ᠰᠢᠬᠢᠷ ᠰᠢᠵᠢᠩ ᠡᠪᠡᠳᠴᠢᠨ ᠤ ᠡᠬᠢᠨ ᠤ ᠬᠤᠭᠤᠴᠠᠭ᠎ᠠ ᠪᠣᠯ ᠨᠢᠭᠡ ᠵᠦᠢᠯ ᠤᠨ ᠨᠢᠭᠤᠭᠳᠠᠮᠠᠯ ᠪᠠᠶᠢᠳᠠᠯ ᠲᠠᠢ ᠪᠠᠶᠢᠳᠠᠭ ᠪᠤᠯᠬᠤᠷ ᠣᠯᠠᠩᠬᠢ ᠬᠥᠮᠦᠰ ᠰᠢᠬᠢᠷ ᠰᠢᠵᠢᠩ ᠡᠪᠡᠳᠴᠢᠨ ᠣᠯᠤᠭᠰᠠᠨ ᠢᠶᠠᠨ ᠮᠡᠳᠡᠬᠦ ᠦᠭᠡᠢ ᠪᠠᠶᠢᠳᠠᠭ
ᠨᠡᠶᠢᠲᠡᠯᠡᠭᠰᠡᠨ ᠴᠠᠭ᠄
2024/1/24
        ᠰᠢᠬᠢᠷ ᠰᠢᠵᠢᠩ ᠡᠪᠡᠳᠴᠢᠨ ᠢ 1 ᠳ᠋ᠤᠭᠡᠷ ᠬᠡᠯᠪᠡᠷᠢ ᠶᠢᠨ ᠪᠠ 2 ᠳ᠋ᠤᠭᠠᠷ ᠬᠡᠯᠪᠡᠷᠢ ᠶᠢᠨ ᠰᠢᠬᠢᠷ ᠰᠢᠵᠢᠩ ᠡᠪᠡᠳᠴᠢᠨ ᠭᠡᠵᠦ ᠬᠤᠪᠢᠶᠠᠳᠠᠭ᠃ 1 ᠳ᠋ᠤᠭᠡᠷ ᠰᠢᠬᠢᠷ ᠰᠢᠵᠢᠩ ᠡᠪᠡᠳᠴᠢᠨ ᠪᠣᠯ ᠥᠪᠡᠷ ᠤᠨ ᠪᠡᠶ᠎ᠡ ᠶᠢᠨ ᠬᠢᠨᠢ ᠲᠠᠷᠬᠠᠯᠭ᠎ᠠ ᠶᠢᠨ ᠡᠪᠡᠳᠴᠢᠨ ᠳᠤ ᠲᠤᠭᠠᠴᠠᠬᠳᠠᠨ᠎ᠠ᠂ ᠶᠡᠷᠦ ᠳᠡᠭᠡᠨ ᠸᠢᠷᠦ᠋ᠰ ᠬᠠᠯᠳᠠᠪᠤᠷᠢᠯᠠᠭᠰᠠᠨ ᠤ ᠳᠠᠷᠠᠭ᠎ᠠ ᠡᠪᠡᠳᠴᠢᠲᠡᠨ ᠤ ᠪᠡᠶ᠎ᠡ ᠶᠢᠨ ᠳᠣᠲᠣᠷᠠᠬᠢ ᠥᠪᠡᠷ ᠤᠨ ᠬᠢᠨᠢ ᠲᠠᠷᠬᠠᠯᠭ᠎ᠠ ᠶᠢᠨ ᠲᠤᠰᠬᠠᠯ ᠢ ᠡᠭᠦᠰᠭᠡᠬᠦ ᠳᠤ᠂ ᠨᠦᠢᠷ ᠤᠨ ᠪᠤᠯᠴᠢᠷᠬᠠᠶ ᠨᠢ ᠨᠦᠢᠷ ᠤᠨ ᠠᠷᠠᠯ ᠤᠨ ᠡᠳ᠋ ᠰᠢᠭᠦᠷᠡᠭᠦᠯᠵᠦ ᠳᠡᠶᠢᠯᠬᠦ ᠦᠭᠡᠢ ᠪᠠᠶᠢᠳᠠᠭ᠃ 2 ᠳ᠋ᠤᠭᠠᠷ ᠬᠡᠯᠪᠡᠷᠢ ᠶᠢᠨ ᠰᠢᠬᠢᠷ ᠰᠢᠵᠢᠩ ᠡᠪᠡᠳᠴᠢᠨ ᠪᠣᠯ ᠨᠢᠭᠡ ᠵᠦᠢᠯ ᠤᠨ ᠤᠳᠤᠮᠰᠢᠯ ᠪᠠ ᠣᠷᠴᠢᠨ ᠲᠣᠭᠤᠷᠢᠨ ᠤ ᠨᠥᠬᠦᠴᠡᠯ ᠳᠣᠣᠷ᠎ᠠ᠂ ᠨᠦᠢᠷ ᠤᠨ ᠠᠷᠠᠯ ᠤᠨ ᠡᠳ᠋ ᠤᠨ ᠡᠰᠡᠷᠭᠦᠴᠡᠯ ᠪᠠ ᠨᠦᠢᠷ ᠤᠨ ᠠᠷᠠᠯ ᠤᠨβ ᠡᠰ ᠤᠨ ᠭᠡᠮᠲᠦᠯ ᠠᠴᠠ ᠪᠣᠯᠤᠭᠰᠠᠨ ᠡᠪᠡᠳᠴᠢᠨ ᠪᠣᠯᠤᠨ᠎ᠠ᠃ ᠲᠡᠷᠡ ᠨᠢ ᠤᠯᠠᠩᠭᠢ ᠳᠠᠭᠠᠨ ᠢᠳᠡᠭᠡᠨ ᠤᠮᠳᠠᠭᠠᠨ ᠪᠠ ᠠᠮᠢᠳᠤᠷᠠᠯ ᠤᠨ ᠳᠠᠳᠬᠠᠯ ᠲᠠᠢ ᠬᠤᠯᠪᠣᠭ᠎ᠠ ᠲᠠᠢ ᠶᠤᠮ᠃         ᠰᠢᠬᠢᠷ ᠰᠢᠵᠢᠩ ᠡᠪᠡᠳᠴᠢᠨ ᠤ ᠡᠬᠢᠨ ᠤ ᠢᠯᠡᠷᠡᠯ ᠲᠡᠶᠢᠮᠦ ᠢᠯᠡᠷᠬᠡᠢ ᠪᠢᠰᠢ᠂ ᠰᠢᠬᠢᠷ ᠰᠢᠵᠢᠩ ᠡᠪᠡᠳᠴᠢᠨ ᠤ ᠡᠬᠢᠨ ᠤ ᠬᠤᠭᠤᠴᠠᠭ᠎ᠠ ᠪᠣᠯ ᠨᠢᠭᠡ ᠵᠦᠢᠯ ᠤᠨ ᠨᠢᠭᠤᠭᠳᠠᠮᠠᠯ ᠪᠠᠶᠢᠳᠠᠯ ᠲᠠᠢ ᠪᠠᠶᠢᠳᠠᠭ᠂ ᠡᠨᠡ ᠦᠶ᠎ᠡ ᠳᠤ ᠴᠢᠰᠤᠨ ᠰᠢᠬᠢᠷ ᠤᠨ ᠬᠡᠮᠵᠢᠶ᠎ᠡ ᠨᠢ ᠬᠡᠳᠦ᠋ᠢᠪᠡᠷ ᠬᠡᠪ ᠤᠨ ᠬᠡᠪᠴᠢᠶ᠎ᠡ ᠠᠴᠠ ᠥᠨᠳᠥᠷ ᠪᠠᠶᠢᠳᠠᠭ ᠪᠣᠯᠪᠠᠴᠤ ᠰᠢᠬᠢᠷ ᠰᠢᠵᠢᠩ ᠡᠪᠡᠳᠴᠢᠨ ᠤ ᠣᠨᠣᠰᠢᠯᠠᠬᠤ ᠪᠠᠷᠢᠮᠵᠢᠶ᠎ᠠ ︵6 . 1 mmol / L ≤ᠥᠯᠥᠨ ᠦᠶ᠎ᠡ ᠶᠢᠨ ᠴᠢᠰᠤᠨ ᠰᠢᠬᠢᠷ < 7 . 0 mmol / L᠂ 7 . 8 mmol / L ≤ᠬᠤᠭᠤᠯᠠᠨ ᠤ ᠲᠠᠷᠠᠭ᠎ᠠ ᠬᠤᠶᠠᠷ ᠴᠠᠭ ᠤᠨ ᠬᠤᠶᠢᠨᠠᠬᠢ ᠴᠢᠰᠤᠨ ᠰᠢᠬᠢᠷ < 11 . 1 mmol / L︶ ᠳᠤ ᠬᠦᠷᠴᠦ ᠳᠡᠶᠢᠯᠬᠦ ᠦᠭᠡᠢ ᠪᠠᠶᠢᠳᠠᠭ᠃ ᠡᠨᠡ ᠬᠦ ᠱᠠᠲᠤᠨ ᠳᠤ ᠵᠣᠬᠢᠰᠲᠠᠢ ᠲᠤᠬᠢᠷᠠᠭᠤᠯᠤᠯᠳᠠ ᠬᠢᠭᠰᠡᠨ ᠤ ᠲᠠᠷᠠᠭ᠎ᠠ ᠴᠢᠰᠤᠨ ᠰᠢᠬᠢᠷ ᠢ ᠡᠷᠡᠭᠦᠯ ᠪᠣᠯᠭᠠᠬᠤ ᠪᠣᠯᠤᠯᠴᠠᠭ᠎ᠠ ᠲᠠᠢ ᠶᠤᠮ᠂ ᠭᠡᠪᠡᠴᠦ ᠰᠠᠶᠢᠨ ᠠᠷᠭ᠎ᠠ ᠬᠡᠮᠵᠢᠶ᠎ᠡ ᠠᠪᠬᠤ ᠦᠭᠡᠢ ᠪᠣᠯ ᠪᠦᠬᠦ ᠲᠠᠯ᠎ᠠ ᠶᠢᠨ ᠰᠢᠬᠢᠷ ᠰᠢᠵᠢᠩ ᠡᠪᠡᠳᠴᠢᠨ ᠪᠣᠯᠵᠤ ᠬᠥᠭᠵᠢᠵᠦ ᠮᠡᠳᠡᠨ᠎ᠡ᠃
        ᠰᠢᠬᠢᠷ ᠰᠢᠵᠢᠩ ᠡᠪᠡᠳᠴᠢᠨ ᠤ ᠡᠬᠢᠨ ᠤ ᠬᠤᠭᠤᠴᠠᠭᠠᠨ ᠳᠤ᠂ ᠬᠥᠮᠦᠰ ᠪᠡᠶ᠎ᠡ ᠳᠤᠨᠢ ᠵᠠᠷᠢᠮ
ᠵᠢᠭᠠᠬᠠᠨ ᠬᠤᠪᠢᠷᠠᠯᠲᠠ ᠲᠠᠢ ᠪᠠᠶᠢᠬᠤ ᠶᠢ ᠤᠯᠵᠤ ᠮᠡᠳᠡᠵᠦ ᠮᠠᠭᠠᠳ ᠦᠭᠡᠢ᠂ ᠭᠡᠬᠦ ᠳᠡᠭᠡᠨ ᠡᠳᠡᠭᠡᠷ ᠢ ᠶᠡᠷᠦ ᠳᠡᠭᠡᠨ ᠠᠮᠠᠷᠬᠠᠨ ᠣᠮᠲᠣᠭᠠᠶᠢᠯᠠᠳᠠᠭ ᠶᠤᠮ᠃ ᠵᠢᠱᠢᠶᠡᠯᠡᠪᠡᠯ ᠬᠥᠩᠭᠡᠨ ᠰᠢᠭ ᠬᠠᠷᠠᠭ᠎ᠠ ᠪᠠᠯᠠᠷᠠᠬᠤ᠂ ᠪᠠᠶᠢᠡᠭᠭᠤ ᠶᠠᠳᠠᠷᠠᠬᠤ᠂ ᠦᠷᠭᠦᠯᠵᠢ ᠤᠮᠳᠠᠭᠠᠰᠬᠤ ᠪᠠ ᠪᠠᠶᠢᠨ ᠳᠠᠬᠢᠨ ᠰᠢᠭᠡᠬᠦ ᠵᠡᠷᠭᠡ ᠪᠠᠶᠢᠳᠠᠯ ᠭᠠᠷᠳᠠᠭ᠃ ᠡᠳᠡᠭᠡᠷ ᠪᠠᠶᠢᠳᠠᠯ ᠢ ᠠᠵᠢᠯ ᠤᠨ ᠳᠠᠷᠤᠭᠠᠰᠤ ᠪᠤᠶᠤ ᠵᠢᠮ᠎ᠡ ᠶᠣᠰᠣ ᠦᠭᠡᠢ ᠠᠮᠢᠳᠤᠷᠠᠯ ᠤᠨ ᠳᠠᠳᠬᠠᠯ ᠠᠴᠠ ᠪᠣᠯᠤᠯ᠎ᠡ ᠭᠡᠵᠦ ᠪᠤᠳᠤᠳᠠᠭ᠃ ᠭᠡᠲᠡᠯ᠎ᠡ ᠡᠨᠡ ᠨᠢ ᠶᠠᠭ ᠪᠢᠳᠡᠨ ᠳᠤ ᠥᠭᠭᠦᠭᠰᠡᠨ ᠰᠢᠬᠢᠷ ᠰᠢᠵᠢᠩ ᠡᠪᠡᠳᠴᠢᠨ ᠤ ᠡᠬᠢᠨ ᠤ ᠬᠤᠭᠤᠴᠠᠭᠠᠨ ᠤ ᠰᠡᠷᠡᠮᠵᠢ ᠶᠢᠨ ᠳᠣᠬᠢᠶ᠎ᠠ ᠪᠣᠯᠤᠨ᠎ᠠ᠃ ᠵᠢᠩᠬᠢᠨᠢ ᠰᠢᠬᠢᠷ ᠰᠢᠵᠢᠩ ᠡᠪᠡᠳᠴᠢᠨ ᠪᠣᠯᠵᠣ ᠬᠦᠭᠵᠢᠬᠦ ᠳᠤ ᠯᠡ ᠬᠦᠷᠪᠡᠯ᠂ ᠪᠥᠬᠦ ᠪᠡᠶ᠎ᠡ ᠶᠢᠨ ᠣᠯᠠᠨ ᠵᠦᠢᠯ ᠤᠨ ᠳᠠᠪᠬᠤᠴᠠᠭᠰᠠᠨ ᠡᠪᠡᠳᠴᠢᠨ ᠢ ᠡᠭᠦᠰᠭᠡᠵᠦ ᠮᠡᠳᠡᠨ᠎ᠡ᠃        ᠰᠢᠬᠢᠷ ᠰᠢᠵᠢᠩ ᠡᠪᠡᠳᠴᠢᠨ ᠤ ᠳᠠᠪᠬᠤᠴᠠᠭᠰᠠᠨ ᠡᠪᠡᠳᠴᠢᠨ ᠤ ᠰᠦᠷᠳᠡᠭᠦᠯᠦᠯ ᠨᠢ ᠮᠠᠰᠢ ᠣᠯᠠᠨ ᠬᠥᠮᠦᠨ ᠤ ᠵᠢᠱᠢᠯᠲᠡ ᠠᠴᠠ ᠬᠤᠯᠠ ᠲᠠᠪᠠᠭᠰᠠᠨ ᠪᠠᠶᠢᠳᠠᠭ᠂ ᠲᠡᠷᠡ ᠨᠢ ᠵᠥᠪᠬᠡᠨ ᠨᠢᠭᠡ ᠯᠡ ᠡᠷᠬᠡᠲᠡᠨ ᠢ ᠨᠥᠯᠥᠭᠡᠯᠡᠬᠦ ᠲᠡᠳᠦᠢ ᠪᠢᠰᠢ᠂ ᠬᠠᠷᠢᠨ ᠪᠦᠬᠦ ᠪᠡᠶ᠎ᠡ ᠶᠢ ᠨᠥᠯᠥᠭᠡᠯᠡᠵᠦ ᠮᠡᠳᠡᠨ᠎ᠡ᠂ ᠨᠢᠳᠦ ᠠᠴᠠ ᠠᠪᠤᠭᠠᠳ ᠬᠥᠯ ᠤᠨ ᠬᠤᠷᠤᠭᠤ ᠬᠦᠷᠲᠡᠯ᠎ᠡ ᠶᠠᠮᠠᠷ ᠴᠤ ᠬᠡᠰᠡᠭ ᠨᠢ ᠪᠦᠷ ᠡᠨᠡ ᠡᠪᠡᠳᠴᠢᠨ ᠠᠴᠠ ᠵᠠᠶᠢᠯᠠᠵᠤ ᠳᠡᠶᠢᠯᠬᠦ ᠦᠭᠡᠢ᠃ ᠰᠢᠬᠢᠷ ᠰᠢᠵᠢᠩ ᠡᠪᠡᠳᠴᠢᠨ ᠤ ᠴᠢᠨᠠᠷᠲᠠᠢ ᠨᠢᠳᠦᠨ ᠤ ᠡᠪᠡᠳᠴᠢᠨ ᠨᠢ ᠨᠢᠳᠦᠨ ᠤ ᠲᠣᠣᠷᠯᠢᠭ ᠪᠦᠷᠬᠦᠪᠴᠢ ᠤᠨ ᠡᠪᠡᠳᠴᠢᠨ ᠢ ᠡᠭᠦᠰᠭᠡᠵᠦ᠂ ᠬᠠᠷᠠᠭ᠎ᠠ ᠶᠢ ᠪᠠᠯᠠᠷᠬᠠᠢ ᠪᠣᠯᠭᠠᠬᠤ ᠪᠤᠶᠤ ᠴᠢᠨᠠᠭᠰᠢᠯᠠᠪᠠᠯ ᠬᠠᠷᠠᠭ᠎ᠠ ᠠᠯᠳᠠᠭᠤᠯᠤᠨ᠎ᠠ︔ ᠬᠠᠷᠢᠨ ᠰᠢᠬᠢᠷ ᠰᠢᠵᠢᠩ ᠡᠪᠡᠳᠴᠢᠨ ᠤ ᠴᠢᠨᠠᠷᠲᠠᠢ ᠪᠥᠭᠡᠷ᠎ᠡ ᠶᠢᠨ ᠡᠪᠡᠳᠴᠢᠨ ᠳᠤ ᠨᠡᠷᠪᠡᠭᠳᠡᠪᠡᠯ᠂ ᠬᠦᠳᠦᠷᠡᠬᠦ ᠦᠶ᠎ᠡ ᠳᠡᠭᠡᠨ ᠪᠥᠭᠡᠷ᠎ᠡ  ᠶᠢᠨ ᠳᠣᠷᠦ᠋ᠢᠲᠠᠯ᠂ ᠰᠢᠭᠡᠰᠦᠨ ᠬᠤᠣᠷᠳᠠᠯᠭ᠎ᠠ ᠡᠭᠦᠰᠭᠡᠵᠦ ᠮᠡᠳᠡᠨ᠎ᠡ︔ ᠵᠢᠷᠦᠬᠡ ᠪᠠ ᠶᠡᠭᠡ ᠲᠠᠷᠢᠬᠢ ᠶᠢ ᠳᠠᠭᠠᠷᠢᠪᠠᠯ ᠵᠢᠷᠦᠬᠡᠨ ᠲᠢᠲᠢᠮ ᠤᠨ ᠡᠪᠡᠳᠴᠢᠨ᠂ ᠰᠠ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠦᠨ᠎ᠡ᠃ ᠡᠳᠡᠭᠡᠷ ᠨᠢ ᠪᠦᠷ ᠨᠢᠭᠤᠭᠳᠠᠮᠠᠯ ᠠᠶᠤᠯ ᠲᠦᠭᠰᠢᠭᠦᠷᠢ ᠪᠤᠯᠬᠤ ᠶᠤᠮ᠃ ᠡᠭᠦᠨ ᠢᠶᠠᠷ ᠵᠤᠬᠰᠤᠬᠤ ᠦᠭᠡᠢ᠂ ᠰᠢᠬᠢᠷ ᠰᠢᠵᠢᠩ ᠡᠪᠡᠳᠴᠢᠲᠡᠨ ᠨᠢ ᠪᠠᠰᠠ ᠠᠷᠠᠰᠤᠨ ᠤ ᠬᠠᠯᠳᠠᠪᠤᠷᠢᠯᠠᠯ᠂ ᠮᠡᠳᠡᠷᠡᠯ ᠤᠨ ᠭᠡᠮᠲᠦᠯ ᠵᠡᠷᠭᠡ ᠠᠰᠠᠭᠤᠳᠠᠯ ᠳᠤ ᠲᠤᠯᠭᠠᠷᠠᠵᠤ ᠮᠡᠳᠡᠨ᠎ᠡ᠃        ᠮᠡᠳᠡᠷᠡᠯ ᠤᠨ ᠭᠡᠮᠲᠦᠯ ᠠᠴᠠ ᠪᠤᠯᠵᠤ ᠬᠥᠯ ᠤᠨ ᠬᠡᠰᠡᠭ ᠤᠨ ᠰᠡᠷᠡᠯ ᠢ ᠮᠠᠭᠤᠳᠠᠭᠤᠯᠵᠤ᠂ ᠴᠢᠨᠠᠭᠰᠢᠯᠠᠪᠠᠯ ᠰᠢᠬᠢᠷ ᠰᠢᠵᠢᠩ ᠡᠪᠡᠳᠴᠢᠨ ᠤ ᠴᠢᠨᠠᠷᠳᠠᠢ ᠬᠥᠯ ᠪᠣᠯᠵᠤ ᠮᠡᠳᠡᠨ᠎ᠡ᠂ ᠢᠡᠭᠭᠢᠬᠦ ᠳᠤ ᠬᠦᠷᠪᠡᠯ ᠬᠦᠨᠳᠦ ᠬᠡᠴᠡᠭᠦᠦ ᠬᠠᠯᠳᠠᠪᠤᠷᠢᠯᠠᠯ ᠢ ᠡᠭᠦᠰᠭᠡᠵᠦ᠂ ᠴᠢᠨᠠᠭᠰᠢᠯᠠᠪᠠᠯ ᠬᠦᠯ ᠢᠶᠠᠨ ᠣᠭᠲᠣᠯᠤᠭᠤᠯᠬᠤ ᠳᠤ ᠬᠦᠷᠴᠦ ᠮᠡᠳᠡᠨ᠎ᠡ᠃
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号