︽ᠪᠠᠭ᠋ᠠᠷᠬᠠᠯᠲᠤ ᠰᠢᠭᠤᠶᠢᠲᠤ︾ ᠶᠢᠨ ᠴᠢᠨᠠᠷ ᠰᠠᠶᠢᠲᠠᠢ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠨᠠᠮ ᠤᠨ ᠢᠶᠠᠨ ᠠᠴᠢ ᠡᠨᠡᠷᠢᠯ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ ︽ᠬᠥᠳᠡᠭᠡ ᠲᠣᠰᠬᠤᠨ ᠢ ᠲᠣᠭᠤᠷᠢᠨ ᠬᠤᠳᠠᠯᠳᠤᠵᠤ᠂ ᠰᠠᠶᠢᠨ ᠲᠠᠸᠠᠷ ᠴᠠᠭᠠᠨ ᠰᠠᠷ᠎ᠠ ᠪᠠᠨ ᠤᠭᠲᠤᠬᠤ︾ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠬᠤ ᠪᠠᠶᠠᠷ ᠤᠨ ᠡᠳᠦᠷ
ᠨᠡᠶᠢᠲᠡᠯᠡᠭᠰᠡᠨ ᠴᠠᠭ᠄
2024/1/15
        ᠴᠠᠭᠠᠨ ᠰᠠᠷ᠎ᠠ ᠣᠶᠢᠷᠠᠳᠴᠤ᠂ ᠴᠠᠭᠠᠨ ᠰᠠᠷ᠎ᠠ ᠶᠢᠨ ᠦᠨᠦᠷ ᠠᠭᠠᠵᠢᠮ ᠢᠶᠠᠷ ᠬᠠᠩᠬᠤᠯᠤᠨ᠎ᠠ᠃ ᠠᠷᠠᠳ ᠣᠯᠠᠨ ᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠪᠣᠳᠠᠰ ᠤᠨ ᠰᠣᠶᠣᠯ ᠤᠨ ᠬᠡᠷᠡᠭᠴᠡᠭᠡ ᠶᠢ ᠬᠠᠩᠭᠠᠵᠤ᠂ ᠬᠥᠳᠡᠭᠡ ᠲᠣᠰᠭᠤᠨ ᠢ ᠬᠥᠭᠵᠢᠭᠦᠯᠦᠨ ᠮᠠᠨᠳᠤᠭ ᠣᠯᠬᠤ ᠳᠤ ᠬᠦᠴᠦ ᠲᠠᠯᠪᠢᠨ᠂ ᠬᠡᠷᠡᠭᠯᠡᠭᠡᠨ ᠤ ᠨᠡᠮᠡᠭᠳᠡᠯ ᠢ ᠠᠬᠢᠭᠤᠯᠬᠤ ᠶᠢᠨ ᠲᠥᠯᠥᠭᠡ᠂  ᠰᠢᠭᠤᠶᠢᠲᠤ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠱᠢᠶᠠᠵᠢᠯ ᠬᠤᠯᠪᠣᠭᠠᠲᠤ ᠬᠤᠷᠰᠢᠶ᠎ᠠ ᠪᠣᠯᠣᠨ  ᠰᠢᠭᠤᠶᠢᠲᠤ ᠲᠣᠭᠤᠷᠢᠭ ᠤᠨ ᠬᠢᠨᠢᠳᠤ ᠰᠤᠮᠤ ᠶᠢᠨ ᠠᠷᠠᠳ ᠤᠨ ᠵᠠᠰᠠᠭ ᠤᠨ ᠣᠷᠳᠣᠨ ᠵᠡᠷᠭᠡ 6 ᠨᠢᠭᠡᠴᠡ ᠲᠠᠢ ᠬᠠᠮᠲᠤ ᠪᠠᠷ ᠭᠤᠣᠯᠯᠠᠨ ᠡᠷᠬᠢᠯᠡᠵᠦ᠂ ᠨᠠᠮ ᠤᠨ ᠠᠴᠢ ᠶᠢ ᠣᠶᠢᠯᠠᠭᠠᠵᠤ᠂ ᠨᠠᠮ ᠤᠨ ᠦᠭᠡ ᠶᠢ ᠰᠣᠨᠣᠰᠴᠤ᠂ ᠨᠠᠮ ᠢ ᠳᠠᠭᠠᠵᠤ ᠬᠥᠳᠡᠭᠡ ᠲᠣᠰᠭᠤᠨ ᠢ ᠰᠠᠶᠢᠬᠠᠨ ᠤᠭᠲᠤᠨ᠎ᠠ᠃        ᠴᠠᠭᠠᠨ ᠰᠠᠷ᠎ᠠ ᠶᠢᠨ ᠪᠠᠷᠠᠭᠠᠨ ᠤ ᠪᠠᠶᠠᠷ ᠲᠤ᠂ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠵᠢᠵᠢᠭ ᠪᠤᠭᠤᠳᠠᠢ ᠶᠢᠨ ᠭᠤᠯᠢᠷ᠂ ᠶᠤᠤᠮᠠᠢ ᠶᠢᠨ ᠭᠤᠯᠢᠷ᠂ ᠰᠠᠭᠠᠭ ᠤᠨ ᠭᠤᠯᠢᠷ᠂ ᠰᠣᠳᠣᠨ ᠰᠢᠨ᠎ᠡ ᠰᠣᠷᠭᠤᠭ ᠲᠣᠰᠣ ᠰᠢᠬᠠᠬᠤ᠂ ᠦᠬᠡᠷ ᠬᠤᠨᠢᠨ ᠮᠢᠬ᠎ᠠ ᠵᠡᠷᠭᠡ ᠡᠯ᠎ᠡ ᠲᠥᠷᠥᠯ ᠤᠨ ᠨᠠᠷᠢᠯᠢᠭ ᠰᠣᠩᠭᠤᠯᠲᠠ ᠶᠢᠨ ᠲᠠᠸᠠᠷ ᠢ ᠳᠡᠯᠭᠡᠨ ᠦᠵᠡᠭᠦᠯᠵᠦ᠂ ᠣᠷᠣᠨ ᠪᠦᠰᠡ ᠶᠢᠨ ᠲᠠᠷᠢᠶᠠᠯᠠᠩ ᠤᠨ ᠨᠠᠷᠠᠲᠤ ᠲᠡᠮᠳᠡᠭᠲᠦ ᠶᠢᠨ ︽ᠪᠠᠭ᠋ᠠᠷᠤᠮ᠎ᠠ ᠰᠠᠶᠢᠬᠠᠨ ᠭᠠᠪᠢᠷ᠎ᠠ︾ ᠴᠢᠨᠠᠷ ᠰᠠᠶᠢᠲᠠᠢ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠤᠬᠠᠭᠤᠯᠤᠨ ᠳᠡᠯᠭᠡᠷᠡᠭᠦᠯᠵᠦ᠂ ᠡᠵᠡᠩᠨᠡᠯᠲᠡ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠥᠷᠭᠡᠳᠬᠡᠨ᠂ ︽ᠪᠠᠭ᠋ᠠᠷᠤᠮ᠎ᠠ ᠰᠠᠶᠢᠬᠠᠨ ᠭᠠᠪᠢᠷ᠎ᠠ︾ ᠨᠠᠷᠠᠲᠤ ᠲᠡᠮᠳᠡᠭᠲᠦ ᠶᠢᠨ ᠳᠦᠷᠢ ᠲᠥᠷᠬᠦ ᠶᠢ ᠳᠡᠭᠡᠭᠰᠢᠯᠡᠭᠦᠯᠪᠡ᠃        ᠲᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠣᠷᠣᠨ ᠪᠦᠰᠡ ᠶᠢᠨ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ︽ᠷᠢᠳᠢ ᠰᠢᠳᠢ ᠲᠠᠢ︾ ᠡᠵᠡᠩᠨᠡᠨ ᠪᠣᠷᠣᠯᠠᠭᠤᠯᠵᠤ ᠳᠡᠯᠭᠡᠷᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠠᠷᠠᠲᠤ ᠲᠥᠷᠥᠯ ᠲᠡᠮᠳᠡᠭᠲᠦ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠲᠥᠷᠥᠯ ᠵᠦᠢᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠰᠠᠭᠤᠭᠠᠯᠢ ᠠᠷᠠᠳ ᠤᠨ ᠴᠢᠨᠠᠷ ᠰᠠᠶᠢᠲᠠᠢ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠬᠡᠷᠡᠭᠴᠡᠭᠡ ᠶᠢ ᠬᠠᠩᠭᠠᠵᠤ᠂ ᠪᠣᠷᠣᠯᠠᠭᠤᠯᠬᠤ ᠬᠡᠪᠴᠢᠶ᠎ᠡ ᠶᠢ ᠥᠷᠭᠡᠳᠬᠡᠨ᠂ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ᠰᠢᠭᠤᠶᠢᠲᠤ ᠣᠷᠣᠨ ᠤ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号