【 ᠪᠡᠳᠬᠡᠷ ᠵᠤᠤ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ】ᠵᠡᠮᠳᠡᠭᠴᠦᠳ ᠤᠨ ᠪᠠᠶᠠᠷ ᠤᠨ ᠡᠳᠦᠷ ᠢᠶᠠᠷ ᠠᠵᠠ ᠲᠤᠬᠢᠶᠠᠯ ᠪᠣᠯᠭᠠᠨ ᠤᠯᠠᠨ ᠶᠠᠩᠵᠤ ᠶᠢᠨ ᠰᠣᠶᠣᠯ ᠲᠠᠮᠢᠷ ᠤᠨ ᠬᠥᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/1/2
        ᠡᠨᠡ ᠵᠢᠯ ᠠᠴᠠ ᠨᠠᠰᠢ᠂ ᠪᠡᠳᠬᠡᠷ ᠵᠤᠤ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠵᠡᠮᠳᠡᠭᠴᠦᠳ ᠤᠨ ᠪᠠᠶᠠᠷ ᠤᠨ ᠡᠳᠦᠷ ᠢᠶᠠᠷ ᠠᠵᠠ ᠲᠣᠬᠢᠶᠠᠯ ᠪᠣᠯᠭᠠᠵᠤ᠂ ᠪᠠᠶᠠᠯᠢᠭ ᠰᠠᠶᠢᠬᠠᠨ ᠤᠯᠠᠨ ᠶᠠᠩᠵᠤ ᠶᠢᠨ ᠰᠣᠶᠣᠯ ᠲᠠᠮᠢᠷ ᠤᠨ ᠠᠵᠢᠯᠯᠠᠭ᠎ᠠ ᠶᠢ ᠥᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠵᠤ᠂ ᠬᠥᠮᠦᠯᠢᠭ ᠦᠵᠡᠯ ᠤᠨ ᠦᠵᠡᠯ ᠰᠠᠨᠠᠭ᠎ᠠ ᠪᠣᠯᠣᠨ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠰᠠᠶᠢᠨ ᠰᠠᠶᠢᠬᠠᠨ ᠰᠤᠷᠲᠠᠯ ᠢ ᠰᠠᠨᠠᠭᠠᠴᠢᠯᠠᠵᠤ᠂ ᠣᠨᠴᠠᠭᠠᠢ ᠠᠷᠭ᠎ᠠ ᠬᠡᠯᠪᠡᠷᠢ ᠪᠠᠷ ᠬᠠᠷᠢᠶ᠎ᠠ ᠣᠷᠣᠨ ᠤ ᠵᠡᠮᠳᠡᠭᠴᠦᠳ ᠲᠤ ᠬᠠᠶᠢᠷ᠎ᠠ ᠰᠡᠳᠬᠢᠯᠭᠡ ᠪᠠᠨ ᠢᠯᠡᠳᠬᠡᠪᠡ᠃        1 ᠰᠠᠷ᠎ᠠ ᠳᠤ ᠬᠠᠷᠢᠶᠠᠲᠤ ᠣᠷᠣᠨ ᠤ ᠵᠡᠮᠳᠡᠭᠴᠦᠳ ᠢ ᠵᠣᠬᠢᠶᠠᠨ ᠪᠠᠶᠢᠭᠤᠯᠵᠤ ︽ᠰᠢᠨ᠎ᠡ ᠵᠢᠯ ᠤᠨ ᠬᠤᠣᠰ ᠤᠶᠠᠩᠭ᠎ᠠ ᠬᠦᠷᠭᠡᠵᠦ᠂ ᠮᠦᠸᠧ ᠰᠢᠶᠠᠩ ᠬᠥᠮᠥᠰ ᠤᠨ ᠰᠡᠳᠬᠢᠯ ᠢ ᠳᠤᠯᠠᠭᠠᠴᠠᠭᠤᠯᠬᠤ︾ ᠴᠠᠭᠠᠨ ᠰᠠᠷ᠎ᠠ ᠶᠢᠨ ᠨᠠᠶᠢᠷ ᠤᠨ ᠠᠵᠢᠯᠯᠠᠭ᠎ᠠ ᠥᠷᠨᠢᠭᠦᠯᠵᠦ᠂ ᠥᠯᠵᠡᠶᠢᠲᠦ ᠡᠳᠦᠷ ᠤᠨ ᠪᠠᠶᠠᠷ ᠲᠤ ᠳ᠋ᠧᠩ ᠤᠨ ᠣᠨᠢᠰᠤᠭ᠎ᠠ ᠳᠠᠭᠠᠵᠤ᠂ ᠵᠣᠯ ᠵᠢᠷᠭᠠᠯ ᠤᠨ ᠳ᠋ᠧᠩ ᠢ ᠠᠳᠬᠤᠬᠤ ᠠᠵᠢᠯᠯᠠᠭ᠎ᠠ ᠥᠷᠨᠢᠭᠦᠯᠪᠡ︔ 2 ᠰᠠᠷ᠎ᠠ ᠳᠤ᠂ ᠰᠢᠲᠠᠷ᠎ᠠ ᠲᠠᠯᠪᠢᠬᠤ᠂ ᠭᠦᠵᠢᠷᠯᠡᠨ ᠴᠣᠬᠢᠵᠤ ᠰᠣᠶᠣᠯ ᠲᠠᠮᠢᠷ ᠤᠨ ᠠᠵᠢᠯᠯᠠᠭ᠎ᠠ ᠥᠷᠨᠢᠭᠦᠯᠪᠡ︔ 3 ᠰᠠᠷ᠎ᠠ ᠳᠤ᠂ ᠴᠢᠬᠢ ᠪᠠᠨ ᠬᠠᠶᠢᠷᠠᠯᠠᠬᠤ ᠡᠳᠦᠷᠯᠢᠭ ᠤᠨ ︽ᠰᠢᠨᠵᠢᠯᠡᠬᠦ ᠤᠬᠠᠭᠠᠨᠴᠢ ᠪᠠᠷ ᠴᠢᠬᠢ ᠪᠠᠨ ᠬᠠᠶᠢᠷᠠᠯᠠᠵᠤ ᠴᠢᠬᠢ ᠪᠠᠨ ᠬᠠᠮᠠᠭᠠᠯᠠᠵᠤ᠂ ᠰᠠᠨᠠᠭᠠᠴᠢᠯᠠᠭ᠎ᠠ ᠠᠴᠠ ᠪᠠᠨ ᠡᠷᠡᠭᠦᠯ ᠮᠡᠨᠳᠦ ᠶᠢ ᠪᠡᠶᠡᠯᠡᠭᠦᠯᠦᠶ᠎ᠡ︾ ᠭᠡᠬᠦ ᠸᠢᠳᠢᠤ᠋ ᠤᠬᠠᠭᠤᠯᠤᠨ ᠲᠠᠶᠢᠯᠪᠤᠷᠢᠯᠠᠬᠤ ᠵᠢᠴᠢ ᠬᠤᠯᠪᠣᠭᠳᠠᠯ ᠪᠦᠬᠦᠢ ᠮᠡᠳᠡᠯᠭᠡ ᠶᠢᠨ ᠲᠠᠶᠢᠯᠤᠮᠵᠢ ᠬᠢᠬᠦ ᠠᠵᠢᠯᠯᠠᠭ᠎ᠠ ᠥᠷᠨᠢᠭᠦᠯᠵᠦ᠂ ᠰᠣᠨᠣᠷ ᠲᠤᠳᠤᠤᠡᠬᠠᠭᠤᠷ ᠢ ᠰᠦᠢᠳᠬᠡᠯ ᠬᠤᠷᠢᠶᠠᠬᠤ ᠦᠭᠡᠢ ᠪᠠᠷ ᠲᠠᠷᠬᠠᠭᠠᠪᠠ᠃ ᠪᠦᠯᠬᠦᠮ ᠨᠡᠶᠢᠲᠡ ᠶᠢᠨ ᠰᠡᠳᠬᠢᠴᠡ ᠶᠢᠨ ᠡᠯᠡᠰᠦᠨ ᠴᠠᠷᠠᠭᠠᠨ ᠤ ᠠᠵᠢᠯᠯᠠᠭ᠎ᠠ ᠶᠢ ᠥᠷᠨᠢᠭᠦᠯᠵᠦ᠂ ᠵᠡᠮᠳᠡᠭᠴᠦᠳ ᠢ ᠬᠠᠪᠰᠤᠷᠤᠨ ᠨᠡᠷᠡᠨ ᠬᠡᠷᠡᠯᠳᠦ ᠰᠡᠳᠬᠢᠴᠡ ᠶᠢ ᠨᠢ ᠪᠠᠶᠢᠭᠤᠯᠤᠨ᠎ᠠ᠃ ᠰᠣᠶᠣᠯ ᠱᠠ ᠯᠦᠩ  ᠢᠶᠠᠷ ᠬᠠᠶᠢᠷ᠎ᠠ ᠬᠠᠯᠠᠮᠵᠢ ᠶᠢᠨ ᠨᠣᠮ ᠤᠨ ᠥᠷᠥᠭᠡ ᠨᠡᠭᠡᠭᠡᠵᠦ᠂ ᠵᠡᠮᠳᠡᠭ ᠡᠮᠡᠭᠲᠡᠶᠢᠴᠦᠳ ᠲᠤ ᠭᠤᠷᠪᠠᠨ ᠰᠠᠷ᠎ᠠ ᠶᠢᠨ ᠨᠠᠢᠮᠠᠨ ᠤ ᠡᠮᠡᠭᠲᠡᠶᠢᠴᠦᠳ ᠦᠨ ᠪᠠᠶᠠᠷ ᠤᠨ ᠠᠵᠢᠯᠯᠠᠭ᠎ᠠ ᠥᠷᠨᠢᠭᠦᠯᠪᠡ᠃
1704165163177041655.jpg
        4 ᠰᠠᠷ᠎ᠠ ᠳᠤ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠬᠠᠮᠲᠤ ᠪᠠᠷ ᠠᠷᠢᠭᠤᠨ ᠴᠡᠪᠡᠷ᠂ ᠬᠠᠮᠲᠤ ᠪᠠᠷ ᠬᠦᠴᠦᠨ ᠴᠢᠳᠠᠯ ᠢᠶᠠᠨ ᠡᠷᠭᠦᠬᠦ ᠡᠷᠡᠭᠦᠯ ᠬᠠᠮᠠᠭᠠᠯᠠᠯ ᠤᠨ ᠡᠳᠦᠷ ᠤᠨ ᠠᠵᠢᠯᠯᠠᠭ᠎ᠠ ᠥᠷᠨᠢᠭᠦᠯᠪᠡ︔ 5 ᠰᠠᠷ᠎ᠠ ᠳᠤ᠂ ᠵᠡᠮᠳᠡᠭᠴᠦᠳ ᠢ ᠲᠤᠰᠠᠯᠠᠬᠤ ᠡᠳᠦᠷ ᠤᠨ ᠰᠢᠷᠢᠰ ᠠᠵᠢᠯᠯᠠᠭ᠎ᠠ᠂ ᠤᠬᠠᠭᠤᠯᠤᠨ ᠲᠠᠶᠢᠯᠪᠤᠷᠢᠯᠠᠬᠤ ᠳᠤᠷ᠎ᠠ ᠰᠣᠨᠢᠷᠬᠠᠯ ᠤᠨ ᠠᠵᠢᠯᠯᠠᠭ᠎ᠠ᠂ ᠨᠠᠰᠤᠲᠠᠶᠢᠴᠤᠳ ᠤᠨ ᠵᠡᠮᠳᠡᠭᠴᠦᠳ ᠤᠨ ᠬᠤᠷᠤᠭᠤᠨ ᠲᠣᠭᠯᠠᠭᠠᠮ ᠤᠨ ᠠᠵᠢᠯᠯᠠᠭ᠎ᠠ ᠶᠢ ᠥᠷᠨᠢᠭᠦᠯᠵᠦ᠂ ᠳᠣᠲᠣᠭᠠᠳᠤ ᠰᠡᠳᠬᠢᠯ ᠤᠨ ᠶᠢᠷᠲᠢᠨᠴᠦ ᠶᠢᠨ ᠡᠸᠦ᠋ᠷᠦᠫᠡ ᠺᠠᠷᠲ ᠤᠨ ᠰᠡᠳᠬᠢᠴᠡ ᠶᠢᠨ ᠦᠢᠯᠡᠴᠢᠯᠡᠭᠡ ᠶᠢ ᠰᠦᠪᠡᠭᠴᠢᠯᠡᠵᠦ᠂ ᠵᠡᠮᠳᠡᠭᠴᠦᠳ ᠢ ᠰᠤᠷᠪᠤᠯᠵᠢᠯᠠᠨ ᠦᠵᠡᠵᠦ᠂ ᠤᠯᠠᠭᠠᠨ ᠳᠠᠭᠤᠤ ᠳᠠᠭᠤᠯᠠᠵᠤ᠂ ᠵᠡᠮᠳᠡᠭᠴᠦᠳ ᠢ ᠵᠣᠬᠢᠶᠠᠨ ᠪᠠᠶᠢᠭᠤᠯᠤᠨ ᠤᠷᠠᠨ ᠰᠠᠶᠢᠬᠠᠨ ᠤ ᠲᠣᠭᠯᠠᠯᠲᠠ ᠶᠢ ᠰᠣᠨᠢᠷᠬᠠᠪᠠ᠃
1704165269808065088.jpg
        6 ᠰᠠᠷ᠎ᠠ ᠳᠤ᠂ ᠵᠡᠮᠳᠡᠭᠴᠦᠳ ᠢ ᠵᠣᠬᠢᠶᠠᠨ ᠪᠠᠶᠢᠭᠤᠯᠤᠨ ᠳᠡᠯᠡᠬᠡᠢ ᠶᠢᠨ ᠲᠠᠮᠠᠬᠢ ᠲᠠᠲᠠᠬᠤ ᠦᠭᠡᠢ ᠡᠳᠦᠷ ᠤᠨ ᠠᠵᠢᠯᠯᠠᠭ᠎ᠠ᠂ ᠲᠦᠷᠪᠡᠨ ᠬᠤᠣᠷᠲᠠᠨ ᠢ ᠠᠷᠢᠯᠭᠠᠵᠤ ᠡᠷᠡᠭᠦᠯ ᠮᠡᠨᠳᠤ ᠶᠢ ᠬᠠᠮᠠᠭᠠᠯᠠᠬᠤ ᠠᠵᠢᠯᠯᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ ᠦᠨᠳᠦᠰᠦᠲᠡᠨ ᠤ ᠲᠦᠷᠦ ᠶᠢᠨ ᠪᠣᠳᠣᠯᠭ᠎ᠠ ᠪᠠ ᠽᠦᠩᠽᠢ ᠢᠳᠡᠬᠦ᠂ ᠦᠨᠦᠷᠲᠦ ᠤᠭᠤᠲᠠ ᠦᠢᠯᠡᠳᠬᠦ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠵᠢᠯᠯᠠᠭ᠎ᠠ᠂ ᠠᠯᠪᠠᠨ ᠵᠢᠷᠤᠮ ᠤᠨ ᠦᠰᠦ ᠵᠠᠰᠠᠬᠤ ᠵᠡᠷᠭᠡ ᠠᠵᠢᠯᠯᠠᠭ᠎ᠠ ᠳᠤ ᠣᠷᠣᠯᠴᠠᠭᠤᠯᠪᠠ︔ 7 ᠰᠠᠷ᠎ᠠ ᠳᠤ᠂ ᠨᠠᠰᠤᠲᠠᠶᠢᠴᠤᠳ ᠤᠨ ᠵᠡᠮᠳᠡᠭᠴᠦᠳ ᠲᠤ ᠴᠢᠭᠯᠡᠭᠦᠯᠦᠨ ᠡᠷᠡᠭᠦᠯ ᠮᠡᠨᠳᠦ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
1704165412502098902.jpg
        8 ᠰᠠᠷ᠎ᠠ ᠳᠤ᠂ ᠡᠷᠡᠭᠦᠯᠵᠢᠯ ᠤᠨ ᠠᠵᠢᠯᠯᠠᠭ᠎ᠠ᠂ ᠪᠦᠬᠦ ᠤᠯᠤᠰ ᠤᠨ ᠵᠡᠮᠳᠡᠭ ᠢ ᠰᠡᠷᠭᠡᠶᠢᠯᠡᠬᠦ ᠡᠳᠦᠷ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠪᠠ︔ 9 ᠰᠠᠷ᠎ᠠ ᠳᠤ ᠨᠡᠶᠢᠲᠡᠯᠢᠭ ᠬᠡᠯᠡ᠂ ᠭᠠᠵᠢᠭᠤ ᠨᠣᠮᠯᠠᠯ ᠢ ᠡᠰᠡᠷᠭᠦᠴᠡᠬᠦ ᠠᠵᠢᠯᠯᠠᠭ᠎ᠠ ᠶᠢ ᠥᠷᠨᠢᠭᠦᠯᠪᠡ︔ 12 ᠰᠠᠷ᠎ᠠ ᠳᠤ ᠳᠡᠯᠡᠬᠡᠢ ᠶᠢᠨ ᠵᠡᠮᠳᠡᠭ ᠬᠥᠮᠥᠨ ᠤ ᠡᠳᠦᠷᠯᠢᠭ ᠤᠨ ᠰᠢᠷᠢᠰ ᠠᠵᠢᠯᠯᠠᠭ᠎ᠠ᠂ ᠨᠢᠭᠡ ᠨᠢᠭᠡ ᠳᠤ ᠨᠢᠭᠡ ᠰᠡᠳᠬᠢᠴᠡ ᠶᠢᠨ ᠯᠠᠪᠯᠠᠯᠭ᠎ᠠ ᠶᠢᠨ ᠦᠢᠯᠡᠴᠢᠯᠡᠭᠡ᠂ ᠡᠷᠡᠭᠦᠯᠵᠢᠯ ᠤᠨ ᠮᠡᠳᠡᠯᠭᠡ ᠶᠢᠨ ᠤᠬᠠᠭᠤᠯᠭ᠎ᠠ᠂ ᠤᠷᠠᠯᠢᠭᠴᠢ ᠵᠡᠮᠳᠡᠭ ᠢ ᠲᠤᠰᠠᠯᠠᠬᠤ ᠶᠧᠯᠸᠢ ᠶᠢᠨ ᠳᠤᠭᠯᠠᠯᠳᠠ ᠶᠢᠨ ᠠᠵᠢᠯᠯᠠᠭ᠎ᠠ ᠵᠢᠴᠢ ᠦᠨᠳᠦᠰᠦᠨ ᠬᠠᠤᠯᠢ ᠶᠢᠨ ᠤᠬᠠᠭᠤᠯᠭ᠎ᠠ ᠥᠷᠨᠢᠭᠦᠯᠬᠦ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃
1704165486946004966.jpg
        ᠪᠡᠳᠬᠡᠷ ᠵᠣᠣ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ ᠡᠯ᠎ᠡ ᠵᠦᠢᠯ ᠦᠨ ᠠᠵᠢᠯᠯᠠᠭ᠎ᠠ ᠪᠠᠷ ᠠᠴᠢᠶᠠᠯᠠᠯᠭ᠎ᠠ ᠪᠣᠯᠭᠠᠵᠤ᠂ ᠬᠠᠷᠢᠶᠠᠲᠤ ᠣᠷᠣᠨ ᠤ ᠵᠡᠮᠳᠡᠭᠴᠦᠳ ᠢ ᠬᠠᠪᠰᠤᠷᠤᠨ ᠭᠡᠷ ᠠᠴᠠ ᠪᠠᠨ ᠭᠠᠷᠴᠤ᠂ ᠨᠡᠶᠢᠭᠡᠮ ᠳᠤ ᠠᠭᠤᠰᠭᠠᠨ᠂ ᠲᠡᠳᠡᠨ ᠢ ᠵᠣᠷᠢᠭᠵᠢᠭᠤᠯᠤᠨ ᠬᠠᠪᠰᠤᠷᠴᠤ ᠪᠠᠶᠢᠭᠠᠳ ᠪᠡᠶ᠎ᠡ ᠪᠠᠨ ᠳᠠᠭᠠᠭᠠᠭᠰᠠᠨ᠂ ᠥᠪᠡᠷ ᠢ ᠪᠠᠨ ᠢᠲᠡᠭᠡᠬᠦ᠂ ᠥᠪᠡᠷ ᠢ ᠪᠠᠨ ᠬᠦᠴᠦᠷᠬᠡᠭᠵᠢᠭᠦᠯᠬᠦ ᠬᠥᠮᠥᠨ ᠤ ᠠᠮᠢᠳᠤᠷᠠᠯ ᠤᠨ ᠵᠠᠮ ᠮᠥᠷ ᠳᠤᠮᠳᠠ ᠲᠠᠰᠤᠷᠠᠯᠲᠠ ᠦᠭᠡᠢ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠦᠨ ᠦᠵᠡᠯᠲᠡ ᠶᠢ ᠦᠢᠯᠡᠳᠦᠯᠭᠡᠵᠢᠭᠦᠯᠵᠦ᠂ ᠵᠡᠮᠳᠡᠭᠴᠦᠳ ᠦᠨ ᠦᠢᠯᠡᠰ ᠦᠨ ᠪᠦᠬᠦ ᠲᠠᠯ᠎ᠠ ᠪᠠᠷ ᠬᠥᠭᠵᠢᠬᠦ ᠳᠤ᠂ ᠵᠡᠮᠳᠡᠭᠴᠦᠳ ᠢ ᠬᠠᠪᠰᠤᠷᠤᠨ ᠵᠡᠮᠳᠡᠭᠴᠦᠳ ᠲᠤ ᠠᠱᠢᠭ ᠬᠦᠷᠲᠡᠭᠡᠬᠦ ᠭᠦᠨ ᠵᠤᠵᠠᠭᠠᠨ ᠨᠡᠶᠢᠭᠡᠮ ᠦᠨ ᠠᠭᠤᠷ ᠠᠮᠢᠰᠭᠤᠯ ᠢ ᠪᠣᠢ ᠪᠣᠯᠭᠠᠪᠠ᠃        ᠡᠬᠡ ᠪᠢᠴᠢᠭ ᠲᠤᠭᠤᠷᠪᠢᠭᠴᠢ᠄ ᠵᠤᠤ ᠰᠢᠶᠣᠣ ᠵᠢᠤᠸᠠᠨ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号