠡ 20 ᠡᠷᠦᠬᠡ 34 ᠬᠥᠮᠥᠨ ᠢ ᠲᠠᠷᠬᠠᠭᠠᠪᠠ᠃        ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠰᠠᠭᠤᠭᠠᠯᠢ ᠠᠷᠠᠳ ᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠪᠣᠯ ᠥᠷᠭᠡᠨ ᠣᠯᠠᠨ ᠰᠠᠭᠤᠭᠠᠯᠢ ᠠᠷᠠᠳ ᠢ ᠡᠪᠡᠳᠴᠢᠨ ᠦᠵᠡᠭᠦᠯᠬᠦ ᠦᠭᠡᠢ᠂ ᠡᠪᠡᠳᠴᠢᠨ ᠳᠤᠲᠠᠭᠤ ᠪᠣᠯᠭᠠᠬᠤ ᠶᠢᠨ ᠲᠥᠯᠥᠭᠡ᠂ ᠰᠠᠭᠤᠭᠠᠯᠢ ᠠᠷᠠᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠪᠦᠲᠦᠮᠵᠢᠲᠡᠶ ᠪᠠᠲᠤᠯᠠᠵᠤ᠂ ᠥᠷᠭᠡᠨ ᠣᠯᠠᠨ ᠰᠠᠭᠤᠭᠠᠯᠢ ᠠᠷᠠᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠣᠶᠢᠯᠠᠭᠠᠬᠤ ᠨᠣᠷᠮ᠎ᠠ᠂ ᠮᠡᠳᠡᠷᠡᠮᠵᠢ ᠶᠢᠨ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠨᠠᠩ ᠰᠠᠶᠢᠲᠤᠷ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃        ᠡᠬᠡ ᠪᠢᠴᠢᠭ ᠬᠠᠩᠭᠠᠭᠴᠢ ᠵᠠᠩ ᠴᠢᠶᠠᠨ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号