ᠰᠢᠭᠤᠶᠢᠲᠤ ᠲᠣᠭᠤᠷᠢᠭ ᠤᠨ ᠬᠢᠨᠠᠨ ᠪᠣᠳᠣᠬᠤ ᠲᠣᠪᠴᠢᠶ᠎ᠠ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ
ᠨᠡᠶᠢᠲᠡᠯᠡᠭᠰᠡᠨ ᠴᠠᠭ᠄
2024/1/24
        2023 ᠣᠨ ᠳᠤ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠣᠷ᠎ᠠ᠂ ᠮᠠᠨ ᠤ ᠲᠣᠪᠴᠢᠶ᠎ᠠ ᠶᠢᠨ ᠪᠦᠬᠦ ᠺᠠᠳ᠋ᠷ ᠠᠵᠢᠯᠲᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠵᠦ᠂ ᠬᠢᠨᠠᠨ ᠪᠤᠳᠤᠬᠤ ᠬᠢᠨᠠᠯᠲᠠ ᠲᠠᠯᠪᠢᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠵᠠᠰᠠᠭ ᠤᠨ ᠣᠷᠳᠣᠨ ᠤ ᠳᠣᠲᠣᠭᠠᠳᠤ ᠶᠢᠨ ᠡᠷᠬᠡ ᠶᠢ ᠬᠢᠵᠠᠭᠠᠷᠯᠠᠬᠤ ᠰᠢᠰᠲ᠋ᠧᠮ ᠤᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠪᠠ᠃ ᠡᠳᠦᠭᠡ ᠪᠦᠬᠦ ᠵᠢᠯ ᠤᠨ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠤᠨ ᠳ᠋ᠦᠩᠨᠡᠯᠲᠡ ᠨᠢ ᠳᠣᠣᠷᠠᠬᠢ ᠮᠡᠲᠦ᠄        ᠨᠢᠭᠡ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ        ᠨᠢᠭᠡ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠶᠢᠲᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠢ ᠪᠡᠯᠡᠳᠬᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠬᠤᠶᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠵᠢᠴᠢ ᠪᠤᠭᠤᠲᠤ ᠬᠤᠳᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠷᠠᠯ ᠠᠴᠠ 2021 ᠣᠨ ᠤ ᠲᠣᠭᠤᠷᠢᠭ ᠤᠨ ᠲᠤᠰ ᠱᠠᠲᠤᠨ ᠤ ᠲᠥᠰᠥᠪ ᠢ ᠬᠡᠷᠡᠭᠵᠢᠭᠦᠯᠦᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠢᠨᠠᠨ ᠪᠤᠳᠤᠬᠤ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠢᠴᠢ ᠲᠣᠭᠤᠷᠢᠭ ᠤᠨ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ 2022 ᠣᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ︽ᠲᠣᠭᠤᠷᠢᠭ ᠤᠨ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ 2023 ᠣᠨ ᠤ ᠠᠵᠢᠯ ᠤᠨ ᠭᠤᠣᠯᠳᠠᠯᠭ᠎ᠠ︾᠂ ︽2023 ᠣᠨ ᠤ ᠬᠢᠨᠠᠨ ᠪᠤᠳᠤᠬᠤ ᠲᠦᠷᠦᠯ ᠵᠦᠢᠯ ᠤᠨ ᠲᠥᠯᠥᠪᠯᠡᠭᠡ︾ ᠵᠡᠷᠭᠡ ᠶᠢ ᠬᠢᠨᠠᠨ ᠵᠥᠪᠯᠡᠵᠦ ᠪᠠᠲᠤᠯᠠᠨ᠂ ᠨᠠᠮ ᠤᠨ ᠬᠢᠨᠠᠨ ᠪᠤᠳᠤᠬᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠤᠯᠠᠮ ᠴᠢᠨᠠᠭᠰᠢᠳᠠ ᠴᠢᠩᠭᠠᠳᠬᠠᠵᠤ᠂ ᠥᠨᠳᠥᠷ ᠪᠠᠷᠢᠮᠵᠢᠶᠠᠲᠤ ᠤᠯᠤᠰ ᠲᠦᠷᠦ ᠶᠢᠨ ᠵᠣᠭᠰᠣᠴᠠ᠂ ᠤᠯᠤᠰ ᠲᠦᠷᠦ ᠶᠢᠨ ᠱᠠᠭᠠᠷᠳᠠᠯᠭ᠎ᠠ ᠶᠢ ᠬᠢᠨᠠᠨ ᠪᠤᠳᠤᠬᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠪᠠ᠃ ᠬᠤᠶᠠᠷ ᠲᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠳᠡᠭᠡᠷ᠎ᠡ ᠨᠢᠭᠡ ᠵᠢᠯ ᠤᠨ ᠬᠢᠨᠠᠨ ᠪᠣᠳᠣᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠡᠳᠡᠭᠦᠯᠦᠨ᠎ᠡ᠃ ᠬᠡᠰᠡᠭ ᠴᠡᠭᠴᠡᠯᠡᠨ ᠰᠠᠶᠢᠵᠢᠷᠠᠭᠤᠯᠬᠤ ᠪᠠ ᠴᠡᠭᠴᠡᠯᠡᠨ ᠰᠠᠶᠢᠵᠢᠷᠠᠭᠤᠯᠤᠭᠠᠳᠤᠢ ᠠᠰᠠᠭᠤᠳᠠᠯ ᠳᠤ ᠰᠢᠮᠳᠠᠭᠤᠯᠬᠤ ᠡᠷᠴᠢᠮ ᠢᠶᠠᠨ ᠴᠢᠩᠭᠠᠷᠠᠭᠤᠯᠵᠤ᠂ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃        ᠬᠤᠶᠠᠷ᠂ ᠬᠠᠤᠯᠢ ᠰᠤᠷᠴᠤ ᠬᠡᠷᠡᠭᠯᠡᠬᠦ ᠶᠢ ᠴᠢᠩᠭᠠᠳᠬᠠᠵᠤ᠂ ᠬᠢᠨᠠᠨ ᠪᠤᠳᠤᠵᠤ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ        ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠬᠦ ᠶᠢᠨ ᠲᠥᠯᠥᠭᠡ᠂ ᠬᠢᠨᠠᠨ ᠪᠤᠳᠤᠬᠤ ᠺᠠᠳ᠋ᠷᠴᠤᠳ ᠢ ᠵᠣᠬᠢᠶᠠᠨ ᠪᠠᠶᠢᠭᠤᠯᠵᠤ ︽ᠢᠷᠭᠡᠨ ᠤ ᠬᠠᠤᠯᠢ ᠶᠢᠨ ᠪᠢᠴᠢᠭ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠤᠳᠤᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠢᠨᠠᠨ ᠪᠤᠳᠤᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠰᠤᠷᠤᠯᠴᠠᠭᠤᠯᠵᠤ᠂ ᠬᠢᠨᠠᠨ ᠪᠤᠳᠤᠬᠤ ᠠᠵᠢᠯᠲᠠᠨ ᠤ ᠶᠡᠷᠦᠩᠬᠡᠶᠢᠯᠡᠭᠰᠡᠨ ᠬᠡᠪ ᠴᠢᠨᠠᠷ ᠪᠠ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃ ᠬᠢᠨᠠᠨ ᠪᠤᠳᠤᠭᠰᠠᠨ ᠤ ᠳᠠᠷᠠᠭ᠎ᠠ ᠬᠠᠷᠢᠭᠤ ᠲᠤᠰᠬᠠᠬᠤ ᠪᠠ ᠬᠢᠨᠠᠨ ᠪᠤᠳᠤᠵᠤ ᠬᠠᠷᠢᠭᠤ ᠰᠤᠷᠪᠤᠯᠵᠢᠯᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠶᠢᠨ ᠲᠥᠯᠥᠭᠡ᠂ ︽ᠬᠢᠨᠠᠨ ᠪᠤᠳᠤᠬᠤ ᠠᠵᠢᠯᠲᠠᠨ ᠤ ᠰᠠᠬᠢᠯᠭ᠎ᠠ ᠪᠠᠲᠤ ᠬᠡᠷᠡᠭᠵᠢᠭᠦᠯᠬᠦ ᠪᠠ ᠠᠵᠢᠯ ᠲᠥᠷᠥᠯ ᠤᠨ ᠰᠤᠷᠲᠠᠯ ᠤᠨ ᠬᠢᠨᠠᠯᠲᠠ ᠲᠠᠯᠪᠢᠬᠤ ᠺᠠᠷᠲ︾᠂ ︽ᠬᠢᠨᠠᠨ ᠪᠤᠳᠤᠬᠤ ᠳᠤᠭᠤᠶᠢᠯᠠᠩ ᠤᠨ ᠪᠦᠷᠢᠯᠳᠦᠭᠦᠨ ᠬᠢᠨᠠᠨ ᠪᠤᠳᠤᠬᠤ ᠠᠵᠢᠯ ᠤᠨ ᠰᠠᠬᠢᠯᠭ᠎ᠠ ᠪᠠᠲᠤ ᠶᠢᠨ ᠠᠮᠠᠯᠠᠯᠲᠠ ᠶᠢᠨ ᠪᠢᠴᠢᠭ︾ ᠵᠡᠷᠭᠡ ᠳᠤ ᠭᠠᠷ ᠤᠨ ᠥᠰᠥᠭ ᠵᠢᠷᠤᠵᠤ᠂ ᠬᠢᠨᠠᠨ ᠪᠤᠳᠤᠬᠤ ᠠᠵᠢᠯᠲᠠᠨ ᠤ ᠬᠢᠨᠠᠨ ᠪᠤᠳᠤᠬᠤ ᠬᠠᠤᠯᠢ ᠬᠡᠷᠡᠭᠵᠢᠭᠦᠯᠬᠦ ᠳᠤᠮᠳᠠ ᠰᠢᠭᠦᠯᠲᠡ ᠭᠦᠢᠴᠡᠳᠬᠡᠬᠦ᠂ ᠲᠥᠪ ᠭᠤᠤᠯᠴᠢ ᠰᠢᠭᠦᠯᠲᠡ᠂ ᠠᠷᠢᠭᠤᠨ ᠴᠢᠬᠡᠴᠢ ᠶᠢᠨ ᠰᠢᠭᠦᠯᠲᠡ ᠶᠢ ᠵᠢᠷᠤᠮᠵᠢᠭᠤᠯᠬᠤ ᠶᠢ ᠦᠨᠡᠨ ᠬᠦ ᠪᠠᠲᠤᠯᠠᠵᠤ᠂ ᠬᠢᠨᠠᠨ ᠪᠤᠳᠤᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠢᠨᠠᠨ ᠪᠤᠳᠤᠬᠤ ᠣᠯᠠᠨ ᠨᠡᠶᠢᠲᠡ ᠶᠢ ᠢᠲᠡᠭᠡᠭᠦᠯᠬᠦ ᠬᠦᠴᠦᠨ᠂ ᠬᠡᠷᠡᠭᠵᠢᠭᠦᠯᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃        ᠭᠤᠷᠪᠠ᠂ 2023 ᠣᠨ ᠤ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ        ᠬᠢᠨᠠᠨ ᠪᠤᠳᠤᠬᠤ ᠪᠠ ᠬᠢᠨᠠᠨ ᠪᠤᠳᠤᠬᠤ ᠪᠠᠶᠢᠴᠠᠭᠠᠯᠲᠠ ᠶᠢᠨ ᠲᠥᠷᠥᠯ ᠵᠦᠢᠯ 19 ᠪᠠᠶᠢᠵᠤ᠂ ᠬᠢᠨᠠᠨ ᠪᠤᠳᠤᠬᠤ ᠬᠠᠮᠢᠶᠠᠷᠤᠯᠲᠠ ᠨᠢ ᠵᠢᠷᠤᠮᠵᠢᠯ ᠦᠭᠡᠢ ᠵᠣᠭᠤᠰ ᠤᠨ ᠲᠤᠭ᠎ᠠ 133.27 ᠲᠦᠮᠡᠨ ᠲᠥᠭᠦᠷᠢᠭ ᠢ ᠪᠠᠶᠢᠴᠠᠭᠠᠨ ᠭᠠᠷᠭᠠᠵᠤ᠂ ᠵᠣᠭᠤᠰ ᠤᠨ ᠲᠤᠭ᠎ᠠ ᠶᠢᠨ ᠪᠤᠰᠤ ᠬᠡᠮᠵᠢᠯᠲᠡ ᠶᠢᠨ ᠠᠰᠠᠭᠤᠳᠠᠯ 5 ᠪᠠᠶᠢᠬᠤ ᠶᠢ ᠪᠠᠶᠢᠴᠠᠭᠠᠨ ᠭᠠᠷᠭᠠᠪᠠ᠃        ᠡᠭᠦᠨ ᠳᠤ᠄ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠬᠢᠨᠠᠨ ᠪᠣᠳᠣᠯᠲᠠ 4᠂ ᠠᠳᠠᠯᠢ ᠱᠠᠲᠤᠨ ᠤ ᠲᠥᠰᠥᠪ ᠤᠨ ᠬᠡᠷᠡᠭᠵᠢᠭᠦᠯᠦᠯᠲᠡ ᠶᠢᠨ ᠬᠢᠨᠠᠨ ᠪᠣᠳᠣᠯᠲᠠ 1᠂ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ 8᠂ ᠲᠤᠰᠬᠠᠢ ᠵᠦᠢᠯ ᠤᠨ ᠪᠡᠯᠡ ᠮᠥᠩᠭᠦ ᠶᠢᠨ ᠬᠢᠨᠠᠨ ᠪᠣᠳᠣᠯᠲᠠ ᠪᠠ ᠬᠢᠨᠠᠨ ᠪᠣᠳᠣᠯᠲᠠ ᠪᠠᠶᠢᠴᠠᠭᠠᠯᠲᠠ 6 ᠪᠠᠭᠲᠠᠨ᠎ᠠ᠃        ᠳᠥᠷᠪᠡ᠂ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ        ︵ᠨᠢᠭᠡ︶ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠎ᠠ        ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠠᠳᠬᠤᠬᠤ ᠤᠯᠤᠰ ᠲᠥᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠲᠡᠦᠬᠡᠨ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠨᠠᠮ ᠤᠨ ᠲᠥᠪ ᠬᠤᠷᠢᠶᠠᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠭᠤᠣᠯᠳᠠᠭ᠎ᠠ᠂ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠢ ᠳᠡᠭᠡᠳᠦᠯᠡᠬᠦ ᠦᠨᠳᠦᠰᠦᠨ ᠱᠠᠭᠠᠷᠳᠠᠯᠭ᠎ᠠ ᠶᠢᠨ ᠲᠣᠭᠤᠷᠢᠨ ᠳᠤ᠂ ᠬᠢᠨᠠᠨ ᠪᠤᠳᠤᠬᠤ ᠬᠢᠨᠠᠯᠲᠠ ᠶᠢ ᠭᠦᠨᠵᠡᠭᠡᠢ ᠪᠣᠳᠠᠲᠠᠢ ᠬᠢᠬᠦ ᠬᠡᠷᠡᠭᠲᠡᠢ᠃        ︵ᠬᠤᠶᠠᠷ︶ᠬᠢᠨᠠᠨ ᠪᠣᠳᠤᠵᠤ ᠬᠢᠨᠠᠯᠲᠠ ᠲᠠᠯᠪᠢᠬᠤ ᠶᠢ ᠤᠯᠠᠮ ᠨᠢᠭᠡ ᠠᠯᠬᠤᠮ ᠴᠢᠩᠭᠠᠳᠬᠠᠨ᠎ᠠ        ᠲᠠᠷᠠᠭᠠᠴᠢ ᠶᠢᠨ ᠠᠯᠬᠤᠮ ᠳᠤ ᠮᠠᠨ ᠤ ᠲᠣᠪᠴᠢᠶ᠎ᠠ ᠵᠢᠯ ᠤᠨ ᠡᠬᠢᠨ ᠳᠤ ᠲᠣᠭᠲᠠᠭᠠᠭᠰᠠᠨ ᠬᠢᠨᠠᠨ ᠪᠤᠳᠤᠬᠤ ᠲᠥᠷᠥᠯ ᠵᠦᠢᠯ ᠤᠨ ᠲᠥᠯᠥᠪᠯᠡᠭᠡ ᠶᠢ ᠴᠢᠩᠭ᠎ᠠ ᠵᠢᠷᠤᠮᠯᠠᠨ᠂ ᠪᠥᠬᠦ ᠵᠢᠯ ᠤᠨ ᠡᠭᠦᠷᠭᠡ ᠶᠢᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠦᠨᠡᠨ ᠬᠦ ᠪᠠᠲᠤᠯᠠᠭᠰᠠᠨ ᠪᠠᠶᠢᠳᠠᠯ ᠳᠣᠣᠷ᠎ᠠ᠂ ᠬᠢᠨᠠᠨ ᠪᠤᠳᠤᠵᠤ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠬᠤ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠦᠷ ᠴᠠᠭ ᠲᠤᠰᠢᠶᠠᠭᠰᠠᠨ ᠡᠭᠦᠷᠭᠡ ᠶᠢ ᠪᠡᠶᠡᠯᠡᠭᠦᠯᠦᠨ᠎ᠡ᠃        ︵ᠭᠤᠷᠪᠠ︶ᠬᠠᠤᠯᠢ ᠪᠠᠷ ᠵᠠᠰᠠᠬᠤ ᠡᠩᠨᠡᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠡᠳ᠋ᠭᠠᠨ᠎ᠠ        ᠺᠠᠳ᠋ᠷ ᠠᠵᠢᠯᠲᠠᠨ ᠠᠵᠢᠯᠴᠢᠨ ᠤ ᠪᠠᠶᠢᠴᠠᠬᠠᠵᠤ ᠴᠢᠳᠠᠬᠤ ᠶᠢ ᠬᠡᠯᠡᠵᠦ ᠴᠢᠳᠠᠬᠤ ᠴᠢᠳᠠᠪᠤᠷᠢ ᠶᠢ ᠭᠤᠤᠯᠳᠠᠯᠭ᠋᠎ᠠ  ᠲᠠᠢ ᠬᠥᠮᠦᠵᠢᠭᠦᠯᠦᠨ᠋᠎ᠡ᠃ ᠪᠣᠯᠪᠠᠰᠤᠨ ᠢᠶᠠᠷ ᠬᠢᠨᠠᠨ ᠪᠤᠳᠤᠵᠤ᠂ ᠶᠣᠰᠣ ᠪᠠᠷ ᠬᠥᠮᠥᠨ ᠢ ᠪᠢᠰᠢᠷᠡᠭᠦᠯᠬᠦ ᠬᠡᠷᠡᠭᠲᠡᠢ᠃ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠤᠨ᠂ ᠬᠢᠨᠠᠨ ᠪᠤᠳᠣᠬᠤ ᠠᠵᠢᠯᠲᠠᠨ ᠤ ᠬᠠᠤᠯᠢ ᠶᠣᠰᠣᠭᠠᠷ ᠬᠢᠨᠠᠨ ᠪᠤᠳᠤᠬᠤ ᠶᠢ ᠨᠡᠩ ᠤᠬᠠᠮᠰᠠᠷ ᠠᠴᠠ ᠪᠠᠨ ᠬᠢᠨᠠᠨ ᠪᠤᠳᠤᠵᠦ᠂ ᠡᠷᠬᠡ ᠶᠢᠨ ᠵᠠᠭᠠᠭ ᠢ ᠰᠠᠬᠢᠵᠤ ᠰᠠᠬᠢᠬᠤ ᠬᠡᠷᠡᠭᠲᠡᠢ᠃ ᠶᠠᠰᠤ ᠴᠢᠨᠠᠷ ᠢ ᠱᠠᠲᠤ ᠬᠤᠪᠢᠶᠠᠨ ᠬᠠᠷᠢᠭᠤᠴᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠲᠠᠯ᠎ᠠ ᠶᠢᠨ ᠬᠢᠨᠠᠨ ᠪᠤᠳᠤᠬᠤ ᠶᠠᠰᠤ ᠴᠢᠨᠠᠷ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠪᠦᠬᠦ ᠬᠢᠨᠠᠨ ᠪᠤᠳᠤᠬᠤ ᠺᠠᠳ᠋ᠷ ᠤᠨ ᠬᠢᠨᠠᠨ ᠪᠤᠳᠤᠬᠤ ᠶᠠᠰᠤ ᠴᠢᠨᠠᠷ ᠢ ᠴᠢᠬᠤᠯᠠᠴᠢᠯᠠᠬᠤ ᠶᠢ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠵᠦ᠂ ᠬᠢᠨᠠᠨ ᠪᠤᠳᠤᠬᠤ ᠺᠠᠳ᠋ᠷ ᠢ ᠴᠢᠩᠭ᠎ᠠ ᠬᠠᠮᠢᠶᠠᠷᠴᠤ᠂ ᠴᠢᠩᠭ᠎ᠠ ᠬᠥᠮᠥᠵᠢᠭᠦᠯᠵᠦ᠂ ᠴᠢᠩᠭ᠎ᠠ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠡᠷᠬᠡ ᠶᠢᠨ ᠬᠢᠵᠠᠭᠠᠷᠯᠠᠯ ᠪᠠ ᠬᠢᠨᠠᠯᠲᠠ ᠶᠢ ᠴᠢᠩᠭᠠᠳᠬᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号