ᠰᠢᠭᠤᠶᠢᠲᠤ ᠲᠣᠭᠤᠷᠢᠭ ᠡᠷᠡᠭᠦᠯ ᠴᠢᠭᠢᠷᠠᠭ ᠰᠢᠭᠤᠶᠢᠲᠤ ᠠᠵᠢᠯᠯᠠᠭ᠎ᠠ ᠶᠢ ᠣᠶᠢᠯᠠᠭᠠᠬᠤ ᠠᠵᠢᠯᠯᠠᠭ᠎ᠠ ᠶᠢᠨ ᠤᠷᠤᠯᠳᠤᠭᠠᠨ ᠤ ᠭᠡᠷ ᠪᠦᠯᠢ ᠶᠢᠨ ᠲᠤᠰᠬᠠᠢ ᠲᠠᠯᠠᠪᠠᠢ ᠶᠢᠨ ᠠᠵᠢᠯᠯᠠᠭ᠎ᠠ ᠡᠷᠭᠢᠯᠡᠭᠦ —ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ ᠪᠦᠷ  ᠲᠣᠭᠤᠷᠢᠭ ‍ᠤᠨ‌ᠡᠷᠡᠭᠦᠯ ᠬᠠᠮᠠᠭᠠᠯᠠᠯ ᠤᠨ ᠵᠥᠪᠯᠡᠯ ᠤᠨ ᠤᠷᠤᠯᠳᠤᠭᠠᠨ ᠳᠤ ᠣᠷᠣᠯᠴᠠᠬᠰᠠᠨ ᠭᠡᠷ ᠪᠦᠯᠢ
ᠨᠡᠶᠢᠲᠡᠯᠡᠭᠰᠡᠨ ᠴᠠᠭ᠄
2024/1/15
        1 ᠰᠠᠷ᠎ᠠ ᠶᠢᠨ 18  ᠤ ᠡᠳᠦᠷ᠂ ᠡᠷᠡᠭᠦᠯ ᠴᠢᠭᠢᠷᠠᠭ ᠰᠢᠭᠤᠶᠢᠲᠤ ᠠᠵᠢᠯᠯᠠᠭ᠎ᠠ ᠶᠢ ᠣᠶᠢᠯᠠᠭᠠᠬᠤ ᠤᠷᠤᠯᠳᠤᠭᠠᠨ ᠤ ᠭᠡᠷ ᠪᠦᠯᠢ ᠶᠢᠨ ᠲᠤᠰᠭᠠᠢ ᠲᠠᠯᠠᠪᠠᠢ ᠰᠦ ᠮᠧᠩ  ᠲᠤᠷᠰᠢᠯᠲᠠ ᠶᠢᠨ ᠰᠤᠷᠭᠠᠭᠤᠯᠢ ᠳᠤ ᠠᠮᠵᠢᠯᠲᠠ ᠲᠠᠢ ᠶᠠᠪᠤᠭᠳᠠᠪᠠ᠃ ᠲᠣᠰ ᠤᠳᠠᠭᠠᠨ ᠤ ᠠᠩᠬᠠᠨ ᠤ ᠤᠷᠤᠯᠳᠤᠭᠠᠨ ᠢ ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠮᠡᠨᠳᠦ ᠰᠢᠭᠤᠶᠢᠲᠤ ᠠᠵᠢᠯᠯᠠᠭ᠎ᠠ ᠶᠢᠨ ᠠᠬᠢᠭᠤᠯᠬᠤ ᠵᠥᠪᠯᠡᠯ ᠤᠨ ᠠᠯᠪᠠᠨ ᠭᠡᠷ ᠬᠠᠮᠲᠤᠷᠠᠨ ᠡᠷᠭᠢᠯᠡᠪᠡ᠃ ᠭᠡᠷ ᠪᠦᠯᠢ ᠶᠢᠨ ᠡᠷᠡᠭᠦᠯ ᠮᠡᠨᠳᠦ ᠶᠢᠨ ᠦᠵᠡᠯᠲᠡ ᠶᠢ ᠪᠣᠶ ᠪᠣᠯᠭᠠᠬᠤ᠂ ᠡᠷᠡᠭᠦᠯ ᠮᠡᠨᠳᠦ ᠶᠢᠨ ᠮᠡᠳᠡᠯᠭᠡ ᠶᠢ ᠤᠯᠠᠮᠵᠢᠯᠠᠬᠤ᠂ ᠡᠷᠡᠭᠦᠯ ᠮᠡᠨᠳᠦ ᠶᠢᠨ ᠠᠵᠢᠯᠯᠠᠭ᠎ᠠ ᠶᠢ ᠦᠢᠯᠡᠳᠦᠯᠭᠡᠵᠢᠭᠦᠯᠬᠦ ᠵᠡᠷᠭᠡ ᠲᠠᠯ᠎ᠠ ᠪᠠᠷ ᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠭᠡᠷ ᠪᠦᠯᠢ ᠶᠢᠨ ᠡᠷᠡᠭᠦᠯ ᠮᠡᠨᠳᠦ ᠶᠢᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠪᠠ ᠭᠡᠷ ᠪᠦᠯᠢ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃
1705627807877044621.jpg
        ᠲᠣᠰ ᠤᠳᠠᠭᠠᠨ ᠤ ᠤᠷᠤᠯᠳᠤᠭᠠᠨ ᠨᠢ ᠡᠯ᠎ᠡ ᠠᠵᠢᠯ ᠲᠥᠷᠥᠯ ᠠᠴᠠ ᠢᠷᠡᠭᠰᠡᠨ ᠭᠡᠷ ᠪᠦᠯᠢ ᠶᠢᠨ ᠤᠷᠤᠯᠳᠤᠭᠠᠨ ᠪᠠᠶᠢᠵᠤ᠂ ᠤᠷᠤᠯᠳᠤᠭᠠᠨ ᠤ ᠲᠠᠯᠠᠪᠤᠷ ᠲᠠᠬᠢ ᠤᠷᠤᠯᠳᠤᠭᠠᠨ ᠳᠤ ᠣᠷᠣᠯᠴᠠᠭᠰᠠᠨ ᠠᠩᠭᠢ ᠶᠢᠨ ᠭᠡᠷ ᠪᠦᠯᠢ ᠪᠦᠬᠦ ᠰᠡᠳᠬᠢᠯ ᠢᠶᠠᠷ ᠢᠶᠠᠨ ᠣᠷᠣᠯᠴᠠᠵᠤ᠂ ᠴᠤᠭ ᠵᠢᠪᠬᠤᠭ᠎ᠠ ᠪᠠᠨ ᠭᠦᠢᠴᠡᠳ ᠪᠠᠳᠠᠷᠠᠭᠤᠯᠪᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠭᠦᠯᠭᠡ ᠵᠢᠴᠢ ᠤᠷ᠎ᠠ ᠴᠢᠳᠠᠪᠤᠷᠢ ᠶᠢᠨ ᠰᠣᠷᠢᠯᠲᠠ ᠶᠢᠨ ᠭᠤᠭᠴᠤᠭ᠎ᠠ ᠳᠤ᠂ ᠤᠷᠤᠯᠳᠤᠭᠠᠨ ᠳᠤ ᠣᠷᠣᠯᠴᠠᠭᠰᠠᠳ ᠳᠡᠭᠡᠰᠦ ᠦᠰᠦᠷᠬᠦ ᠰᠣᠷᠢᠯᠲᠠ ᠳᠤ ᠬᠠᠮᠤᠭ ᠤᠨ ᠴᠢᠩᠭ᠎ᠠ ᠪᠣᠳᠠᠲᠤ ᠬᠦᠴᠦᠨ ᠢᠶᠠᠨ ᠪᠠᠳᠠᠷᠠᠭᠤᠯᠵᠤ᠂ ᠰᠠᠶᠢᠨ ᠰᠠᠶᠢᠬᠠᠨ ᠪᠡᠶ᠎ᠡ ᠮᠠᠬᠠᠪᠤᠳ ᠤᠨ ᠬᠡᠪ ᠴᠢᠨᠠᠷ ᠢᠶᠠᠨ ᠳᠡᠯᠭᠡᠨ ᠦᠵᠡᠭᠦᠯᠬᠦ ᠶᠢᠨ ᠬᠠᠮᠲᠤ ᠵᠢᠷᠦᠬᠡ ᠠᠭᠤᠰᠬᠢ ᠶᠢ ᠰᠡᠷᠭᠦᠭᠡᠬᠦ ᠵᠥᠪ ᠮᠡᠷᠭᠡᠵᠢᠯ ᠵᠢᠴᠢ ADE ᠬᠡᠷᠡᠭᠯᠡᠬᠦ ᠠᠷᠭ᠎ᠠ ᠵᠡᠷᠭᠡ ᠭᠡᠷ ᠪᠦᠯᠢ ᠶᠢᠨ ᠲᠦᠷᠭᠡᠨ ᠠᠪᠤᠷᠠᠯᠲᠠ ᠶᠢᠨ ᠤᠷ᠎ᠠ ᠴᠢᠳᠠᠪᠤᠷᠢ ᠶᠢ ᠰᠤᠷᠤᠯᠴᠠᠵᠤ᠂ ᠣᠯᠠᠨ ᠲᠦᠮᠡᠨ ᠤ ᠡᠷᠡᠭᠦᠯ ᠮᠡᠨᠳᠦ ᠶᠢᠨ ᠲᠤᠬᠠᠢ ᠣᠶᠢᠯᠠᠭᠠᠯᠲᠠ ᠪᠠ ᠣᠶᠢᠯᠠᠭᠠᠯᠲᠠ ᠶᠢ ᠨᠡᠮᠡᠭᠳᠡᠭᠦᠯᠪᠡ᠃
        ᠳᠠᠷᠠᠭ᠎ᠠ ᠨᠢ᠂ ᠤᠷᠤᠯᠳᠤᠭᠠᠨ ᠨᠢ ᠰᠡᠳᠦᠪ ᠬᠠᠷᠢᠭᠤᠯᠬᠤ ᠭᠤᠭᠴᠤᠭ᠎ᠠ ᠳᠤ ᠣᠷᠣᠵᠤ᠂ ᠲᠤᠰ ᠭᠤᠭᠴᠤᠭ᠎ᠠ ᠳᠤ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ ᠪᠠ ᠨᠡᠮᠡᠬᠦ ᠰᠡᠳᠦᠪ ᠵᠡᠷᠭᠡ ᠭᠤᠷᠪᠠᠨ ᠬᠡᠰᠡᠭ ᠢ ᠪᠠᠭᠲᠠᠭᠠᠵᠤ᠂ ᠰᠡᠳᠦᠪ ᠭᠠᠷᠭᠠᠭᠰᠠᠨ ᠠᠭᠤᠯᠭ᠎ᠠ ᠨᠢ ᠡᠷᠡᠭᠦᠯ ᠡᠩᠬᠡ ᠪᠤᠭᠤᠲᠤ ᠶᠢᠨ ᠠᠵᠢᠯᠯᠠᠭ᠎ᠠ ᠶᠢᠨ ᠲᠤᠰᠬᠠᠢ ᠠᠵᠢᠯᠯᠠᠭ᠎ᠠ ᠶᠢᠨ ᠶᠡᠷᠦ ᠶᠢᠨ ᠮᠡᠳᠡᠯᠭᠡ ᠶᠢᠨ ᠰᠡᠳᠦᠪ ᠪᠣᠯᠣᠨ᠎ᠠ᠂ ᠲᠤᠰᠬᠠᠢ ᠠᠵᠢᠯᠯᠠᠭ᠎ᠠ ᠶᠢᠨ ᠳᠤᠮᠳᠠ ᠡᠷᠡᠭᠦᠯ ᠮᠡᠨᠳᠦ ᠶᠢᠨ ᠬᠡᠪ ᠪᠣᠯᠪᠠᠰᠤᠷᠠᠯ 66 ᠵᠤᠷᠪᠤᠰ᠂ ᠭᠡᠷ ᠪᠦᠯᠢ ᠶᠢᠨ ᠪᠣᠳᠠᠲᠤ ᠬᠡᠷᠡᠭᠯᠡᠭᠡᠨ ᠤ ᠲᠦᠷᠭᠡᠨ ᠠᠪᠤᠷᠠᠯᠲᠠ ᠵᠡᠷᠭᠡ ᠶᠡᠷᠦ ᠶᠢᠨ ᠮᠡᠳᠡᠯᠭᠡ ᠶᠢᠨ ᠰᠡᠳᠦᠪ ᠢ ᠰᠣᠩᠭᠤᠵᠤ᠂ ᠤᠷᠤᠯᠳᠤᠭᠠᠨ ᠳᠤ ᠣᠷᠣᠯᠴᠠᠭᠰᠠᠨ ᠡᠯ᠎ᠡ ᠲᠠᠮᠢᠷᠴᠢᠳ ᠯᠠᠪᠳᠠᠭᠤᠨ ᠲᠣᠭᠲᠠᠭᠤᠨ ᠢᠶᠠᠷ ᠬᠠᠷᠢᠭᠤᠯᠲᠠ ᠥᠭᠴᠦ᠂ ᠭᠤᠶᠢᠳᠠ ᠰᠠᠶᠢᠬᠠᠨ ᠲᠣᠭᠯᠠᠵᠤ᠂ ᠤᠷᠤᠯᠳᠤᠭᠠᠨ ᠳᠤ ᠣᠷᠣᠯᠴᠠᠭᠰᠠᠨ ᠪᠤᠢ ᠪᠦᠬᠦᠢ ᠲᠠᠮᠢᠷᠴᠢᠳ ᠨᠡᠯᠢᠶᠡᠳ ᠥᠨᠳᠥᠷ ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ᠂ ᠡᠯᠪᠡᠭ ᠪᠠᠶᠠᠯᠢᠭ ᠮᠡᠳᠡᠯᠭᠡ ᠶᠢᠨ ᠨᠥᠭᠡᠴᠡ ᠪᠠ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠠᠵᠢᠯᠯᠠᠭ᠎ᠠ  ᠨᠢ ᠵᠢᠱᠢᠭᠰᠡᠨ ᠵᠣᠷᠢᠯᠭ᠎ᠠ ᠳᠠᠭᠠᠨ ᠬᠦᠷᠴᠦ᠂ ᠲᠡᠭᠦᠰ ᠠᠮᠵᠢᠯᠲᠠ ᠣᠯᠵᠠᠢ᠃ᠡᠴᠦᠰ ᠲᠤ᠂ ᠬᠤᠷᠴᠠ ᠰᠢᠷᠦᠭᠦᠨ ᠥᠷᠢᠰᠦᠯᠳᠦᠭᠡᠨ ᠢᠶᠠᠷ ᠳᠠᠮᠵᠢᠨ᠂ ᠲᠤᠬᠠᠢ ᠶᠢᠨ ᠲᠠᠯᠠᠪᠠᠢ ᠳᠤ ᠣᠨᠴᠠ ᠳᠡᠰ ᠤᠨ ᠱᠠᠩᠨᠠᠯ᠂ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ ᠱᠠᠩᠨᠠᠯ ᠢ ᠰᠢᠯᠭᠠᠷᠠᠭᠤᠯᠤᠭᠰᠠᠨ ᠪᠥᠭᠡᠳ ᠦᠨᠡᠮᠯᠡᠯ ᠵᠢᠴᠢ ᠱᠠᠩᠨᠠᠯ ᠣᠯᠭᠤᠪᠠ᠃ ᠨᠢᠭᠡᠳᠦᠭᠡᠷ ᠳᠡᠰ ᠤᠨ ᠱᠠᠩᠨᠠᠯ ᠪᠠ ᠬᠤᠶᠠᠳᠤᠭᠠᠷ ᠳᠡᠰ ᠤᠨ ᠱᠠᠩᠨᠠᠯ ᠨᠢ ᠴᠥᠮ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠢᠷᠡᠭᠰᠡᠨ ᠶᠤᠮ᠂ ᠡᠳᠡᠭᠡᠷ ᠱᠠᠩᠨᠠᠯ ᠨᠢ ᠤᠷᠤᠯᠳᠤᠭᠠᠨ ᠳᠤ ᠣᠷᠣᠯᠴᠠᠬᠤ ᠡᠩᠨᠡᠭᠡ ᠶᠢ ᠮᠡᠳᠡᠷᠡᠵᠦ ᠪᠠᠶᠢᠬᠤ ᠪᠠᠷ ᠪᠠᠷᠠᠬᠤ ᠦᠭᠡᠢ᠂ ᠨᠡᠩ ᠴᠤ ᠲᠡᠳᠡᠨ ᠤ ᠢᠯᠡᠷᠡᠭᠦᠯᠦᠭᠰᠡᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠪᠠ ᠠᠪᠢᠶᠠᠰ ᠴᠢᠳᠠᠪᠤᠷᠢ ᠶᠢ ᠨᠤᠲᠠᠯᠠᠵᠤ ᠪᠠᠶᠢᠭ᠎ᠠ ᠶᠠᠪᠤᠳᠠᠯ ᠪᠣᠯᠣᠨ᠎ᠠ᠃        ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠲᠡᠮᠡᠴᠡᠯ ᠤᠨ ᠣᠪᠣᠷ ᠪᠠᠶᠢᠳᠠᠯ ᠪᠠ ᠴᠠᠭ ᠦᠶ᠎ᠡ ᠶᠢᠨ ᠴᠤᠭ ᠵᠢᠪᠬᠤᠭ᠎ᠠ ᠶᠢ ᠪᠥᠬᠦ ᠲᠠᠯ᠎ᠠ ᠪᠠᠷ ᠢᠯᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠪᠥᠬᠦ ᠨᠡᠶᠢᠭᠡᠮ ᠤᠨ ᠭᠡᠷ ᠪᠦᠯᠢ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ ᠪᠠᠲᠤ ᠪᠠᠬᠢ ᠰᠠᠭᠤᠷᠢ ᠲᠠᠯᠪᠢᠵᠤ᠂ ᠡᠷᠡᠭᠦᠯ ᠴᠢᠭᠢᠷᠠᠭ ᠰᠢᠭᠤᠶᠢᠲᠤ ᠣᠷᠣᠨ ᠤ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠡᠷᠡᠭᠦᠯ ᠮᠡᠨᠳᠦ ᠰᠢᠭᠤᠶᠢᠲᠤ ᠣᠷᠣᠨ ᠤ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠭᠤᠣᠯ ᠬᠥᠭ ᠠᠶᠠᠰ ᠢ ᠬᠠᠩᠭᠢᠨᠠᠭᠤᠯᠤᠭᠰᠠᠨ ᠪᠠᠶᠢᠨ᠎ᠠ᠃        ᠡᠬᠡ ᠪᠢᠴᠢᠭ ᠬᠠᠩᠭᠠᠭᠴᠢ᠄ ᠬᠤᠤ ᠲᠢᠩ
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号