ᠰᠢᠭᠤᠶᠢᠲᠤ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ︽ᠦᠷᠳᠡᠭᠡ ᠵᠢᠭᠡᠯᠡᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠵᠦ᠂ ᠪᠠᠭ᠎ᠠ ᠬᠡᠮᠵᠢᠶ᠎ᠡ ᠪᠠᠷ ᠲᠣᠮᠣ ᠶᠢ ᠬᠠᠷᠠᠵᠤ︾ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠳᠦᠯᠲᠡ ᠶᠢ ᠪᠠᠶᠠᠯᠢᠭᠵᠢᠭᠤᠯᠪᠠ
ᠨᠡᠶᠢᠲᠡᠯᠡᠭᠰᠡᠨ ᠴᠠᠭ᠄
2024/1/2
        ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠭᠤᠣᠯ ᠰᠡᠳᠦᠪᠲᠦ ᠬᠥᠮᠦᠵᠢᠯ ᠤᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠢᠳᠡᠪᠬᠢᠲᠡᠢ ᠠᠰᠢᠭᠯᠠᠨ ᠭᠠᠵᠠᠷ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠵᠢᠯᠤᠭᠤᠳᠴᠤ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠬᠦᠰᠡᠯ ᠵᠡᠭᠦᠳᠦ ᠪᠠ ᠰᠢᠨᠵᠢᠯᠡᠬᠦ ᠤᠬᠠᠭᠠᠨ ᠤ ᠬᠦᠰᠡᠯ ᠵᠣᠷᠢᠯᠲᠠ ᠶᠢ ᠬᠥᠭᠵᠢᠭᠡᠵᠦ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠬᠤ ᠶᠢᠨ ᠲᠥᠯᠥᠭᠡ᠃ 12 ᠰᠠᠷ᠎ᠠ ᠶᠢᠨ 21  ᠤ ᠡᠳᠦᠷ᠂  ᠰᠢᠭᠤᠶᠢᠲᠤ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠦᠨ ᠨᠡᠶᠢᠭᠡᠮᠯᠢᠭ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠭᠠᠨ ᠰᠤᠷᠭᠠᠬᠤ ᠪᠠᠭᠠᠵᠢ ᠶᠢ ᠪᠡᠯᠡᠭᠯᠡᠬᠦ︾ ᠠᠵᠢᠯᠯᠠᠭ᠎ᠠ ᠥᠷᠨᠢᠭᠦᠯᠵᠦ᠂ ᠪᠠᠭ᠎ᠠ ᠵᠦᠢᠯ ᠢᠶᠠᠷ ᠪᠦᠬᠦ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠬᠥᠳᠡᠯᠭᠡᠨ᠎ᠡ᠃
1703759972830004766.png
        ᠠᠵᠢᠯᠯᠠᠭ᠎ᠠ ᠶᠢᠨ ᠲᠤᠬᠠᠢ ᠶᠢᠨ ᠡᠳᠦᠷ᠂ ᠰᠢᠭᠤᠶᠢᠲᠤ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠬᠠᠷᠢᠶ᠎ᠠ ᠣᠷᠣᠨ ᠤ ᠪᠠᠨ ᠲᠣᠮᠣ ᠰᠣᠷᠢᠨᠵᠢᠨ ᠵᠡᠭᠡᠯᠢ ᠭᠤᠳᠤᠮᠵᠢ᠂ ᠳ᠋ᠠ ᠹᠠ ᠵᠡᠭᠡᠯᠢ ᠭᠤᠳᠤᠮᠵᠢ᠂ ᠳ᠋ᠠ ᠳ᠋ᠧ ᠾᠧᠩ ᠵᠡᠭᠡᠯᠢ ᠭᠤᠳᠤᠮᠵᠢ ᠳᠤ ᠵᠠᠯᠠᠭᠤᠴᠤᠳ ᠪᠠᠭᠠᠴᠤᠳ ᠤᠨ ᠮᠠᠰᠢᠨ ᠬᠥᠮᠥᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠭᠠᠨ ᠰᠤᠷᠭᠠᠯᠲᠠ ᠶᠢᠨ ᠬᠡᠷᠡᠭᠰᠡᠯ ᠢ ᠨᠡᠶᠢᠲᠡ 9 ᠢᠵᠢ ᠬᠠᠨᠳᠢᠪᠯᠡᠪᠠ᠃ ᠮᠠᠰᠢᠨ ᠬᠥᠮᠥᠨ ᠤ ᠮᠡᠳᠡᠯᠭᠡ ᠶᠢ ᠲᠦᠭᠡᠮᠡᠯᠵᠢᠭᠦᠯᠬᠦ ᠪᠠᠷ ᠳᠠᠮᠵᠢᠭᠤᠯᠤᠨ᠂ ᠵᠠᠯᠠᠭᠤᠴᠤᠳ ᠪᠠᠭᠠᠴᠤᠳ ᠲᠤ ᠮᠠᠰᠢᠨ ᠬᠥᠮᠥᠨ ᠤ ᠡᠭᠦᠰᠦᠯ᠂ ᠲᠥᠷᠥᠯ ᠵᠦᠢᠯ᠂ ᠬᠡᠷᠡᠭᠯᠡᠭᠡᠨ ᠤ ᠬᠦᠷᠢᠶ᠎ᠡ ᠬᠡᠪᠴᠢᠶ᠎ᠡ ᠵᠢᠴᠢ ᠮᠠᠰᠢᠨ ᠬᠥᠮᠥᠨ ᠦᠢᠯᠡᠳᠬᠦ ᠵᠡᠷᠭᠡ ᠮᠡᠳᠡᠭᠡ ᠵᠠᠩᠭᠢ ᠶᠢ ᠣᠶᠢᠯᠠᠭᠠᠭᠤᠯᠵᠤ ᠪᠣᠯᠣᠨ᠎ᠠ︔ ᠮᠠᠰᠢᠨ ᠬᠥᠮᠥᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠭᠠᠨ ᠰᠤᠷᠭᠠᠯᠲᠠ ᠶᠢᠨ ᠪᠠᠭᠠᠵᠢ ᠶᠢ ᠤᠭᠰᠠᠷᠠᠬᠤ ᠪᠠᠷ ᠳᠠᠮᠵᠢᠭᠤᠯᠤᠨ᠂ ᠵᠠᠯᠠᠭᠤᠴᠤᠳ ᠪᠠᠭᠠᠴᠤᠳ ᠤᠨ ᠮᠧᠬᠠᠨᠢᠭ ᠳᠠᠮᠵᠢᠭᠤᠯᠭ᠎ᠠ ᠶᠢᠨ ᠪᠦᠲᠦᠴᠡ ᠵᠢᠴᠢ ᠤᠭ ᠶᠣᠰᠣ᠂ ᠠᠷᠠᠭᠠᠲᠤ ᠬᠦᠷᠳᠦ ᠶᠢ ᠬᠡᠷᠡᠭᠯᠡᠬᠦ ᠵᠡᠷᠭᠡ ᠬᠠᠮᠢᠶ᠎ᠠ ᠪᠦᠬᠦᠢ ᠮᠡᠳᠡᠯᠭᠡ ᠶᠢᠨ ᠳᠤᠷ᠎ᠠ ᠰᠣᠨᠢᠷᠬᠠᠯ ᠢ ᠬᠥᠭᠵᠢᠭᠡᠵᠦ᠂ ᠰᠠᠷᠨᠢᠬᠤ ᠴᠢᠨᠠᠷᠲᠠᠢ ᠰᠡᠳᠬᠢᠬᠦᠢ᠂ ᠰᠢᠨ᠎ᠡ ᠶᠢ ᠡᠭᠦᠳᠬᠦ ᠰᠡᠳᠬᠢᠬᠦᠢ ᠵᠢᠴᠢ ᠦᠢᠯᠡᠳᠦᠯᠭᠡ ᠶᠢᠨ ᠭᠠᠷ ᠬᠥᠳᠡᠯᠬᠦ ᠴᠢᠳᠠᠪᠤᠷᠢ ᠶᠢ ᠬᠥᠮᠥᠵᠢᠭᠦᠯᠪᠡ᠃        ᠳᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠵᠠᠯᠠᠭᠤᠴᠤᠳ ᠪᠠᠭᠠᠴᠤᠳ ᠤᠨ ᠤᠶᠤᠨ ᠤ ᠰᠣᠶᠣᠯ ᠤᠨ ᠠᠮᠢᠳᠤᠷᠠᠯ ᠢ ᠦᠷᠭᠦᠯᠵᠢᠯᠡᠨ ᠠᠩᠬᠠᠷᠴᠤ᠂ ᠰᠤᠷᠭᠠᠭᠤᠯᠢ ᠶᠢᠨ ᠬᠦᠷᠢᠶᠡᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠨᠡᠶᠢᠭᠡᠮ ᠲᠣᠭᠤᠷᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ ᠣᠯᠬᠤ ᠠᠷᠭ᠎ᠠ ᠵᠠᠮ ᠢ ᠢᠳᠡᠪᠬᠢᠲᠡᠢ ᠥᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢ ᠣᠶᠢᠯᠠᠭᠠᠬᠤ ᠲᠠᠪᠴᠠᠩ ᠢ ᠪᠠᠶᠢᠭᠤᠯᠵᠤ᠂ ᠵᠠᠯᠠᠭᠤᠴᠤᠳ ᠪᠠᠭᠠᠴᠤᠳ ᠤᠨ ᠰᠢᠨ᠎ᠡ ᠶᠢ ᠡᠭᠦᠳᠬᠦ ᠤᠬᠠᠮᠰᠠᠷ ᠪᠣᠯᠣᠨ ᠦᠢᠯᠡᠳᠦᠯᠭᠡ ᠶᠢᠨ ᠴᠢᠳᠠᠪᠤᠷᠢ ᠶᠢ ᠲᠠᠰᠤᠷᠠᠯᠲᠠ ᠦᠭᠡᠢ ᠬᠥᠮᠥᠵᠢᠭᠦᠯᠵᠦ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠣᠯᠣᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号