【ᠰᠢᠭᠤᠶᠢᠲᠤ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ】︽ᠲᠠᠭᠰᠢᠭᠤᠷ ᠢ ᠰᠡᠷᠭᠡᠶᠢᠯᠡᠵᠦ ᠡᠷᠡᠭᠦᠯ ᠮᠡᠨᠳᠦ ᠶᠢ ᠬᠠᠮᠠᠭᠠᠯᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/2
        ᠣᠶᠢᠷ᠎ᠠ ᠳᠤ᠂ ᠬᠠᠷᠢᠶᠠᠲᠤ ᠣᠷᠣᠨ ᠤ ᠵᠡᠮᠳᠡᠭᠴᠦᠳ ᠤᠨ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠵᠦ᠂ ᠡᠪᠡᠳᠴᠢᠨ ᠡᠮᠭᠡᠭ ᠤᠨ ᠬᠥᠨᠥᠭᠡᠯ ᠳᠤ ᠤᠴᠠᠷᠠᠬᠤ ᠠᠴᠠ ᠵᠠᠶᠢᠯᠠᠰᠬᠢᠬᠦ ᠶᠢᠨ ᠲᠥᠯᠥᠭᠡ᠂ ᠰᠢᠭᠤᠶᠢᠲᠤ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ︽ᠬᠠᠯᠳᠠᠪᠤᠷᠢᠲᠤ ᠲᠠᠭᠰᠢᠭᠤᠷ ᠢ ᠰᠡᠷᠭᠡᠶᠢᠯᠡᠨ ᠡᠷᠡᠭᠦᠯ ᠮᠡᠨᠳᠦ ᠶᠢ ᠬᠠᠮᠠᠭᠠᠯᠠᠬᠤ︾᠎ ᠪᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
1704177239024097089.png
        ᠠᠵᠢᠯᠯᠠᠭ᠎ᠠ ᠳᠤ᠂ ᠵᠡᠮᠳᠡᠭᠴᠦᠳ ᠤᠨ ᠬᠤᠯᠪᠣᠭᠠᠨ ᠤ ᠺᠠᠳ᠋ᠷ ᠡᠩ ᠲᠡᠷᠢᠭᠦᠨ ᠳᠤ ᠡᠩ ᠤᠨ ᠬᠢᠮᠤᠷᠠᠭ᠎ᠠ᠂ ᠬᠠᠯᠳᠠᠪᠤᠷᠢᠲᠤ ᠲᠠᠭᠰᠢᠭᠤᠷ ᠪᠣᠯᠣᠨ ᠰᠠᠯᠪᠤᠷᠢ ᠪᠡᠶ᠎ᠡ ᠶᠢᠨ ᠠᠭᠤᠰᠬᠢᠨ ᠦᠷᠪᠢᠰᠦᠯ ᠵᠡᠷᠭᠡ ᠡᠪᠡᠳᠴᠢᠨ ᠡᠮᠭᠡᠭ ᠠᠴᠠ ᠣᠯᠠᠨ ᠳᠤ ᠠᠳᠠᠯᠢ ᠪᠤᠰᠤ ᠡᠪᠡᠳᠴᠢᠨ ᠤ ᠡᠪᠡᠳᠴᠢᠲᠡᠨ ᠤ ᠶᠠᠪᠤᠴᠠ ᠶᠢᠨ ᠣᠨᠴᠠᠯᠢᠭ ᠢ ᠨᠠᠷᠢᠨ ᠲᠣᠳᠣᠷᠬᠠᠢ ᠶᠠᠷᠢᠵᠤ ᠥᠭᠭᠦᠭᠰᠡᠨ ᠪᠥᠭᠡᠳ ᠡᠳᠦᠷ ᠲᠤᠲᠤᠮ ᠤᠨ ᠠᠮᠢᠳᠤᠷᠠᠯ ᠤᠨ ᠡᠷᠡᠭᠦᠯ ᠬᠠᠮᠠᠭᠠᠯᠠᠯ ᠤᠨ ᠳᠠᠳᠬᠠᠯ ᠲᠠᠢ ᠤᠶᠠᠯᠳᠤᠭᠤᠯᠤᠨ᠂ ᠡᠪᠦᠯ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠤ ᠪᠠᠶᠢᠩᠭᠤ ᠲᠣᠬᠢᠶᠠᠯᠳᠤᠬᠤ ᠡᠪᠡᠳᠴᠢᠨ ᠤ ᠪᠠᠶᠢᠳᠠᠯ ᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠪᠠ᠃ ᠡᠭᠦᠨ ᠤ ᠬᠠᠮᠲᠤ ᠵᠡᠮᠳᠡᠭᠴᠦᠳ ᠲᠤ ᠡᠪᠡᠳᠴᠢᠨ ᠡᠮᠭᠡᠭ ᠢ ᠰᠡᠷᠭᠡᠶᠢᠯᠡᠬᠦ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠭᠠᠷ ᠢᠶᠠᠨ ᠬᠡᠷᠬᠢᠨ ᠵᠥᠪ ᠤᠬᠢᠶᠠᠬᠤ᠂ ᠬᠠᠨᠢᠶᠠᠬᠤ ᠦᠶ᠎ᠡ ᠳᠤ ᠬᠠᠮᠠᠷ ᠬᠠᠯᠬᠠᠯᠠᠬᠤ ᠵᠡᠷᠭᠡ ᠦᠨᠳᠦᠰᠦᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠠᠶᠢᠯᠪᠤᠷᠢᠯᠠᠨ ᠥᠭᠪᠡ᠃ ᠡᠭᠦᠨ ᠠᠴᠠ ᠭᠠᠳᠠᠨ᠎ᠠ᠂ ᠬᠥᠮᠥᠰ ᠬᠤᠪᠢ ᠬᠥᠮᠥᠨ ᠤ ᠠᠷᠢᠭᠤᠨ ᠴᠡᠪᠡᠷ ᠢ ᠪᠠᠲᠤᠯᠠᠬᠤ᠂ ᠪᠣᠯᠪᠠᠰᠤᠷᠠᠯ ᠢ ᠴᠢᠩᠭᠠᠳᠬᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠰᠠᠯᠬᠢ ᠨᠡᠪᠲᠡᠷᠡᠭᠦᠯᠬᠦ᠂ ᠭᠡᠷ ᠳᠣᠲᠣᠷᠠᠬᠢ ᠠᠭᠠᠷ ᠢ ᠴᠢᠭᠢᠭᠯᠢᠭ ᠪᠠᠶᠢᠯᠭᠠᠬᠤ ᠶᠢ ᠪᠠᠲᠤᠯᠠᠬᠤ ᠵᠡᠷᠭᠡ ᠰᠠᠶᠢᠨ ᠰᠠᠶᠢᠬᠠᠨ ᠳᠠᠳᠬᠠᠯ ᠲᠠᠢ ᠪᠣᠯᠬᠤ ᠶᠢ ᠰᠠᠨᠠᠭᠠᠴᠢᠯᠠᠪᠠ᠃
1704177285597036670.png
        ᠲᠣᠰ ᠤᠳᠠᠭᠠᠨ ᠤ ᠠᠵᠢᠯᠯᠠᠭ᠎ᠠ ᠨᠢ ᠬᠠᠷᠢᠶᠠᠲᠤ ᠣᠷᠣᠨ ᠤ ᠵᠡᠮᠳᠡᠭᠴᠦᠳ ᠤᠨ ᠡᠪᠦᠯ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ᠂ ᠳᠡᠯᠭᠡᠷᠡᠬᠦ ᠬᠠᠨᠳᠤᠰᠢ ᠪᠠ ᠡᠪᠡᠳᠴᠢᠨ ᠤ ᠪᠠᠶᠢᠳᠠᠯ ᠤᠨ ᠲᠤᠬᠠᠢ ᠤᠯᠠᠮ ᠨᠢᠭᠡ ᠠᠯᠬᠤᠮ ᠣᠶᠢᠯᠠᠭᠠᠯᠲᠠ ᠲᠠᠢ ᠪᠣᠯᠭᠠᠵᠤ᠂ ᠡᠪᠦᠯ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠠᠮᠠᠭᠠᠯᠠᠬᠤ ᠤᠬᠠᠮᠰᠠᠷ ᠢ ᠨᠡᠮᠡᠭᠳᠡᠭᠦᠯᠵᠦ᠂ ᠥᠪᠡᠷ ᠢ ᠪᠠᠨ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠪᠡ᠃        ᠡᠬᠡ ᠪᠢᠴᠢᠭ ᠲᠤᠭᠤᠷᠪᠢᠭᠴᠢ᠄ ᠾᠥᠸᠧ ᠶᠢᠩ ᠴᠣᠣ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号