ᠣᠯᠠᠨ ᠨᠡᠶᠢᠲᠡ ᠶᠢᠨ ᠵᠢᠭᠤᠯᠴᠢᠯᠠᠯ ᠤᠨ ᠴᠠᠭ ᠦᠶ᠎ᠡ ᠳᠤ ᠵᠢᠭᠤᠯᠴᠢᠯᠠᠯ ᠨᠢ ᠨᠢᠭᠡᠨᠲᠡ ᠬᠥᠮᠥᠰ ᠤᠨ | ᠠᠮᠢᠳᠤᠷᠠᠯ ᠳᠤ ᠲᠤᠲᠠᠭᠳᠠᠵᠤ ᠪᠣᠯᠣᠰᠢ ᠦᠭᠡᠢ ᠪᠦᠷᠢᠯᠳᠦᠭᠦᠨ ᠬᠡᠰᠡᠭ ᠪᠣᠯᠵᠠᠢ᠃ ᠥᠩᠭᠡᠷᠡᠭᠰᠡᠨ ᠬᠡᠳᠦᠨ ᠵᠢᠯ ᠳᠤ᠂ | ᠣᠯᠠᠩᠬᠢ ᠵᠢᠭᠤᠯᠴᠢᠯᠠᠭᠴᠢᠳ ᠡᠳᠦᠷ ᠲᠤᠲᠤᠮ ᠤᠨ ᠠᠮᠢᠳᠤᠷᠠᠯ ᠠᠴᠠ ᠠᠩᠭᠢᠵᠢᠷᠠᠵᠤ᠂ ᠤᠷᠮ᠎ᠠ ᠰᠡᠳᠬᠢᠯ ᠢᠶᠠᠨ | ᠰᠠᠶᠢᠵᠢᠷᠠᠭᠤᠯᠬᠤ ᠴᠢᠬᠤᠯᠠ ᠠᠷᠭ᠎ᠠ ᠮᠠᠶ᠋ᠢᠭ ᠭᠡᠵᠦ ᠦᠵᠡᠳᠡᠭ᠃ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ | 2024 ᠣᠨ ᠳᠤ ᠬᠥᠮᠥᠰ ᠶᠠᠮᠠᠷ ᠶᠠᠩᠵᠤ ᠶᠢᠨ ᠵᠢᠭᠤᠯᠴᠢᠯᠠᠯ ᠢ ᠬᠦᠰᠡᠨ ᠬᠦᠯᠢᠶᠡᠵᠦ ᠪᠠᠶᠢᠬᠤ ᠪᠤᠢ︖ ᠪᠦᠭᠦ | ᠳᠡᠯᠡᠬᠡᠢ ᠶᠢᠨ ᠲᠡᠷᠢᠭᠦᠨ ᠤ ᠪᠠᠭᠤᠳᠠᠯ ᠵᠢᠴᠢ ᠬᠤᠨᠤᠭ ᠪᠠᠭᠤᠳᠠᠯ ᠵᠠᠬᠢᠶᠠᠯᠠᠬᠤ ᠲᠠᠪᠴᠠᠩ ᠤᠨ ᠰᠣᠯᠣᠩᠭᠠᠨ | ᠵᠠᠯᠠᠭᠠᠳ ᠠᠴᠠ ᠡᠭᠦᠰᠬᠡᠨ᠂ 2.7 ᠲᠦᠮᠡᠨ ᠬᠥᠮᠥᠨ ᠣᠷᠣᠯᠴᠠᠬᠰᠠᠨ ᠨᠢᠭᠡ ᠵᠦᠢᠯ ᠤᠨ ᠬᠠᠮᠤᠭ ᠰᠢᠨ᠎ᠡ ᠪᠠᠶᠢᠴᠠᠭᠠᠨ | ᠰᠤᠳᠤᠯᠤᠯᠲᠠ ᠨᠢ᠂ ᠳᠣᠯᠣᠭᠠᠨ ᠶᠡᠭᠡ ᠢᠷᠡᠭᠡᠳᠦᠢ ᠶᠢᠨ ᠠᠶᠠᠯᠠᠯ ᠤᠨ ᠬᠠᠨᠳᠤᠰᠢ ᠶᠢ ᠢᠯᠡᠷᠡᠭᠦᠯᠦᠨ᠂ ᠬᠥᠮᠥᠰ ᠬᠡᠷᠬᠢᠨ | ᠵᠢᠭᠤᠯᠴᠢᠯᠠᠬᠤ ᠠᠷᠭ᠎ᠠ ᠭᠡᠯᠪᠡᠷᠢ ᠪᠠᠷ ᠳᠠᠮᠵᠢᠨ ᠶᠢᠷᠲᠢᠨᠴᠦ ᠶᠢ ᠬᠠᠶᠢᠨ ᠰᠦᠪᠡᠭᠴᠢᠯᠡᠵᠦ᠂ ᠠᠮᠢᠳᠤᠷᠠᠯ ᠢ | ᠪᠠᠶᠠᠯᠢᠭᠵᠢᠭᠤᠯᠤᠨ᠂ ᠨᠡᠩ ᠰᠠᠶᠢᠨ ᠰᠠᠶᠢᠬᠠᠨ ᠠᠮᠢᠳᠤᠷᠠᠯ ᠤᠨ ᠥᠩᠭᠡᠷᠡᠭᠡᠯᠲᠡ ᠶᠢ ᠡᠭᠦᠳᠪᠡ᠃ | ᠪᠠᠶᠢᠴᠠᠭᠠᠨ ᠰᠤᠳᠤᠯᠤᠯᠲᠠ ᠳᠤ ᠢᠯᠡᠷᠡᠭᠦᠯᠦᠭᠰᠡᠨ ᠢᠶᠠᠷ᠂ 33 ᠤᠯᠤᠰ ᠪᠠ ᠭᠠᠵᠠᠷ ᠣᠷᠣᠨ ᠠᠴᠠ | ᠢᠷᠡᠭᠰᠡᠨ ᠪᠠᠶᠢᠴᠠᠭᠠᠯᠲᠠ ᠶᠢ ᠬᠦᠯᠢᠶᠡᠭᠰᠡᠳ ᠲᠤ ᠠᠪᠴᠤ ᠬᠡᠯᠡᠪᠡᠯ᠂ 2024 ᠣᠨ ᠳᠤ ᠵᠤᠭᠠᠴᠠᠬᠤ ᠨᠢ ᠪᠦᠷ | ᠠᠮᠢᠳᠤᠷᠠᠯ ᠤᠨ ᠨᠢᠭᠡ ᠬᠡᠰᠡᠭ ᠪᠣᠯᠣᠨ᠎ᠠ᠃ ᠣᠶᠢᠷᠠᠯᠴᠠᠭ᠎ᠠ ᠪᠠᠷ 90 ᠬᠤᠪᠢ (88 % ) ᠳᠤᠮᠳᠠᠳᠤ ᠤᠯᠤᠰ ᠤᠨ | ᠵᠢᠭᠤᠯᠴᠢᠨ ᠠᠮᠠᠷᠠᠯᠲᠠ ᠥᠩᠭᠡᠷᠡᠭᠡᠬᠦ ᠦᠶ᠎ᠡ ᠳᠤ ᠤᠷᠢᠳᠤ ᠡᠮᠦᠨ᠎ᠡ ᠪᠠᠶᠢᠭ᠎ᠠ ᠦᠭᠡᠢ ᠠᠮᠢᠵᠢᠷᠭᠠᠨ ᠤ ᠬᠦᠴᠦᠨᠲᠡᠢ | ᠰᠠᠨᠠᠭᠳᠠᠬᠤ ᠪᠥᠭᠡᠳ ᠡᠭᠦᠨ ᠳᠤ 75 ᠬᠤᠪ ᠤᠨ ᠬᠥᠮᠥᠨ ᠲᠡᠳᠡ ᠨᠠᠷ ᠠᠶᠠᠯᠠᠯ ᠵᠢᠭᠤᠯᠴᠢᠯᠠᠯ ᠳᠤ ᠬᠠᠮᠤᠭ ᠤᠨ | ᠰᠠᠶᠢᠨ ᠥᠪᠡᠷ ᠢ ᠪᠠᠨ ᠬᠠᠷᠠᠭᠤᠯᠤᠭᠰᠠᠨ ᠭᠡᠵᠦ ᠦᠵᠡᠳᠡᠭ ᠪᠠᠶᠢᠨ᠎ᠠ᠃ | ᠰᠢᠨ᠎ᠡ ᠨᠢᠭᠡ ᠵᠢᠯ ᠳᠤ ᠬᠥᠮᠥᠰ ᠤᠨ ᠪᠠᠭ᠋ᠠᠷᠬᠠᠳᠠᠭ ᠳᠣᠯᠣᠭᠠᠨ ᠶᠡᠭᠡ ᠲᠥᠷᠥᠯ ᠤᠨ ᠵᠢᠭᠤᠯᠴᠢᠯᠠᠯ ᠤᠨ | ᠠᠷᠭ᠎ᠠ ᠮᠠᠶ᠋ᠢᠭ ᠤᠨ ᠨᠢᠭᠡ ᠨᠢ᠂ ᠨᠥᠭᠦᠭᠡᠳᠡᠭᠢ ᠨᠢ ᠦᠨᠡᠨ ᠪᠢ᠂ ᠠᠮᠢᠳᠤᠷᠠᠯ ᠤᠨ ᠭᠤᠣᠯ ᠲᠣᠭᠯᠠᠭᠴᠢ ᠪᠣᠯᠣᠨ᠎ᠠ᠃ | 75 % ᠤ ᠲᠣᠬᠢᠷᠠᠭᠤᠯᠭ᠎ᠠ ᠶᠢ ᠬᠦᠯᠢᠶᠡᠵᠦ ᠪᠠᠶᠢᠭ᠎ᠠ ᠳᠤᠮᠳᠠᠳᠤ ᠤᠯᠤᠰ ᠤᠨ ᠵᠢᠭᠤᠯᠴᠢᠯᠠᠭᠴᠢᠳ ᠥᠪᠡᠷ ᠢ ᠪᠠᠨ | ᠠᠮᠠᠷᠠᠯᠲᠠ ᠥᠩᠭᠡᠷᠡᠭᠡᠬᠦ ᠦᠶ᠎ᠡ ᠳᠤ ᠥᠪᠡᠷ ᠢ ᠪᠠᠨ ᠬᠠᠮᠤᠭ ᠰᠠᠶᠢᠨ ᠢᠯᠡᠷᠡᠭᠦᠯᠵᠦ᠂ ᠬᠦᠯᠢᠶᠡᠰᠦᠯᠡᠯ ᠠᠴᠠ | ᠮᠤᠯᠲᠤᠷᠠᠵᠤ᠂ ᠥᠪᠡᠷ ᠤᠨ ᠰᠢᠨ᠎ᠡ ᠥᠪᠡᠷᠮᠢᠴᠡ ᠵᠠᠩ ᠴᠢᠨᠠᠷ ᠢᠶᠠᠨ ᠲᠡᠪᠡᠷᠢᠵᠦ᠂ 81 % ᠤ ᠳᠤᠮᠳᠠᠳᠤ ᠤᠯᠤᠰ ᠤᠨ | ᠵᠢᠭᠤᠯᠴᠢᠯᠠᠭᠴᠢᠳ ︽ᠭᠤᠣᠯ ᠥᠨᠴᠥᠭ ᠤᠨ ᠡᠨᠧᠷᠭᠢ︾᠂ ᠲᠤᠬᠠᠶᠢᠯᠠᠪᠠᠯ ᠵᠢᠭᠤᠯᠴᠢᠯᠠᠯ ᠤᠨ ᠳᠤᠮᠳᠠ ︽ᠥᠪᠡᠷ ᠤᠨ | ᠠᠮᠢᠳᠤᠷᠠᠯ ᠤᠨ ᠭᠤᠣᠯ ᠲᠣᠭᠯᠠᠭᠴᠢ︾ ᠶᠢᠨ ᠬᠦᠴᠦᠨ ᠢ ᠣᠯᠵᠤ᠂ 80 % ᠤ ᠳᠤᠮᠳᠠᠳᠤ ᠤᠯᠤᠰ ᠤᠨ | ᠵᠢᠭᠤᠯᠴᠢᠯᠠᠭᠴᠢᠳ ᠡᠳᠦᠷ ᠲᠤᠲᠤᠮ ᠤᠨ ᠠᠮᠢᠳᠤᠷᠠᠯ ᠤᠨ ᠳᠠᠷᠠᠭ᠎ᠠ ᠨᠡᠩ ᠶᠠᠭ ᠠᠮᠠᠷᠠᠯᠲᠠ ᠥᠩᠭᠡᠷᠡᠭᠡᠬᠦ ᠦᠶ᠎ᠡ ᠶᠢᠨ | ᠥᠪᠡᠷ ᠤᠨ ᠪᠡᠶ᠎ᠡ ᠲᠠᠢ ᠪᠠᠨ ᠠᠳᠠᠯᠢ ᠪᠤᠯᠬᠤ ᠶᠢ ᠬᠦᠰᠡᠵᠦ ᠪᠠᠶᠢᠨ᠎ᠠ ᠭᠡᠵᠦ ᠦᠵᠡᠵᠦ ᠪᠠᠶᠢᠨ᠎ᠠ᠃ | ᠬᠤᠶᠠᠳᠤᠭᠠᠷ ᠲᠥᠷᠥᠯ ᠨᠢ ᠪᠣᠯ ᠣᠨᠢᠰᠤ ᠳᠠᠶᠢᠯᠠᠵᠤ ᠵᠤᠰᠠᠬᠤ ᠰᠠᠶᠢᠨ ᠠᠷᠭ᠎ᠠ᠂ ᠪᠠᠶᠢᠭᠠᠯᠢ ᠲᠠᠢ | ᠣᠶᠢᠷᠠᠲᠤᠬᠤ ᠵᠢᠭᠤᠯᠴᠢᠯᠠᠯ ᠪᠣᠯᠣᠨ᠎ᠠ᠃ 76% ᠤᠨᠲ᠋ᠤᠮᠳᠠᠳᠤ ᠤᠯᠤᠰ ᠤᠨ ᠵᠢᠭᠤᠯᠴᠢᠳ ᠤᠨ ᠦᠵᠡᠬᠦ ᠪᠠᠷ᠂ ᠴᠠᠭ | ᠠᠭᠠᠷ ᠤᠨ ᠥᠭᠡᠷᠡᠴᠢᠯᠡᠯᠲᠡ ᠨᠢ 2024 ᠣᠨ ᠳᠤ ᠲᠡᠳᠡ ᠨᠠᠷ ᠤᠨ ᠠᠮᠠᠷᠠᠯᠲᠠ ᠠᠪᠬᠤ ᠪᠠᠷ ᠲᠥᠯᠥᠪᠯᠡᠵᠦ ᠪᠠᠶᠢᠭ᠎ᠠ | ᠠᠷᠭ᠎ᠠ ᠭᠡᠯᠪᠡᠷᠢ ᠶᠢ ᠨᠥᠯᠥᠭᠡᠯᠡᠬᠦ ᠪᠣᠯᠣᠨ᠎ᠠ᠃ ᠰᠠᠭᠤᠭ᠎ᠠ ᠭᠠᠵᠠᠷ ᠤᠨ ᠣᠶᠢᠷᠠᠯᠴᠠᠭᠠᠬᠢ ᠠᠭᠠᠷ ᠤᠨ ᠳᠤᠯᠠᠭᠠᠨ | ᠲᠦᠷᠭᠡᠨ ᠳᠡᠭᠡᠭᠰᠢᠯᠡᠬᠦ ᠶᠢ ᠳᠠᠭᠠᠯᠳᠤᠨ᠂ 79 % ᠤ ᠬᠥᠮᠥᠨ ᠠᠮᠠᠷᠠᠯᠲᠠ ᠶᠢᠨ ᠬᠤᠭᠤᠴᠠᠭ᠎ᠠ ᠪᠠᠨ ᠠᠰᠢᠭᠯᠠᠨ | ᠪᠤᠰᠤᠳ ᠭᠠᠵᠠᠷ ᠣᠴᠢᠵᠤ ᠵᠤᠰᠠᠳᠠᠭ᠃ ᠲᠥᠰᠥᠭᠡᠯᠡᠭᠰᠡᠨ ᠢᠶᠠᠷ᠂ ᠤᠰᠤᠨ ᠳᠡᠭᠡᠷᠡᠬᠢ ᠶᠤᠭ᠎ᠠ ᠶᠢᠨ ᠤᠷᠤᠯᠳᠤᠭᠠᠨ᠂ | ᠤᠰᠤᠨ ᠳᠠᠭᠤᠨ ᠤ ᠤᠬᠢᠶᠠᠯᠭ᠎ᠠ ᠪᠣᠯᠣᠨ ᠮᠥᠰᠥ ᠴᠠᠰᠤᠨ ᠤ ᠭᠦᠨ ᠰᠡᠳᠬᠢᠭᠳᠡᠯ ᠤᠨ ᠬᠡᠷᠡᠭᠴᠡᠭᠡ ᠣᠬᠴᠣᠮ | ᠨᠡᠮᠡᠭᠳᠡᠵᠦ᠂ ᠮᠥᠰᠥ ᠪᠠᠷ ᠵᠠᠰᠠᠮᠵᠢᠯᠠᠬᠤ᠂ ᠤᠰᠤᠨ ᠳᠣᠣᠷᠠᠬᠢ ᠵᠣᠴᠢᠳ ᠪᠠᠭᠤᠳᠠᠯ ᠪᠣᠯᠣᠨ ᠬᠥᠮᠥᠨ ᠵᠢᠭᠠᠰᠤᠨ ᠤ | ᠰᠣᠶᠣᠯ ᠤᠨ ᠠᠰᠤᠷᠤ ᠲᠦᠷᠭᠡᠨ ᠬᠥᠭᠵᠢᠯ ᠢ ᠤᠭᠲᠤᠬᠤ ᠪᠣᠯᠣᠨ᠎ᠠ᠃ | ᠶᠠᠪᠤᠨ᠎ᠠ ᠭᠡᠪᠡᠯ ᠶᠠᠪᠤᠬᠤ ᠠᠶᠠᠯᠠᠯ ᠨᠢ ᠪᠠᠰᠠ 77 % ᠤ ᠳᠤᠮᠳᠠᠳᠤ ᠤᠯᠤᠰ ᠤᠨ ᠵᠢᠭᠤᠯᠴᠢᠯᠠᠭᠴᠢᠳ ᠤᠨ | ᠵᠤᠭᠠᠴᠠᠯ ᠤᠨ ᠬᠠᠯᠠᠭᠤᠨ ᠰᠡᠳᠬᠢᠯᠭᠡ ᠪᠣᠯᠵᠠᠢ᠃ ᠪᠠᠶᠢᠴᠠᠭᠠᠨ ᠰᠤᠳᠤᠯᠤᠭᠰᠠᠨ ᠦᠷ᠎ᠡ ᠳ᠋ᠦᠩ ᠳᠤ | ᠢᠯᠡᠷᠡᠭᠦᠯᠦᠭᠰᠡᠨ ᠢᠶᠠᠷ᠂ 63 % ᠶᠢ ᠡᠵᠡᠯᠡᠬᠦ ᠳᠤᠮᠳᠠᠳᠤ ᠤᠯᠤᠰ ᠤᠨ ᠵᠢᠭᠤᠯᠴᠢᠨ ᠠᠶᠠᠯᠠᠬᠤ ᠠᠴᠠ ᠡᠮᠦᠨ᠎ᠡ | ᠲᠣᠭᠲᠠᠮᠠᠯ ᠲᠥᠯᠥᠪᠯᠡᠭᠡ ᠲᠣᠭᠲᠠᠭᠠᠬᠤ ᠰᠠᠨᠠᠭ᠎ᠠ ᠦᠭᠡᠢ᠂ ᠬᠠᠷᠢᠨ ᠠᠶᠠᠨ ᠵᠠᠮ ᠳᠠᠭᠠᠨ ᠳᠤᠷ᠎ᠠ ᠪᠠᠷ ᠢᠶᠠᠨ ᠶᠠᠪᠤᠵᠤ | ᠪᠣᠯᠣᠨ᠎ᠠ᠃ ᠡᠭᠦᠨ ᠠᠴᠠ ᠭᠠᠳᠠᠨ᠎ᠠ᠂ ᠵᠣᠬᠢᠶᠠᠮᠠᠯ ᠣᠶᠤᠨ ᠴᠢᠳᠠᠪᠤᠷᠢ ᠶᠢᠨ ᠳᠡᠯᠪᠡᠷᠡᠯᠲᠡ ᠶᠢᠨ ᠮᠠᠶ᠋ᠢᠭ ᠤᠨ ᠨᠡᠮᠡᠭᠳᠡᠯ | ᠨᠢ ᠶᠠᠭ ᠭᠤᠣᠯ ᠤᠷᠤᠰᠬᠠᠯ ᠤᠨ ᠬᠠᠨᠳᠤᠰᠢ ᠪᠣᠯᠵᠤ᠂ 73 % ᠤ ᠵᠢᠭᠤᠯᠴᠢᠯᠠᠭᠴᠢᠳ ᠵᠣᠬᠢᠶᠠᠮᠠᠯ ᠣᠶᠤᠨ | ᠴᠢᠳᠠᠪᠤᠷᠢ ᠨᠢ ᠲᠡᠳᠡᠨ ᠳᠤ ᠠᠶᠠᠨ ᠵᠠᠮ ᠲᠥᠰᠥᠪᠯᠡᠵᠦ ᠥᠭᠴᠦ ᠪᠤᠯᠬᠤ ᠶᠢ ᠢᠲᠡᠭᠡᠵᠡᠢ᠃ | ᠠᠮᠲᠠᠲᠤ ᠢᠳᠡᠭᠡᠨ ᠤ ᠲᠤᠷᠰᠢᠭᠤᠯ᠂ ᠠᠮᠲᠠ ᠣᠷᠣᠭᠤᠯᠬᠤ ᠡᠳ᠋ ᠴᠡᠭᠡᠵᠢᠯᠡᠬᠦᠢ ᠶᠢ ᠰᠡᠷᠡᠭᠡᠬᠦ ᠪᠣᠯ | ᠵᠣᠩᠬᠢᠯᠠᠬᠤ ᠣᠯᠠᠨ ᠲᠣᠭᠠᠨ ᠤ ᠵᠢᠭᠤᠯᠴᠢᠯᠠᠭᠴᠢᠳ ᠤᠨ ᠬᠦᠰᠡᠨ ᠡᠷᠡᠮᠡᠯᠵᠡᠵᠦ ᠪᠠᠶᠢᠭ᠎ᠠ ᠥᠩᠭᠡᠷᠡᠯᠲᠡ ᠪᠣᠯᠣᠨ᠎ᠠ᠃ | (83 % ) ᠠᠴᠠ ᠳᠠᠪᠠᠭᠰᠠᠨ ᠳᠤᠮᠳᠠᠳᠤ ᠤᠯᠤᠰ ᠤᠨ ᠵᠢᠭᠤᠯᠴᠢᠳ ᠤᠭ ᠤᠨ ᠬᠢ ᠠᠴᠠ ᠪᠠᠨ ᠨᠡᠩ | ᠰᠣᠨᠢᠷᠬᠠᠯᠲᠠᠢ ᠪᠠᠶᠢᠵᠤ ᠠᠮᠲᠠᠲᠤ ᠬᠤᠭᠤᠯᠠᠨ ᠤ ᠡᠭᠦᠰᠦᠯ ᠢ ᠣᠶᠢᠯᠠᠭᠠᠵᠤ᠂ 2024 ᠣᠨ ᠳᠤ ᠲᠤᠬᠠᠢ ᠶᠢᠨ | ᠨᠤᠲᠤᠭ ᠤᠨ ᠥᠪᠡᠷᠮᠢᠴᠡ ᠠᠮᠲᠠᠲᠤ ᠬᠤᠭᠤᠯᠠ ᠶᠢ ᠲᠤᠷᠰᠢᠵᠤ᠂ ᠤᠯᠠᠮᠵᠢᠯᠠᠯᠲᠤ ᠦᠨᠦᠷ ᠠᠮᠲᠠ ᠶᠢ ᠨᠡᠩ | ᠰᠣᠨᠢᠷᠬᠠᠬᠤ ᠪᠣᠯᠪᠠ᠃ | ᠪᠦᠭᠦ ᠪᠥᠮᠪᠥᠷᠴᠡᠭ ᠤᠨ ᠲᠣᠭᠲᠠᠭᠤᠨ ᠪᠤᠰᠤ ᠪᠠ ᠡᠳᠦᠷ ᠢᠷᠡᠬᠦᠶ᠎ᠡ ᠶᠠᠭᠠᠷᠠᠯᠲᠠᠢ ᠳᠡᠯᠡᠬᠡᠢ ᠶᠢᠷᠲᠢᠨᠴᠦ ᠳᠤ᠂ | ᠠᠮᠢᠳᠤᠷᠠᠯ ᠨᠢ ᠬᠦᠴᠢᠷ ᠪᠡᠷᠬᠡᠰᠢᠶᠡᠯ ᠪᠤᠶᠤ ᠨᠤᠭᠤᠷᠠᠯ ᠪᠦᠳᠦᠷᠢᠯ ᠳᠤ ᠤᠴᠠᠷᠠᠬᠤ ᠦᠶᠡᠰ᠂ ᠵᠢᠭᠤᠯᠴᠢᠯᠠᠭᠴᠢᠳ | ᠥᠪᠡᠷ ᠤᠨ ᠳᠡᠭᠡᠭᠰᠢᠯᠡᠭᠦᠯᠭᠦ ᠭᠤᠣᠯ ᠰᠡᠳᠦᠪᠲᠦ ᠠᠶᠠᠨ ᠢᠶᠠᠨ ᠰᠣᠩᠭᠤᠵᠤ᠂ ᠥᠪᠡᠷ ᠢ ᠪᠠᠨ ᠵᠢᠩᠬᠢᠨᠢ ᠬᠦᠰᠡᠯ | ᠡᠷᠡᠮᠡᠯᠵᠡᠯ ᠤᠨ ᠠᠮᠢᠳᠤᠷᠠᠯ ᠳᠤ ᠪᠠᠨ ᠳᠠᠬᠢᠨᠲᠠ ᠪᠤᠴᠠᠭᠠᠨ ᠠᠪᠴᠢᠷᠠᠬᠤ ᠪᠣᠯᠣᠨ᠎ᠠ᠃ ᠡᠶᠢᠮᠦ ᠠᠴᠠ᠂ ᠬᠥᠮᠥᠨ ᠤ | ᠠᠮᠢᠳᠤᠷᠠᠯ ᠢ ᠳᠠᠭᠢᠨ ᠰᠡᠷᠭᠦᠭᠡᠵᠦ᠂ ᠰᠡᠳᠬᠢᠯ ᠤᠨ ᠡᠳᠡᠭᠡᠷᠡᠯᠲᠡ ᠶᠢ ᠡᠷᠢᠬᠦ ᠨᠢ ᠪᠠᠰᠠ ᠬᠥᠮᠥᠰ ᠤᠨ ᠰᠣᠨᠢᠷᠬᠠᠯ ᠢ | ᠲᠠᠲᠠᠬᠤ ᠵᠢᠭᠤᠯᠴᠢᠯᠠᠯ ᠤᠨ ᠠᠷᠭ᠎ᠠ ᠶᠢᠨ ᠨᠢᠭᠡ ᠪᠣᠯᠵᠠᠢ᠃ 2.7 ᠲᠦᠮᠡᠨ ᠨᠡᠷᠡᠰ ᠰᠢᠯᠵᠢᠭᠦᠯᠦᠨ ᠠᠪᠤᠭᠰᠠᠳ ᠤᠨ | ᠳᠣᠲᠣᠷ᠎ᠠ᠂ 85 % ᠤ ᠠᠪᠤ ᠡᠵᠢ ᠨᠢ 2024 ᠣᠨ ᠳᠤ ᠭᠠᠭᠴᠠᠭᠠᠷ ᠵᠤᠭᠠᠴᠠᠵᠤ᠂ ᠥᠪᠡᠷ ᠤᠨ ᠪᠡᠶ᠎ᠡ | ᠰᠡᠳᠬᠢᠯ ᠤᠨ ᠡᠷᠡᠭᠦᠯ ᠮᠡᠨᠳᠦ ᠪᠠᠨ ᠡᠩ ᠲᠡᠷᠢᠭᠦᠨ ᠳᠤ ᠠᠩᠬᠠᠷᠬᠤ ᠭᠡᠵᠦ ᠲᠥᠯᠥᠪᠯᠡᠵᠦ ᠪᠠᠶᠢᠨ᠎ᠠ᠃ | ᠡᠭᠦᠨ ᠠᠴᠠ ᠭᠠᠳᠠᠨ᠎ᠠ᠂ ᠣᠶᠤᠨᠴᠢ ᠭᠠᠳᠠᠭᠰᠢ ᠭᠠᠷᠴᠤ ᠶᠠᠪᠤᠵᠤ ᠰᠠᠭᠤᠬᠤ ᠶᠢᠨ ᠬᠠᠮᠲᠤ ᠪᠡᠶ᠎ᠡ ᠪᠠᠨ | ᠳᠠᠭᠠᠭᠠᠵᠤ ᠰᠤᠷᠤᠯᠴᠠᠬᠤ ᠪᠦᠷᠢᠯᠭᠡᠬᠦ ᠶᠢ ᠬᠥᠩᠭᠡᠪᠴᠢᠯᠡᠵᠦ᠂ ᠦᠷᠭᠦᠯᠵᠢᠯᠡᠭᠰᠡᠨ ᠰᠢᠨ᠎ᠡ ᠬᠡᠪ ᠰᠤᠷᠲᠠᠯ ᠢ | ᠦᠢᠯᠡᠳᠦᠯᠭᠡᠵᠢᠭᠦᠯᠵᠦ᠂ ᠪᠠᠰᠠ ᠰᠢᠨ᠎ᠡ ᠨᠢᠭᠡ ᠵᠢᠯ ᠤᠨ ᠵᠢᠭᠤᠯᠴᠢᠯᠠᠯ ᠳᠤ ᠣᠷᠣᠨ ᠵᠠᠢ ᠡᠵᠡᠯᠡᠬᠦ ᠪᠣᠯᠣᠨ᠎ᠠ᠃ | ᠬᠡᠷᠡᠭᠯᠡᠭᠡ ᠶᠢᠨ ᠳᠡᠰ ᠪᠠᠭᠤᠷᠠᠬᠤ ᠶᠡᠭᠡ ᠬᠠᠨᠳᠤᠰᠢ ᠳᠣᠣᠷ᠎ᠠ᠂ 2024 ᠣᠨ ᠳᠤ ᠵᠢᠭᠤᠯᠴᠢᠯᠠᠭᠴᠢᠳ ᠵᠣᠭᠤᠰ | ᠠᠷᠪᠢᠯᠠᠬᠤ ᠠᠷᠭ᠎ᠠ ᠮᠡᠷᠭᠡᠵᠢᠯ ᠢ ᠬᠡᠷᠡᠭᠯᠡᠨ ᠥᠪᠡᠷ ᠤᠨ ᠥᠷᠲᠡᠭ ᠢ ᠪᠠᠭᠤᠷᠠᠭᠤᠯᠤᠨ᠎ᠠ᠂ ᠭᠡᠪᠡᠴᠦ ︽ᠬᠡᠷᠡᠭᠴᠡᠭᠡ | ᠪᠠᠶᠢᠬᠤ ᠶᠣᠰᠣᠭᠠᠷ ᠰᠣᠩᠭᠤᠬᠤ︾ ᠪᠠᠷ ᠳᠠᠮᠵᠢᠭᠤᠯᠤᠨ ᠠᠮᠠᠷᠠᠯᠲᠠ ᠶᠢᠨ ᠪᠡᠶᠡᠴᠢ ᠣᠶᠢᠯᠠᠭᠠᠯᠲᠠ ᠪᠠᠨ | ᠳᠡᠭᠡᠭᠰᠢᠯᠡᠭᠦᠯᠦᠨ᠎ᠡ᠃ ᠵᠢᠱᠢᠶᠡᠯᠡᠪᠡᠯ ᠰᠠᠭᠤᠭ᠎ᠠ ᠭᠠᠵᠠᠷ ᠤᠨ ᠠᠮᠢᠳᠤᠷᠠᠯ ᠤᠨ ᠥᠪᠡᠷ ᠤᠨ ᠥᠷᠲᠡᠭ ᠠᠴᠠ ᠨᠡᠩ | ᠳᠣᠣᠷ᠎ᠠ ᠵᠣᠷᠢᠭᠰᠠᠨ ᠭᠠᠵᠠᠷ ᠲᠤ ᠣᠴᠢᠵᠤ ᠵᠢᠭᠤᠯᠴᠢᠯᠠᠨ ᠶᠠᠪᠤᠬᠤ ᠳᠤ ᠭᠠᠭᠴᠠ ᠤᠳᠠᠭᠠᠨ ᠤ ᠰᠦᠢᠳᠬᠡᠯ | ᠲᠤᠰᠢᠶᠠᠭᠠᠳ ᠲᠠᠪᠤᠨ ᠣᠳᠣᠲᠤ ᠪᠠᠭᠤᠳᠠᠯ ᠤᠨ ᠲᠥᠬᠦᠭᠡᠷᠦᠮᠵᠢ ᠶᠢ ᠬᠡᠷᠡᠭᠯᠡᠵᠦ ᠪᠣᠯᠣᠨ᠎ᠠ᠂ ᠬᠠᠷᠢᠨ ᠪᠣᠳᠠᠲᠠᠢ | ᠪᠠᠭᠤᠳᠠᠯ ᠳᠤ ᠣᠷᠣᠵᠤ ᠰᠠᠭᠤᠭᠰᠠᠨ ᠪᠢᠰᠢ᠃ | ᠡᠶᠢᠮᠦᠷᠬᠦᠦ ᠵᠢᠭᠤᠯᠴᠢᠯᠠᠯ ᠤᠨ ᠬᠠᠨᠳᠤᠰᠢ ᠳᠣᠣᠷ᠎ᠠ᠂ 2024 ᠣᠨ ᠤ ᠵᠢᠭᠤᠯᠴᠢᠯᠠᠯ ᠤᠨ ᠵᠠᠬ᠎ᠠ ᠳᠡᠯᠭᠡᠭᠦᠷ | ᠨᠢ ᠴᠣᠬᠤᠮ ᠶᠠᠮᠠᠷ ᠶᠠᠩᠵᠤ ᠶᠢᠨ ᠰᠡᠷᠭᠦᠯᠲᠡ ᠶᠢᠨ ᠪᠠᠶᠢᠳᠠᠯ ᠢᠯᠡᠷᠡᠬᠦ ᠪᠤᠢ ︖ ᠡᠭᠦᠨ ᠳᠤ ᠪᠢᠨ ᠺᠧ ᠳᠤᠮᠳᠠᠳᠤ | ᠤᠯᠤᠰ ᠤᠨ ᠲᠣᠭᠤᠷᠢᠭ ᠤᠨ ᠵᠠᠬ᠎ᠠ ᠳᠡᠯᠭᠡᠭᠦᠷ ᠢ ᠳᠡᠮᠵᠢᠬᠦ ᠬᠡᠯᠲᠡᠰ ᠤᠨ ᠶᠡᠷᠦᠩᠬᠡᠢ ᠳᠠᠭᠠᠭᠠᠮᠠᠯ ᠯᠦ ᠸᠧᠢ ᠹᠧᠩ ︽ | ᠬᠢᠴᠢᠶᠡᠩᠭᠦᠢ ᠪᠠᠶᠠᠰᠤᠩᠭᠤᠢ︾ ᠭᠡᠰᠡᠨ ᠦᠨᠡᠯᠡᠯᠲᠡ ᠥᠭᠴᠡᠢ᠃ ᠯᠦ ᠸᠧᠢ ᠹᠧᠩ ᠢᠯᠡᠷᠬᠡᠶᠢᠯᠡᠬᠦ ᠳᠡᠭᠡᠨ᠂ | ᠪᠠᠶᠠᠰᠤᠩᠭᠤᠢ ᠪᠠᠶᠢᠬᠤ ᠶᠢᠨ ᠰᠢᠯᠲᠠᠭᠠᠨ ᠪᠣᠯ ᠡᠨᠡ ᠵᠢᠯ ᠳᠤᠮᠳᠠᠳᠤ ᠤᠯᠤᠰ ᠤᠨ ᠬᠢᠯᠢ ᠪᠠᠷ ᠣᠷᠣᠵᠤ ᠭᠠᠷᠬᠤ ᠵᠠᠬ᠎ᠠ | ᠳᠡᠯᠭᠡᠭᠦᠷ ᠪᠦᠭᠦ ᠲᠠᠯ᠎ᠠ ᠪᠠᠷ ᠴᠢᠯᠦᠭᠡᠲᠡᠢ ᠪᠣᠯᠤᠭᠰᠠᠨ ᠤ ᠳᠠᠷᠠᠭ᠎ᠠ᠂ ᠳᠤᠮᠳᠠᠳᠤ ᠤᠯᠤᠰ ᠤᠨ ᠵᠤᠭᠠᠴᠠᠭᠰᠠᠳ ᠤᠨ | ᠬᠢᠯᠢ ᠠᠴᠠ ᠭᠠᠷᠴᠤ ᠵᠤᠭᠠᠴᠠᠬᠤ ᠬᠠᠷᠢᠴᠠᠯ ᠮᠠᠰᠢ ᠲᠦᠷᠭᠡᠨ ᠳᠡᠭᠡᠭᠰᠢᠯᠡᠵᠦ᠂ ᠬᠢᠯᠢ ᠪᠠᠷ ᠣᠷᠣᠵᠤ ᠢᠷᠡᠭᠰᠡᠨ | ᠵᠤᠭᠠᠴᠠᠭᠰᠠᠳ ᠤᠨ ᠸᠢᠰᠠ ᠭᠦᠢᠴᠡᠳᠬᠡᠬᠦ ᠬᠡᠷᠡᠭᠴᠡᠭᠡ ᠮᠥᠨ ᠲᠤᠩ ᠶᠡᠭᠡ ᠪᠠᠶᠢᠵᠤ᠂ ᠣᠶᠢᠷ᠎ᠠ ᠶᠢᠨ | ᠬᠤᠭᠤᠴᠠᠭᠠᠨ ᠳᠤ ︽ᠬᠢᠯᠢ ᠪᠠᠷ ᠣᠷᠣᠵᠤ ᠭᠠᠷᠬᠤ ᠸᠢᠰᠠ︾ ᠢ ᠳᠥᠭᠦᠮᠴᠢᠯᠡᠬᠦ ᠮᠠᠲ᠋ᠧᠷᠢᠶᠠᠯ ᠵᠢᠴᠢ ᠦᠯᠦ ᠸᠢᠰᠯᠠᠬᠤ | ᠲᠥᠷᠥ ᠶᠢᠨ ᠪᠣᠳᠣᠯᠭ᠎ᠠ ᠨᠢ ᠪᠦᠷ ᠢᠯᠡᠷᠬᠡᠢ ᠠᠬᠢᠭᠤᠯᠬᠤ ᠦᠢᠯᠡᠳᠦᠯ ᠲᠠᠢ᠃ ᠡᠳᠡᠭᠡᠷ ᠪᠠᠶᠢᠳᠠᠯ ᠨᠢ ᠪᠦᠷ ᠬᠢᠯᠢ ᠪᠠᠷ | ᠣᠷᠣᠵᠤ ᠭᠠᠷᠬᠤ ᠪᠠ ᠣᠶᠢᠷ᠎ᠠ ᠵᠠᠮ ᠤᠨ ᠵᠢᠭᠤᠯᠴᠢᠯᠠᠯ ᠤᠨ ᠠᠯᠢᠨ ᠳᠤᠨᠢ ᠴᠤ ᠭᠡᠳ ᠴᠥᠮ ᠬᠤᠷᠢᠭᠯᠠᠵᠤ ᠪᠣᠯᠣᠰᠢ | ᠦᠭᠡᠢ ᠬᠡᠷᠡᠭᠴᠡᠭᠡ ᠪᠤᠯᠬᠤ ᠶᠢ ᠬᠠᠷᠠᠭᠤᠯᠵᠤ ᠪᠠᠶᠢᠨ᠎ᠠ᠃ ᠭᠡᠪᠡᠴᠦ ᠨᠥᠭᠦᠭᠡ ᠲᠠᠯ᠎ᠠ ᠪᠠᠷ᠂ ᠪᠦᠭᠦ ᠪᠥᠮᠪᠥᠷᠴᠡᠭ ᠤᠨ | ᠬᠡᠪᠴᠢᠶᠡᠨ ᠳᠠᠬᠢ ᠣᠯᠠᠨ ᠵᠣᠷᠢᠭᠰᠠᠨ ᠭᠠᠵᠠᠷ ᠤᠨ ᠵᠣᠭᠤᠰ ᠮᠠᠭᠤᠳᠠᠭᠰᠠᠨ ᠠᠴᠠ ᠪᠣᠯᠤᠭᠰᠠᠨ ᠵᠢᠭᠤᠯᠴᠢᠯᠠᠯ ᠤᠨ | ᠥᠪᠡᠷ ᠤᠨ ᠥᠷᠲᠡᠭ ᠤᠨ ᠨᠡᠮᠡᠭᠳᠡᠯ᠂ ᠣᠯᠠᠨ ᠤᠯᠤᠰ ᠤᠨ ᠡᠭᠡᠯᠵᠢ ᠶᠢᠨ ᠨᠢᠰᠬᠡᠯ ᠤᠨ ᠰᠡᠷᠭᠦᠯᠲᠡ ᠶᠢᠨ ᠬᠡᠮᠵᠢᠶ᠎ᠡ ᠨᠢ | ᠤᠷᠢᠳᠴᠢᠯᠠᠨ ᠵᠢᠱᠢᠭᠰᠡᠨ ᠠᠴᠠ ᠳᠣᠣᠷ᠎ᠠ᠂ ᠵᠢᠭᠤᠯᠴᠢᠯᠠᠭᠴᠢ ᠵᠣᠷᠢᠭᠰᠠᠨ ᠭᠠᠵᠠᠷ ᠤᠨ ᠠᠮᠤᠷ ᠲᠦᠪᠰᠢᠨ ᠤ | ᠠᠰᠠᠭᠤᠳᠠᠯ ᠤᠨ ᠲᠤᠬᠠᠢ ᠰᠠᠨᠠᠭᠠᠰᠢᠷᠠᠯ ᠵᠡᠷᠭᠡ ᠨᠢ ᠮᠥᠨ ᠭᠦ᠋ 2024 ᠣᠨ ᠤ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠰᠡᠷᠭᠦᠯᠲᠡ ᠶᠢᠨ ᠬᠤᠷᠳᠤᠴᠠ ᠳᠤ ᠵᠣᠬᠢᠬᠤ ᠨᠥᠯᠥᠭᠡ ᠦᠵᠡᠭᠦᠯᠭᠦ ᠪᠣᠯᠣᠨ᠎ᠠ᠃ |