ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠠᠲᠤ ᠪᠠᠬᠢ ᠪᠤᠢ | ᠪᠣᠯᠭᠠᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠵᠤ᠂ ᠨᠡᠶᠢᠲᠡ 28 ᠵᠤᠷᠪᠤᠰ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠭᠤᠣᠯ ᠱᠤᠭᠤᠮ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠬᠠᠷᠢᠭᠤᠴᠠᠯᠭᠠᠲᠤ ᠰᠠᠯᠠᠭ᠎ᠠ ᠮᠥᠴᠢᠷ ᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠬᠥᠮᠦᠵᠢᠯ ᠪᠠ ᠤᠬᠠᠭᠤᠯᠤᠨ ᠲᠠᠶᠢᠯᠪᠤᠷᠢᠯᠠᠬᠤ ᠠᠵᠢᠯ᠂ ᠣᠷᠣᠨ ᠨᠤᠲᠤᠭ ᠤᠨ | ᠴᠢᠨᠠᠷᠲᠠᠢ ᠬᠠᠤᠯᠢ ᠲᠣᠭᠲᠠᠭᠠᠯ ᠪᠠ ᠲᠥᠯᠦᠪᠵᠢᠭᠦᠯᠭᠡ ᠵᠢᠴᠢ ᠬᠤᠯᠪᠣᠭᠳᠠᠯ ᠪᠦᠬᠦᠢ ᠲᠦᠷᠦᠯ ᠵᠦᠢᠯ᠂ ᠪᠡᠯᠡ | ᠮᠥᠩᠭᠦ ᠶᠢ ᠬᠢᠨᠠᠨ ᠬᠠᠷᠭᠤᠭᠤᠯᠵᠤ ᠪᠣᠭᠤᠮᠲᠠ ᠰᠠᠬᠢᠬᠤ᠂ ᠤᠨᠤᠯ ᠤᠨ ᠰᠤᠳᠤᠯᠭᠠᠨ ᠪᠠ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠡᠭᠦᠳᠬᠦ᠂ ᠠᠶᠤᠯ | ᠲᠦᠭᠰᠢᠭᠦᠷᠢ ᠶᠢᠨ ᠲᠠᠯᠳᠠ ᠭᠡᠮ ᠢ ᠰᠡᠷᠭᠡᠶᠢᠯᠡᠨ ᠠᠷᠢᠯᠭᠠᠬᠤ ᠪᠠ ᠰᠤᠷᠭᠠᠨ ᠬᠥᠮᠦᠵᠢᠯ᠂ ᠠᠷᠠᠳ ᠢ ᠪᠠᠶᠠᠵᠢᠭᠤᠯᠬᠤ᠂ | ᠬᠢᠯᠢ ᠬᠢᠵᠠᠭᠠᠷ ᠢ ᠬᠥᠭᠵᠢᠭᠦᠯᠬᠦ᠂ ᠬᠤᠶᠠᠷ ᠢ ᠬᠦᠷᠢᠶᠡᠯᠡᠬᠦ ᠵᠡᠷᠭᠡ ᠲᠠᠯ᠎ᠠ ᠪᠠᠷ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠱᠤᠭᠤᠮ ᠢ ᠲᠤᠤᠱᠯᠠᠭᠤᠯᠬᠤ ᠠᠵᠢᠯ ᠳᠤ | ᠲᠤᠰ ᠲᠤᠰ ᠱᠠᠭᠠᠷᠳᠠᠯᠭ᠎ᠠ ᠳᠤᠷᠠᠳᠪᠠ᠃ | ᠭᠤᠣᠯ ᠠᠭᠤᠯᠭ᠎ᠠ ᠨᠢ ᠳᠣᠣᠷᠠᠬᠢ ᠮᠡᠲᠦ᠄ | ᠶᠡᠷᠦᠩᠬᠡᠢ ᠱᠦᠵᠢ ᠰᠢ ᠶᠢᠨ ᠫᠢᠩ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ | ᠱᠤᠭᠤᠮ ᠮᠥᠨ᠂ ᠪᠠᠰᠠ ᠴᠤ ᠦᠨᠳᠦᠰᠦᠲᠡᠨ ᠤ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ︾ | ᠭᠡᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠲᠥᠯᠥᠭᠡ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠨᠠᠩ ᠰᠠᠶᠢᠲᠤᠷ | ᠲᠦᠯᠬᠢᠨ ᠠᠬᠢᠭᠤᠯᠵᠤ᠂ ᠳᠣᠣᠷᠠᠬᠢ ᠠᠷᠭ᠎ᠠ ᠬᠡᠮᠵᠢᠶ᠎ᠡ ᠶᠢ ᠳᠤᠷᠠᠳᠪᠠ᠃ | 1. ᠡᠯ᠎ᠡ ᠱᠠᠲᠤᠨ ᠤ ᠨᠠᠮ ᠤᠨ ᠬᠤᠷᠢᠶᠠᠨ ᠤ ᠠᠯᠪᠠᠨ ᠲᠢᠩᠬᠢᠮ ︵ᠭᠡᠷ︶ ᠲᠤ ᠡᠯ᠎ᠡ ᠵᠦᠢᠯ ᠤᠨ ᠠᠵᠢᠯ ᠢ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ | ᠰᠢᠵᠢᠮ ᠳᠤ ᠲᠤᠤᠱᠯᠠᠭᠤᠯᠬᠤ ᠡᠭᠦᠷᠭᠡ ᠬᠠᠷᠢᠭᠤᠴᠠᠯᠭ᠎ᠠ ᠶᠢ ᠬᠠᠷᠢᠭᠤᠴᠠᠭᠤᠯᠵᠤ᠂ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠵᠤ᠂ ᠬᠢᠨᠠᠨ ᠬᠠᠷᠭᠤᠭᠤᠯᠵᠤ᠂ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠰᠢᠮᠳᠠᠭᠤᠯᠤᠨ | ᠨᠠᠶᠢᠳᠠᠪᠤᠷᠢᠵᠢᠭᠤᠯᠵᠤ᠂ ᠵᠢᠯ ᠤᠨ ᠡᠬᠢᠨ ᠳᠤ ᠲᠣᠬᠢᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ | ᠵᠢᠯ ᠤᠨ ᠡᠴᠦᠰ ᠲᠤ ᠪᠠᠶᠢᠴᠠᠭᠠᠨ᠎ᠠ᠃ ᠡᠯ᠎ᠡ ᠱᠠᠲᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠰᠠᠯᠠᠭ᠎ᠠ | ᠮᠥᠴᠢᠷ ᠲᠤ ᠦᠨᠳᠦᠰᠦᠲᠡᠨ ᠤ ᠠᠵᠢᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠱᠤᠭᠤᠮ ᠤᠨ ᠡᠭᠦᠷᠭᠡ ᠬᠠᠷᠢᠭᠤᠴᠠᠯᠭ᠎ᠠ ᠶᠢ ᠬᠠᠷᠢᠭᠤᠴᠠᠭᠤᠯᠵᠤ᠂ | ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠰᠠᠶᠢᠲᠤᠷ ᠬᠢᠬᠦ ᠬᠡᠷᠡᠭᠲᠡᠢ᠃ | 2. ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ︽ᠭᠤᠷᠪᠠ ᠶᠢ ᠲᠣᠭᠲᠠᠭᠠᠬᠤ︾ | ᠲᠣᠭᠲᠠᠭᠠᠯ ᠳᠤ ᠪᠢᠴᠢᠨ ᠣᠷᠣᠭᠤᠯᠵᠤ᠂ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ | ᠲᠤᠰᠬᠠᠢ ᠵᠤᠷᠭᠠᠨ ᠤ ᠪᠠᠶᠢᠭᠤᠯᠤᠮᠵᠢ ᠶᠢ ᠲᠣᠳᠣᠷᠬᠠᠶᠢᠯᠠᠵᠤ᠂ ᠣᠨ ᠤ ᠠᠵᠢᠯ ᠤᠨ ᠲᠥᠯᠥᠪᠯᠡᠭᠡ ᠪᠣᠯᠣᠨ | ᠭᠤᠣᠯᠳᠠᠯᠭ᠎ᠠ ᠳᠤ ᠣᠷᠣᠭᠤᠯᠵᠤ᠂ ᠡᠳᠦᠷ ᠲᠤᠳᠤᠮ ᠤᠨ ᠠᠵᠢᠯ ᠳᠤ ᠠᠭᠤᠰᠤᠯᠴᠠᠭᠤᠯᠵᠤ᠂ ᠪᠠᠶᠢᠩᠭᠤ ᠠᠳᠬᠤᠬᠤ | ᠬᠡᠷᠡᠭᠲᠡᠢ᠃ ᠡᠯ᠎ᠡ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠨᠤᠭᠤᠳ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠠᠵᠢᠯ ᠤᠨ ᠳᠦᠷᠢᠮ ᠵᠢᠴᠢ ᠪᠠᠶᠢᠩᠭᠤ ᠶᠢᠨ ᠬᠡᠷᠡᠭ ᠡᠷᠬᠢᠯᠡᠬᠦ ᠪᠠᠶᠢᠭᠤᠯᠤᠮᠵᠢ ᠶᠢᠨ ᠠᠵᠢᠯ ᠤᠨ ᠨᠠᠷᠢᠨ ᠳᠦᠷᠢᠮ ᠳᠤ | ᠪᠢᠴᠢᠵᠦ ᠣᠷᠣᠭᠤᠯᠬᠤ ᠬᠡᠷᠡᠭᠲᠡᠢ᠃ ᠡᠯ᠎ᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠨᠤᠭᠤᠳ | ᠣᠯᠠᠨ ᠲᠦᠮᠡᠨ ᠲᠠᠢ ᠬᠠᠷᠢᠯᠴᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠠᠬᠢ ᠪᠣᠶ ᠪᠣᠯᠭᠠᠬᠤ ᠵᠣᠬᠢᠶᠠᠨ ᠪᠠᠶᠢᠭᠤᠯᠤᠨ ᠳᠠᠶᠢᠴᠢᠯᠠᠬᠤ ᠪᠠ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ | ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ | ᠪᠣᠯᠭᠠᠬᠤ ᠶᠢ ᠡᠯ᠎ᠡ ᠠᠵᠢᠯ ᠲᠥᠷᠥᠯ ᠤᠨ ᠳᠦᠷᠢᠮ ᠲᠣᠭᠲᠠᠭᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠦᠷᠢᠮ | ᠪᠠ ᠲᠣᠰᠬᠤᠨ ᠤ ᠳᠦᠷᠢᠮ ᠠᠷᠠᠳ ᠤᠨ ᠭᠡᠷ᠎ᠡ᠂ ᠬᠤᠲᠠ ᠶᠢᠨ ᠠᠷᠠᠳ ᠤᠨ ᠨᠡᠶᠢᠲᠡ ᠶᠢᠨ ᠭᠡᠷ᠎ᠡ ᠳᠤ ᠪᠢᠴᠢᠨ | ᠣᠷᠣᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠰᠣᠶᠣᠯ ᠤᠨ ᠪᠠᠶᠢᠭᠤᠯᠤᠯᠲᠠ ᠳᠤ ᠠᠭᠤᠰᠤᠯᠴᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢ | ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠮᠢᠳᠤᠷᠠᠯ ᠳᠤ ᠠᠭᠤᠰᠤᠯᠴᠠᠭᠤᠯᠵᠤ᠂ ᠠᠵᠢᠯᠯᠠᠭᠠᠨ ᠤ ᠪᠠᠷᠢᠮᠵᠢᠶ᠎ᠠ ᠪᠠ | ᠡᠳᠦᠷ ᠲᠤᠲᠤᠮ ᠤᠨ ᠵᠠᠩ ᠳᠠᠳᠬᠠᠯ ᠪᠣᠯᠭᠠᠬᠤ ᠬᠡᠷᠡᠭᠲᠡᠢ᠃ | 3᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠡᠷᠦᠩᠬᠡᠢ ᠱᠦᠵᠢ | ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠲᠤᠬᠠᠢ ᠴᠢᠬᠤᠯᠠ ᠥᠭᠦᠯᠡᠯᠲᠡ ᠶᠢ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠬᠤ ᠲᠥᠯᠥᠪᠯᠡᠭᠡ ᠪᠠ ᠬᠥᠮᠦᠵᠢᠯ | ᠪᠣᠯᠪᠠᠰᠤᠷᠠᠭᠤᠯᠤᠯ ᠤᠨ ᠲᠥᠯᠥᠪᠯᠡᠭᠡ ᠳᠤ ᠣᠷᠣᠭᠤᠯᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ | ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠲᠤᠰᠬᠠᠢ ᠰᠡᠳᠦᠪᠲᠦ | ᠰᠤᠷᠤᠯᠴᠠᠯᠭ᠎ᠠ ᠰᠤᠳᠤᠯᠤᠯᠲᠠ ᠬᠢᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠯ ᠪᠦᠷᠢ | ᠠᠳᠠᠭ ᠲᠠᠭᠠᠨ ᠨᠢᠭᠡ ᠤᠳᠠᠭ᠎ᠠ ᠲᠤᠰᠬᠠᠢ ᠰᠡᠳᠦᠪᠲᠦ ᠰᠤᠷᠤᠯᠴᠠᠯᠭ᠎ᠠ ᠪᠠ ᠰᠣᠯᠢᠯᠴᠠᠭ᠎ᠠ ᠬᠢᠬᠦ ᠶᠢ ᠵᠣᠬᠢᠶᠠᠨ | ᠪᠠᠶᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠰᠤᠷᠭᠠᠭᠤᠯᠢ ( ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ)᠂ | ᠺᠠᠳ᠋ᠷ ᠤᠨ ᠳᠡᠭᠡᠳᠦ ᠰᠤᠷᠭᠠᠭᠤᠯᠢ᠂ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠬᠠᠮᠢᠶ᠎ᠠ ᠪᠦᠬᠦᠢ ᠬᠢᠴᠢᠶᠡᠯ | ᠵᠢᠴᠢ ᠪᠣᠯᠪᠠᠰᠤᠷᠠᠭᠤᠯᠤᠯ ᠤᠨ ᠠᠭᠤᠯᠭ᠎ᠠ ᠶᠢᠨ ᠬᠤᠪᠢ ᠶᠢᠨ ᠵᠢᠩ ᠢ ᠰᠤᠷᠤᠯᠭ᠎ᠠ ᠶᠢᠨ ᠬᠤᠭᠤᠴᠠᠭ᠎ᠠ ᠪᠦᠷᠢ ᠶᠢᠨ | ᠶᠡᠷᠦᠩᠬᠡᠢ ᠬᠢᠴᠢᠶᠡᠯ ᠤᠨ ᠴᠠᠭ ᠤᠨ 20% ᠠᠴᠠ ᠳᠣᠣᠷ᠎ᠠ ᠦᠭᠡᠢ ᠪᠠᠶᠢᠯᠭᠠᠨ᠎ᠠ᠃ | 4. ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠲᠣᠭᠤᠷᠢᠨ ᠳᠤ ᠨᠠᠮ ᠤᠨ ᠭᠡᠰᠢᠭᠦᠨ | ᠤᠳᠤᠷᠢᠳᠬᠤ ᠺᠠᠳ᠋ᠷ ᠤᠨ ᠨᠠᠮ ᠤᠨ ᠬᠢᠴᠢᠶᠡᠯ ᠣᠷᠣᠬᠤ ᠪᠠ ᠤᠯᠤᠰ ᠲᠦᠷᠦ ᠶᠢᠨ ᠬᠢᠴᠢᠶᠡᠯ ᠣᠷᠣᠬᠤ ᠳᠦᠷᠢᠮ ᠢ | ᠲᠡᠭᠦᠯᠳᠡᠷᠵᠢᠭᠦᠯᠦᠨ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶᠠᠨ ᠤ | ᠤᠬᠠᠭᠤᠯᠬᠤ ᠰᠠᠯᠠᠭ᠎ᠠ ᠮᠥᠴᠢᠷ ᠤᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠪᠠᠬᠢ ᠪᠤᠢ ᠪᠣᠯᠭᠠᠬᠤ ᠪᠠᠶᠢᠩᠭᠤᠵᠢᠭᠰᠠᠨ ᠤᠬᠠᠭᠤᠯᠭ᠎ᠠ ᠬᠥᠮᠦᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ | ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠲᠦᠷᠪᠡᠨ | ᠬᠠᠮᠲᠤ ᠪᠠᠷ︾᠂ ︽ᠳᠥᠷᠪᠡ ᠶᠢ ᠬᠠᠮᠲᠤᠪᠠᠷ ᠬᠢᠬᠦ︾᠂ ︽ᠲᠠᠪᠤᠨ ᠮᠡᠳᠡᠷᠡᠮᠵᠢ︾᠂ ︽ᠲᠠᠪᠤᠨ ᠦᠵᠡᠯᠲᠡ︾ ᠪᠣᠯᠣᠨ | ︽ᠳᠤᠯᠤᠭ᠎ᠠ ᠶᠢ ᠵᠢᠱᠢᠶᠡᠴᠢ︾ᠵᠡᠷᠭᠡ ᠣᠶᠢᠯᠠᠭᠠᠭᠳᠠᠬᠤᠨ ᠪᠣᠯᠣᠨ ᠱᠠᠭᠠᠷᠳᠠᠯᠭ᠎ᠠ ᠶᠢ ᠤᠬᠠᠭᠤᠯᠤᠨ ᠲᠠᠶᠢᠯᠪᠤᠷᠢᠯᠠᠬᠤ | ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠬᠦ ᠬᠡᠷᠡᠭᠲᠡᠢ᠃ | 5. ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠡᠷᠦᠩᠬᠡᠢ ᠱᠦᠵᠢ | ᠰᠢ ᠶᠢᠨ ᠫᠢᠩ ᠪᠣᠯᠣᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠤᠨ ᠠᠷᠠᠳ ᠲᠦᠮᠡᠨ ᠢ ᠬᠠᠯᠠᠮᠵᠢᠯᠠᠬᠤ᠂ | ᠨᠠᠮ ᠤᠨ ᠠᠴᠢ ᠶᠢ ᠤᠬᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠤᠷᠤᠯᠴᠠᠯᠭ᠎ᠠ | ᠬᠥᠮᠦᠵᠢᠯ ᠪᠣᠯᠣᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ | ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠥᠮᠥᠵᠢᠭᠦᠯᠦᠨ ᠵᠢᠯᠤᠭᠤᠳᠴᠤ ᠪᠠᠶᠢᠭᠠᠳ ︽ᠵᠢᠷᠭᠤᠭᠠᠨ | ᠦᠭᠡ ᠶᠢᠨ ᠪᠣᠳᠠᠲᠤ ᠶᠠᠪᠤᠳᠠᠯ ᠪᠣᠯᠣᠨ ᠶᠣᠰᠣ ᠤᠴᠢᠷ ᠢ ᠪᠠᠲᠤ ᠴᠡᠭᠡᠵᠢᠯᠡᠵᠦ᠂ ᠨᠡᠩ ᠡᠷᠡᠰ ᠪᠠᠲᠤ | ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠭᠤᠯᠬᠤ | ᠬᠡᠷᠡᠭᠲᠡᠢ᠃ | 6. ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠵᠢᠴᠢ ᠲᠣᠭᠤᠷᠢᠭ ᠪᠠᠶᠢᠭᠤᠯᠤᠭᠰᠠᠨ ᠬᠤᠲᠠ᠂ ᠥᠪᠡᠷᠲᠡᠭᠡᠨ ᠵᠠᠰᠠᠬᠤ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠣᠲᠣ ᠶᠢᠨ ᠬᠡᠷᠡᠭᠵᠢᠭᠦᠯᠵᠦ ᠪᠠᠶᠢᠭ᠎ᠠ | ᠬᠦᠴᠦᠨ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠥᠪᠡᠷᠲᠡᠭᠡᠨ ᠵᠠᠰᠠᠬᠤ ᠳᠦᠷᠢᠮ ᠪᠠ | ᠲᠤᠰᠬᠠᠢ ᠳᠦᠷᠢᠮ ᠢ ᠪᠥᠬᠦ ᠲᠠᠯ᠎ᠠ ᠪᠠᠷ ᠡᠮᠬᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠳᠤ ᠨᠡᠶᠢᠴᠡᠬᠦ ᠦᠭᠡᠢ ᠶᠢ ᠨᠢ ᠴᠠᠭ ᠲᠤᠬᠠᠢ ᠳᠤ ᠨᠢ ᠵᠠᠰᠠᠪᠤᠷᠢ ᠣᠷᠣᠭᠤᠯᠬᠤ ᠪᠤᠶᠤ | ᠬᠦᠴᠦᠨ ᠦᠭᠡᠢ ᠪᠣᠯᠭᠠᠨ᠎ᠠ᠃ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠬᠤ ᠳᠠᠭᠠᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ | ᠤᠷᠢᠳᠠᠴᠢ ᠬᠢᠨᠠᠨ ᠬᠠᠷᠭᠤᠭᠤᠯᠬᠤ ᠨᠥᠬᠦᠴᠡᠯ ᠪᠣᠯᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠣᠷᠴᠣᠨ ᠤ ᠥᠪᠡᠷᠲᠡᠭᠡᠨ ᠵᠠᠰᠠᠬᠤ ᠬᠤᠰᠢᠭᠤ᠂ | ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠮᠣᠷᠢᠨᠳᠠᠪᠠᠭ᠎ᠠ ᠶᠢᠨ ᠦᠨᠳᠦᠰᠦᠲᠡᠨ ᠤ ᠥᠪᠡᠷᠲᠡᠭᠡᠨ | ᠵᠠᠰᠠᠬᠤ ᠬᠤᠰᠢᠭᠤ ᠶᠢ ᠵᠢᠯᠣᠭᠤᠳᠤᠨ ᠥᠪᠡᠷᠲᠡᠭᠡᠨ ᠵᠠᠰᠠᠬᠤ ᠳᠦᠷᠢᠮ ᠳᠤ ᠵᠠᠰᠠᠪᠤᠷᠢ ᠣᠷᠣᠭᠤᠯᠬᠤ ᠠᠵᠢᠯ ᠢ ᠰᠠᠶᠢᠲᠤᠷ | ᠬᠢᠬᠦ ᠬᠡᠷᠡᠭᠲᠡᠢ᠃ | 7. ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠣᠲᠣ ᠶᠢᠨ ᠬᠡᠷᠡᠭᠵᠢᠭᠦᠯᠵᠦ | ᠪᠠᠶᠢᠭ᠎ᠠ ᠪᠦᠲᠦᠮᠵᠢᠲᠡᠶ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠪᠥᠬᠦ ᠲᠠᠯ᠎ᠠ ᠪᠠᠷ ᠡᠮᠬᠢᠯᠡᠵᠦ᠂ ᠳᠥᠷᠪᠡᠨ | ᠱᠠᠲᠤᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠬᠤ ᠠᠵᠢᠯ ᠢ ᠥᠷᠨᠢᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ | ᠰᠢᠨᠵᠢᠯᠡᠬᠦ ᠤᠬᠠᠭᠠᠨᠴᠢ ᠯᠠᠪᠳᠠᠭᠤᠨ ᠪᠣᠯᠭᠤᠮᠵᠢᠲᠠᠢ ᠬᠢᠨᠠᠨ ᠪᠠᠶᠢᠴᠠᠭᠠᠵᠤ᠂ ᠵᠣᠬᠢᠴᠠᠭᠤᠯᠵᠤ᠂ ᠵᠠᠰᠠᠪᠤᠷᠢ ᠣᠷᠣᠭᠤᠯᠬᠤ | ᠬᠡᠷᠡᠭᠲᠡᠢ᠃ | 8. ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠨᠠᠮ ᠤᠨ | ᠳᠣᠲᠣᠭᠠᠳᠤ ᠶᠢᠨ ᠬᠠᠤᠯᠢ ᠲᠣᠭᠲᠠᠭᠠᠯ ᠤᠨ ᠤᠷᠢᠳᠠᠴᠢ ᠬᠢᠨᠠᠨ ᠬᠠᠷᠭᠤᠭᠤᠯᠬᠤ᠂ ᠳᠡᠩᠰᠡᠯᠡᠵᠦ ᠬᠢᠨᠠᠨ ᠪᠠᠶᠢᠴᠠᠭᠠᠬᠤ | ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠳᠤ ᠨᠡᠶᠢᠴᠡᠬᠦ ᠦᠭᠡᠢ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠴᠠᠭ ᠲᠤᠬᠠᠢ ᠳᠤ ᠨᠢ ᠵᠠᠰᠠᠪᠤᠷᠢ ᠣᠷᠣᠭᠤᠯᠬᠤ ᠪᠤᠶᠤ ᠬᠦᠴᠦᠨ | ᠦᠭᠡᠢ ᠪᠣᠯᠭᠠᠨ᠎ᠠ᠃ | 9. ᠡᠯ᠎ᠡ ᠱᠠᠲᠤᠨ ᠤ ᠵᠠᠰᠠᠭ ᠤᠨ ᠣᠷᠳᠣᠨ ᠤ ᠠᠯᠪᠠᠨ ᠲᠢᠩᠬᠢᠮ ︵ᠭᠡᠷ︶ ᠨᠢ ᠴᠢᠬᠤᠯᠠ ᠶᠡᠭᠡ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠵᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠰᠢᠵᠢᠮ ᠢ ᠪᠠᠲᠤ ᠴᠣᠭᠴᠠᠯᠠᠨ᠂ ᠪᠣᠢ ᠪᠦᠬᠦᠢ | ᠥᠭᠡᠷᠡᠴᠢᠯᠡᠯᠲᠡ ᠬᠥᠭᠵᠢᠯᠲᠡ ᠳᠤ ︽ᠭᠤᠷᠪᠠᠨ ᠠᠴᠢ ᠬᠤᠯᠪᠣᠭᠳᠠᠯ︾ ᠢᠶᠠᠷ ᠬᠢᠨᠠᠨ ᠬᠠᠷᠭᠤᠭᠤᠯᠬᠤ᠂ ᠦᠨᠡᠯᠡᠨ ᠵᠢᠱᠢᠬᠦ᠂ | ᠢᠯᠭᠠᠷᠠᠭᠤᠯᠬᠤ ᠲᠣᠭᠲᠠᠴᠠ ᠣᠯᠭᠤᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠦᠬᠦ | ᠲᠠᠯ᠎ᠠ ᠪᠠᠷ ᠡᠮᠬᠢᠯᠡᠵᠦ᠂ ᠴᠠᠭ ᠲᠤᠬᠠᠢ ᠳᠤ ᠨᠢ ᠲᠣᠬᠢᠷᠠᠭᠤᠯᠤᠨ ᠲᠡᠭᠦᠯᠳᠡᠷᠵᠢᠭᠦᠯᠬᠦ ᠬᠡᠷᠡᠭᠲᠡᠢ᠃ | 10. ᠡᠯ᠎ᠡ ᠱᠠᠲᠤᠨ ᠤ ᠬᠥᠭᠵᠢᠯᠲᠡ ᠶᠢᠨ ᠲᠥᠯᠦᠪᠵᠢᠭᠦᠯᠭᠡ ᠶᠢᠨ ᠵᠥᠪᠯᠡᠯ᠂ ᠬᠤᠲᠠ ᠶᠢᠨ | ᠲᠥᠯᠦᠪᠵᠢᠭᠦᠯᠭᠡ ᠶᠢᠨ ᠵᠥᠪᠯᠡᠯ ︵ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠵᠥᠪᠯᠡᠯ︶ ᠨᠢ ᠠᠳᠠᠯᠢ ᠱᠠᠲᠤᠨ ᠤ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠢᠶᠠᠷ ᠪᠦᠷᠢᠯᠳᠦᠭᠦᠨ ᠨᠢᠭᠡᠴᠢ ᠪᠣᠯᠭᠠᠵᠤ᠂ ᠡᠯ᠎ᠡ ᠲᠥᠷᠥᠯ ᠤᠨ | ᠲᠥᠯᠦᠪᠵᠢᠭᠦᠯᠭᠡ ᠪᠠ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠭᠤᠣᠯ ᠱᠤᠭᠤᠮ ᠢ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ᠃ | 11. ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠱᠤᠭᠤᠮ ᠤᠨ ᠭᠤᠣᠯᠳᠠᠯᠭ᠎ᠠ ᠲᠠᠢ | ᠡᠭᠦᠷᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠳ᠋ ᠤᠨ ᠵᠠᠰᠠᠭ ᠤᠨ ᠪᠠᠲᠤᠯᠠᠭ᠎ᠠ ᠶᠢ ᠴᠢᠩᠭᠠᠳᠬᠠᠵᠤ᠂ ᠴᠢᠬᠤᠯᠠ | ᠶᠡᠭᠡ ᠪᠡᠯᠡ ᠮᠥᠩᠭᠦ ᠶᠢ ᠲᠣᠬᠢᠷᠠᠭᠤᠯᠤᠨ ᠬᠡᠷᠡᠭᠯᠡᠵᠦ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠱᠤᠭᠤᠮ ᠢ ᠬᠢᠨᠠᠨ ᠬᠠᠷᠭᠤᠭᠤᠯᠬᠤ ᠲᠣᠭᠲᠠᠴᠠ ᠶᠢ | ᠪᠠᠶᠢᠭᠤᠯᠬᠤ ᠬᠡᠷᠡᠭᠲᠡᠢ᠃ | 12. ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠨᠢ | ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠵᠡᠷᠭᠡ ᠰᠠᠯᠠᠭ᠎ᠠ ᠮᠥᠴᠢᠷ ᠨᠢᠭᠡᠴᠢ ᠲᠠᠢ ᠬᠠᠮᠲᠤᠷᠠᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠨᠤᠯ ᠤᠨ ᠰᠤᠳᠤᠯᠭᠠᠨ ᠤ ᠰᠢᠰᠲ᠋ᠧᠮ ᠤᠨ ᠪᠠᠶᠢᠭᠤᠯᠤᠯᠲᠠ ᠶᠢ | ᠠᠬᠢᠭᠤᠯᠵᠤ᠂ ︽ᠳᠤᠮᠳᠠᠳᠤ ᠶᠢᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ | ᠮᠠᠲ᠋ᠧᠷᠢᠶᠠᠯ ᠤᠨ ᠡᠮᠬᠢᠳᠬᠡᠯ · ᠥᠪᠥᠷ ᠮᠣᠩᠭᠤᠯ ᠤᠨ ᠡᠪᠬᠡᠮᠡᠯ︾ ᠢ ᠨᠠᠶᠢᠷᠠᠭᠤᠯᠬᠤ ᠠᠵᠢᠯ ᠢ ᠰᠠᠶᠢᠲᠤᠷ ᠠᠳᠬᠤᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠤᠳᠤᠯᠭᠠᠨ ᠤ ᠢᠨᠵᠧᠨᠧᠷᠢᠩ | ︵2023-2027 ᠣᠨ︶ ᠢ ᠰᠠᠶᠢᠲᠤᠷ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠤᠨᠤᠯ ᠤᠨ ᠰᠤᠳᠤᠯᠤᠨ ᠶᠠᠷᠢᠯᠴᠠᠬᠤ ᠬᠤᠷᠠᠯ᠂ ᠳᠡᠭᠡᠳᠦ ᠲᠡᠰ ᠤᠨ ᠡᠷᠳᠡᠮ | ᠰᠢᠨᠵᠢᠯᠡᠭᠡᠨ ᠤ ᠶᠠᠷᠢᠶᠠᠨ ᠤ ᠲᠠᠪᠴᠠᠩ ᠢ ᠰᠠᠶᠢᠲᠤᠷ ᠡᠷᠬᠢᠯᠡᠵᠦ᠂ ᠥᠪᠥᠷ ᠮᠣᠩᠭᠤᠯ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠣᠨ ᠤ ᠬᠥᠬᠡ ᠭᠠᠳᠠᠷᠲᠤ ᠪᠢᠴᠢᠭ ᠢ | ᠨᠠᠶᠢᠷᠠᠭᠤᠯᠤᠨ ᠪᠢᠴᠢᠬᠦ ᠬᠡᠷᠡᠭᠲᠡᠢ᠃ | 13. ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠲᠦᠷᠦᠭᠦᠯᠡᠨ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠢ ᠶᠢᠨ | ︽ᠵᠠᠭᠤ ᠮᠢᠩᠭ᠎ᠠ ᠲᠦᠮᠡᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ︾ ᠢᠨᠵᠧᠨᠧᠷᠢᠩ ᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ | ᠦᠨᠳᠦᠰᠦᠨ ᠴᠢᠭᠯᠡᠯ ᠪᠣᠯᠭᠠᠨ ᠠᠭᠤᠯᠤᠭᠳᠠᠬᠤᠨ ᠢ ᠭᠦᠨᠵᠡᠭᠡᠶᠢᠷᠡᠭᠦᠯᠵᠦ᠂ ᠬᠡᠯᠪᠡᠷᠢ ᠶᠢ ᠪᠠᠶᠠᠯᠢᠭᠵᠢᠭᠤᠯᠵᠤ᠂ ᠠᠷᠭ᠎ᠠ ᠶᠢ | ᠰᠢᠨᠡᠴᠢᠯᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠬᠠᠷᠢᠯᠴᠠᠨ | ᠰᠤᠷᠤᠯᠴᠠᠵᠤ ᠬᠠᠷᠢᠯᠴᠠᠨ ᠲᠣᠯᠢ ᠪᠣᠯᠭᠠᠬᠤ᠂ ᠬᠠᠷᠢᠯᠴᠠᠨ ᠬᠠᠪᠰᠤᠷᠤᠯᠴᠠᠬᠤ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠲᠡᠰ ᠳᠡᠪᠰᠢᠭᠰᠡᠨ ᠬᠡᠪ ᠢ ᠪᠤᠢ ᠪᠣᠯᠭᠠᠬᠤ | ᠬᠡᠷᠡᠭᠲᠡᠢ᠃ ᠬᠢᠩᠭᠠᠨ ᠠᠶᠢᠮᠠᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠵᠢᠱᠢᠶ᠎ᠡ ᠦᠵᠡᠭᠦᠯᠬᠦ ᠣᠷᠣᠨ ᠢ ᠴᠣᠭᠴᠠᠯᠠᠨ ᠪᠠᠶᠢᠭᠤᠯᠬᠤ ᠶᠢ ᠵᠢᠯᠣᠭᠤᠳᠤᠨ ᠳᠡᠮᠵᠢᠨ᠎ᠡ᠃ | 14. ᠥᠪᠡᠷᠲᠡᠭᠡᠨ ᠵᠠᠰᠠᠬᠤ ᠣᠷᠣᠨ ᠤ ᠰᠤᠷᠲᠠᠯ ᠤᠬᠠᠭᠤᠯᠭ᠎ᠠ ᠰᠣᠶᠣᠯ ᠤᠨ ᠰᠠᠯᠠᠭ᠎ᠠ ᠮᠥᠴᠢᠷ ᠤᠳ | ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ | ᠰᠤᠳᠤᠯᠤᠨ ᠲᠠᠶᠢᠯᠪᠤᠷᠢᠯᠠᠬᠤ᠂ ᠤᠯᠠᠮᠵᠢᠯᠠᠨ ᠳᠡᠯᠭᠡᠷᠡᠭᠦᠯᠬᠦ᠂ ᠵᠣᠬᠢᠶᠠᠨ ᠪᠦᠲᠦᠭᠡᠵᠦ ᠦᠢᠯᠡᠳᠪᠦᠷᠢᠯᠡᠬᠦ᠂ ᠲᠤᠯᠭᠠᠭᠤᠷᠢᠯᠠᠨ | ᠪᠠᠲᠤᠯᠠᠬᠤ ᠲᠣᠭᠲᠠᠴᠠ ᠶᠢ ᠪᠦᠷᠢᠨᠰᠢᠭᠦᠯᠦᠨ᠂ ︽ᠳᠤᠮᠳᠠᠳᠤ ᠤᠯᠤᠰ · ᠤᠮᠠᠷᠠᠲᠤ ᠬᠢᠯᠢ ᠶᠢᠨ ᠰᠣᠶᠣᠯ ᠤᠨ ᠨᠠᠶᠢᠷ︾ ᠢ | ᠪᠡᠯᠡᠳᠬᠡᠨ ᠡᠷᠭᠢᠯᠡᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠳᠤᠮᠳᠠᠳᠤ ᠶᠢᠨ ᠰᠣᠶᠣᠯ ᠤᠨ ᠠᠭᠤᠯᠬᠤᠨ ᠲᠠᠢ᠂ ᠤᠮᠠᠷᠠᠲᠤ ᠬᠢᠯᠢ ᠶᠢᠨ ᠰᠣᠶᠣᠯ ᠤᠨ ᠣᠨᠴᠠᠭᠠᠶ ᠲᠡᠮᠳᠡᠭ ᠪᠠ ᠳᠦᠷᠢ | ᠲᠥᠷᠬᠦ ᠶᠢ ᠪᠤᠢ ᠪᠣᠯᠭᠠᠬᠤ ᠶᠢ ᠲᠦᠯᠬᠢᠨ ᠠᠬᠢᠭᠤᠯᠬᠤ ᠶᠢᠨ ᠬᠠᠮᠲᠤ ᠲᠡᠭᠦᠨ ᠢ ᠣᠯᠠᠨ ᠨᠡᠶᠢᠲᠡ ᠶᠢᠨ ᠰᠣᠶᠣᠯ ᠤᠨ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠪᠡᠯᠭᠡ ᠲᠡᠮᠳᠡᠭ ᠤᠨ ᠴᠢᠨᠠᠷᠲᠠᠢ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ᠂ ᠵᠢᠭᠤᠯᠴᠢᠯᠠᠯ ᠤᠨ ᠦᠵᠡᠮᠵᠢ ᠶᠢᠨ ᠦᠵᠡᠭᠦᠯᠦᠯᠭᠡ ᠵᠡᠷᠭᠡ ᠲᠠᠯ᠎ᠠ ᠳᠤ ᠠᠭᠤᠰᠤᠯᠴᠠᠭᠤᠯᠬᠤ | ᠬᠡᠷᠡᠭᠲᠡᠢ᠃ | 15.ᠡᠯ᠎ᠡ ᠱᠠᠲᠤᠨ ᠤ ᠰᠤᠷᠲᠠᠯ ᠤᠬᠠᠭᠤᠯᠭ᠎ᠠ ᠰᠣᠶᠣᠯ ᠤᠨ ᠰᠠᠯᠠᠭ᠎ᠠ ᠮᠥᠴᠢᠷ ᠤᠳ ᠡᠯ᠎ᠡ ᠲᠥᠷᠥᠯ ᠤᠨ | ᠳᠤᠷᠠᠰᠬᠠᠯ ᠤᠨ ᠣᠷᠳᠣᠨ᠂ ᠦᠵᠡᠰᠬᠦᠯᠡᠩ ᠤᠨ ᠣᠷᠳᠣᠨ᠂ ᠮᠦᠽᠧᠢ ︵ᠬᠦᠷᠢᠶᠡᠯᠡᠩ︶ ᠶᠢᠨ ᠳᠡᠯᠭᠡᠨ ᠦᠵᠡᠭᠦᠯᠬᠦ | ᠠᠭᠤᠯᠭ᠎ᠠ ᠶᠢ ᠰᠤᠳᠤᠯᠬᠤ ᠪᠠ ᠬᠢᠨᠠᠨ ᠬᠠᠷᠭᠤᠭᠤᠯᠵᠤ ᠪᠣᠭᠤᠮᠲᠠ ᠰᠠᠬᠢᠬᠤ ᠶᠢ ᠴᠢᠩᠭᠠᠳᠬᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠨᠡᠶᠢᠴᠡᠬᠦ ᠦᠭᠡᠢ ᠠᠭᠤᠯᠭ᠎ᠠ ᠶᠢ | ᠭᠦᠨᠵᠡᠭᠡᠢ ᠢᠯᠭᠠᠷᠠᠭᠤᠯᠵᠤ᠂ ᠨᠠᠮ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠳᠤᠷᠢᠳᠤᠨ ᠪᠦᠯᠬᠦᠮᠳᠡᠨ | ᠲᠡᠮᠡᠴᠡᠬᠦ ᠪᠠ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ | ᠲᠡᠦᠬᠡ ᠶᠢᠨ ᠪᠣᠳᠠᠲᠤ ᠪᠠᠶᠢᠳᠠᠯ ᠢ ᠭᠦᠢᠴᠡᠳ ᠲᠤᠰᠬᠠᠭᠰᠠᠨ ᠳᠡᠯᠭᠡᠨ ᠦᠵᠡᠭᠦᠯᠬᠦ ᠳᠡᠯᠭᠡᠨ ᠦᠵᠡᠭᠦᠯᠬᠦ ᠶᠢ | ᠲᠥᠪᠯᠡᠷᠡᠭᠦᠯᠦᠨ ᠭᠠᠷᠭᠠᠬᠤ ᠬᠡᠷᠡᠭᠲᠡᠢ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ | ᠣᠷᠴᠢᠭᠤᠯᠭ᠎ᠠ ᠶᠢᠨ ᠠᠵᠢᠯ ᠢ ᠴᠢᠩᠭ᠎ᠠ ᠵᠢᠷᠤᠮᠵᠢᠭᠤᠯᠬᠤ ᠬᠡᠷᠡᠭᠲᠡᠢ᠃ ᠦᠨᠳᠦᠰᠦᠲᠡᠨ ᠤ ᠬᠦᠷᠢᠶᠡᠨ ᠳᠠᠬᠢ | ᠬᠡᠪᠯᠡᠭᠳᠡᠬᠦᠨ ᠢ ᠬᠢᠨᠠᠨ ᠬᠠᠷᠭᠤᠭᠤᠯᠬᠤ ᠬᠠᠮᠢᠶᠠᠷᠤᠯᠲᠠ ᠶᠢ ᠴᠢᠩᠭᠠᠳᠬᠠᠵᠤ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ | ᠤᠬᠠᠭᠠᠨ ᠤ ᠰᠤᠳᠤᠯᠤᠯ ᠵᠢᠴᠢ ᠬᠠᠮᠢᠶ᠎ᠠ ᠪᠦᠬᠦᠢ ᠶᠠᠷᠢᠶᠠᠨ ᠤ ᠲᠠᠪᠴᠠᠩ᠂ ᠲᠠᠶᠢᠯᠤᠮᠵᠢ ᠶᠢᠨ ᠬᠢᠨᠠᠨ ᠬᠠᠷᠭᠤᠭᠤᠯᠬᠤ | ᠬᠠᠮᠢᠶᠠᠷᠤᠯᠲᠠ ᠶᠢ ᠴᠢᠩᠭᠠᠳᠬᠠᠨ᠂ ᠡᠯ᠎ᠡ ᠲᠥᠷᠥᠯ ᠤᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠢᠯᠠᠩᠭᠤᠶ᠎ᠠ | ᠬᠢᠯᠢ ᠶᠢᠨ ᠭᠠᠳᠠᠨᠠᠬᠢ ᠲᠣᠭᠯᠠᠯᠲᠠ ᠶᠢᠨ ᠪᠦᠯᠬᠦᠮ ᠨᠡᠶᠢᠲᠡ ᠠᠴᠠ ᠮᠠᠨ ᠤ ᠣᠷᠣᠨ ᠳᠤ ᠢᠷᠡᠵᠦ ᠲᠣᠭᠯᠠᠯᠲᠠ ᠶᠢᠨ | ᠠᠵᠢᠯᠯᠠᠭ᠎ᠠ ᠶᠢ ᠬᠢᠨᠠᠨ ᠬᠠᠷᠭᠤᠭᠤᠯᠵᠤ ᠬᠠᠮᠢᠶᠠᠷᠬᠤ ᠪᠠᠨ ᠴᠢᠩᠭᠠᠳᠬᠠᠵᠤ᠂ ︽ᠡᠪᠡᠳᠴᠢᠨ ᠲᠠᠢ ᠬᠥᠮᠥᠨ ᠠᠮᠠ ᠬᠡᠪᠯᠡᠬᠦ︾᠂ | ︽ᠠᠰᠠᠭᠤᠳᠠᠯ ᠲᠠᠢ ᠬᠥᠮᠥᠨ ᠲᠠᠯᠠᠪᠤᠷ ᠭᠠᠵᠠᠷ︾ ᠢ ᠰᠡᠷᠭᠡᠶᠢᠯᠡᠨ ᠬᠤᠷᠢᠭᠯᠠᠨ᠎ᠠ᠃ | 16. ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢ ᠡᠯ᠎ᠡ ᠱᠠᠲᠤᠨ ᠤ ᠡᠯ᠎ᠡ | ᠲᠥᠷᠥᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠵᠦ ᠰᠤᠷᠭᠠᠭᠤᠯᠢ ᠶᠢ ᠵᠠᠰᠠᠬᠤ᠂ ᠪᠢᠴᠢᠭ ᠵᠢᠭᠠᠵᠤ ᠬᠥᠮᠥᠨ ᠢ | ᠬᠥᠮᠥᠵᠢᠭᠦᠯᠬᠦ ᠪᠥᠬᠦ ᠶᠠᠪᠤᠴᠠ ᠳᠤ ᠠᠭᠤᠰᠤᠯᠴᠠᠭᠤᠯᠬᠤ ᠶᠢ ᠠᠬᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠱᠠᠲᠤᠨ ᠳᠤ ︽ᠬᠡᠦᠬᠡᠳ ᠤᠨ ᠬᠡᠯᠡ ᠠᠳᠠᠯᠢᠬᠠᠨ ᠠᠪᠢᠶ᠎ᠠ︾ ᠶᠢᠨ ᠲᠥᠯᠥᠪᠯᠡᠭᠡ ᠶᠢ ᠬᠡᠷᠡᠭᠵᠢᠭᠦᠯᠵᠦ᠂ | ︽ᠶᠣᠰᠣ ᠮᠣᠷᠠᠯ ᠲᠠᠢ ᠴᠢᠬᠢ ᠮᠣᠳᠣ ᠪᠣᠶᠢᠵᠢᠭᠤᠯᠬᠤ︾ ᠬᠢᠴᠢᠶᠡᠯ ᠤᠨ ᠲᠠᠩᠬᠢᠮ ᠢ ᠪᠥᠬᠦ ᠲᠠᠯ᠎ᠠ ᠪᠠᠷ ᠨᠡᠭᠡᠭᠡᠬᠦ ᠬᠡᠷᠡᠭᠲᠡᠢ︔ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ︽ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ︾ | ᠵᠡᠷᠭᠡ ᠵᠢᠭᠠᠬᠤ ᠮᠠᠲ᠋ᠧᠷᠢᠶᠠᠯ ᠢ ᠰᠠᠶᠢᠲᠤᠷ ᠬᠡᠷᠡᠭᠯᠡᠵᠦ᠂ ᠬᠢᠴᠢᠶᠡᠯ ᠤᠨ ᠴᠠᠭ ᠠᠴᠠ 12 ᠬᠢᠴᠢᠶᠡᠯ ᠤᠨ ᠴᠠᠭ ᠠᠴᠠ | ᠳᠤᠲᠠᠭᠤ ᠦᠭᠡᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠤᠰᠬᠠᠢ ᠰᠡᠳᠦᠪᠲᠦ ᠰᠤᠷᠭᠠᠨ ᠬᠥᠮᠦᠵᠢᠯ ᠢ | ᠥᠷᠨᠢᠭᠦᠯᠦᠨ᠎ᠡ︔ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠱᠠᠲᠤᠨ ᠳᠤ ︽ᠪᠢ | ᠡᠬᠡ ᠤᠯᠤᠰ ᠢᠶᠠᠨ ᠬᠠᠶᠢᠷᠠᠯᠠᠨ ᠬᠠᠯᠠᠮᠵᠢᠯᠠᠬᠤ︾ ᠵᠡᠷᠭᠡ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ | ︽ᠳᠤᠮᠳᠠᠳᠤ ᠪᠠᠨ ᠬᠠᠶᠢᠷᠠᠯᠠᠬᠤ︾ ᠵᠤᠰᠠᠯᠠᠩ᠂ ᠡᠪᠦᠯ ᠤᠨ ᠤᠯᠠᠷᠢᠯ ᠤᠨ ᠵᠤᠰᠠᠯᠠᠩ ᠵᠡᠷᠭᠡ ᠨᠡᠶᠢᠭᠡᠮ ᠤᠨ ᠦᠢᠯᠡᠳᠦᠯᠭᠡ ᠶᠢ | ᠥᠷᠭᠡᠨ ᠢᠶᠠᠷ ᠥᠷᠨᠢᠭᠦᠯᠦᠨ᠎ᠡ︔ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠱᠠᠲᠤᠨ ᠳᠤ ᠪᠠᠭᠰᠢ | ᠰᠤᠷᠤᠭᠴᠢᠳ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠣᠶᠢᠮᠣ ᠥᠭᠦᠯᠡᠯ︾ ᠵᠡᠷᠭᠡ | ᠵᠢᠭᠠᠬᠤ ᠮᠠᠲ᠋ᠧᠷᠢᠶᠠᠯ ᠢ ᠰᠠᠶᠢᠲᠤᠷ ᠬᠡᠷᠡᠭᠯᠡᠬᠦ ᠶᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ︽ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠢᠶᠠᠨ ᠬᠠᠶᠢᠷᠠᠯᠠᠬᠤ︾ ᠲᠥᠷᠥᠯ ᠵᠦᠢᠯ ᠢ ᠬᠡᠷᠡᠭᠵᠢᠭᠦᠯᠦᠨ᠎ᠡ᠃ | 17᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠪᠣᠯᠣᠨ ᠨᠡᠶᠢᠲᠡᠯᠢᠭ ᠬᠡᠯᠡ ᠶᠢ | ᠲᠦᠭᠡᠮᠡᠯᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠥᠯᠥᠪᠯᠡᠭᠡ ᠶᠢ | ᠭᠦᠨᠵᠡᠭᠡᠢ ᠬᠡᠷᠡᠭᠵᠢᠭᠦᠯᠬᠦ ᠬᠡᠷᠡᠭᠲᠡᠢ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠷᠡᠰ | ᠭᠤᠶᠢᠪᠢᠰᠢ ᠦᠭᠡᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠦᠨᠳᠦᠰᠦᠲᠡᠨ ᠨᠦᠭᠦᠳ ᠤᠨ ᠵᠠᠯᠠᠭᠤᠴᠤᠳ | ᠪᠠᠭᠠᠴᠤᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠡᠵᠡᠮᠰᠢᠨ ᠬᠡᠷᠡᠭᠯᠡᠬᠦ ᠶᠢ | ᠪᠠᠲᠤᠯᠠᠬᠤ ᠬᠡᠷᠡᠭᠲᠡᠢ᠃ | 18. ᠡᠯ᠎ᠡ ᠱᠠᠲᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠪᠣᠯᠣᠨ | ᠤᠯᠤᠰ ᠲᠥᠷᠥ ᠬᠠᠤᠯᠢ ᠴᠠᠭᠠᠵᠠ ᠶᠢᠨ ᠨᠢᠭᠡᠴᠢ ᠦᠨᠳᠦᠰᠦᠲᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢᠨ | ᠳᠠᠯᠳᠠ ᠬᠡᠮ ᠢ ᠨᠢᠭᠲᠠ ᠠᠩᠬᠠᠷᠴᠤ᠂ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠠᠶᠤᠯ ᠲᠦᠭᠰᠢᠭᠦᠷᠢ ᠶᠢᠨ ᠳᠠᠯᠳᠠ | ᠬᠡᠮ ᠢ ᠡᠷᠲᠡᠬᠡᠨ ᠤᠷᠢᠳᠴᠢᠯᠠᠨ ᠰᠡᠷᠭᠡᠶᠢᠯᠡᠬᠦ᠂ ᠨᠠᠷᠢᠯᠢᠭ ᠣᠨᠣᠴᠠᠲᠠᠢ ᠪᠠᠷ ᠢᠯᠡᠷᠡᠭᠦᠯᠬᠦ᠂ ᠵᠥᠪᠳᠡᠯᠴᠡᠨ ᠰᠤᠳᠤᠯᠤᠨ | ᠮᠠᠭᠠᠳᠯᠠᠬᠤ᠂ ᠴᠠᠭ ᠲᠤᠬᠠᠢ ᠳᠤᠨᠢ ᠰᠢᠢᠳᠪᠦᠷᠢᠯᠡᠬᠦ ᠵᠡᠷᠭᠡ ᠳᠦᠷᠢᠮ ᠲᠣᠭᠲᠠᠴᠠ ᠶᠢ ᠪᠦᠷᠢᠨᠰᠢᠭᠦᠯᠵᠦ᠂ ᠳᠠᠶᠢᠰᠤᠩᠨᠠᠭᠴᠢ | ᠬᠦᠴᠦᠨ ᠤ ᠨᠡᠪᠴᠢᠯᠲᠡ ᠬᠢᠬᠦ᠂ ᠡᠪᠳᠡᠬᠦ᠂ ᠨᠤᠷᠠᠭᠠᠬᠤ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠲᠡᠭᠦᠨ ᠳᠤ ᠬᠠᠤᠯᠢ | ᠶᠣᠰᠣᠭᠠᠷ ᠴᠣᠬᠢᠯᠲᠠ ᠥᠭᠬᠦ ᠬᠡᠷᠡᠭᠲᠡᠢ᠃ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠬᠡᠷᠡᠭ ᠤᠨ | ᠬᠡᠷᠡᠭ ᠢ ᠬᠠᠤᠯᠢ ᠶᠣᠰᠣᠭᠠᠷ ᠲᠣᠬᠢᠲᠠᠢ ᠰᠢᠢᠳᠪᠦᠷᠢᠯᠡᠵᠦ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢᠶᠠᠷ | ᠰᠢᠢᠳᠪᠦᠷᠢᠯᠡᠬᠦ ᠶᠢ ᠪᠠᠷᠢᠮᠲᠠᠯᠠᠬᠤ ᠬᠡᠷᠡᠭᠲᠡᠢ᠃ | 19. ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠷᠠᠳ ᠲᠤ ᠠᠰᠢᠭ | ᠬᠦᠷᠲᠡᠭᠡᠬᠦ ᠨᠥᠬᠦᠪᠦᠷᠢ ᠪᠡᠯᠡ ᠮᠥᠩᠭᠦ ᠶᠢᠨ ︽ᠪᠦᠬᠦᠨ ᠳᠤ ᠲᠣᠬᠢᠷᠠᠬᠤ ᠺᠠᠷᠲ︾ ᠤᠨ ᠰᠢᠭᠤᠳ ᠬᠦᠷᠭᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠠᠰᠢᠭ ᠲᠤᠰᠠ ᠬᠦᠷᠲᠡᠭᠡᠬᠦ | ᠶᠠᠭᠤᠨ ᠠᠴᠠ ᠢᠷᠡᠬᠦ᠂ ᠠᠰᠢᠭ ᠲᠤᠰᠠ ᠬᠦᠷᠲᠡᠭᠡᠬᠦ ᠶᠢ ᠣᠶᠢᠯᠭᠠᠭᠤᠯᠬᠤ ᠬᠡᠷᠡᠭᠲᠡᠢ᠃ ᠡᠬᠢ ᠪᠠᠶᠠᠯᠢᠭ ᠢ ᠨᠡᠭᠡᠭᠡᠨ | ᠬᠥᠭᠵᠢᠭᠦᠯᠬᠦ᠂ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠣᠯᠠᠨ ᠲᠦᠮᠡᠨ ᠤ ᠠᠰᠢᠭ | ᠲᠤᠰᠠ ᠶᠢ ᠬᠠᠮᠠᠭᠠᠯᠠᠬᠤ ᠶᠢ ᠦᠨᠡᠯᠡᠨ ᠵᠢᠱᠢᠬᠦ ᠪᠠ ᠬᠤᠪᠢᠶᠠᠷᠢᠯᠠᠬᠤ ᠲᠣᠭᠲᠠᠴᠠ ᠶᠢ ᠲᠡᠭᠦᠯᠳᠡᠷᠵᠢᠭᠦᠯᠵᠦ᠂ | ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ | ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠳᠤ | ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠬᠡᠷᠡᠭᠵᠢᠭᠦᠯᠬᠦ ᠬᠦᠷᠢᠶ᠎ᠡ ᠬᠡᠪᠴᠢᠶ᠎ᠡ ᠶᠢ ᠥᠷᠭᠡᠳᠬᠡᠵᠦ᠂ | ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠡᠵᠡᠨ ᠬᠥᠮᠥᠨ ᠤ | ᠤᠬᠠᠮᠰᠠᠷ ᠢ ᠨᠢ ᠴᠢᠩᠭᠠᠳᠬᠠᠵᠤ᠂ ᠬᠠᠮᠲᠤ ᠪᠠᠷ ᠲᠡᠮᠡᠴᠡᠬᠦ ᠳᠤᠮᠳᠠ ᠬᠠᠮᠲᠤ ᠪᠠᠷ ᠴᠢᠨᠡᠭᠡᠯᠢᠭᠵᠢᠬᠦ ᠲᠡᠰᠢ | ᠤᠷᠤᠭᠰᠢᠯᠠᠭᠤᠯᠤᠨ᠎ᠠ᠃ | 20. ᠬᠤᠯᠪᠣᠭᠳᠠᠯ ᠪᠦᠬᠦᠢ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠳ ᠬᠢᠯᠢ ᠬᠢᠵᠠᠭᠠᠷ ᠣᠷᠣᠨ ᠢᠶᠠᠨ | ᠬᠥᠭᠵᠢᠭᠦᠯᠦᠨ ᠠᠷᠠᠳ ᠢᠶᠠᠨ ᠪᠠᠶᠠᠵᠢᠭᠤᠯᠬᠤ ᠠᠵᠢᠯᠯᠠᠭ᠎ᠠ ᠶᠢᠨ ᠲᠥᠪ ᠤᠨ ᠬᠤᠲᠠ ᠪᠠᠯᠭᠠᠰᠤ ᠶᠢᠨ ᠪᠦᠲᠦᠭᠡᠨ | ᠪᠠᠶᠢᠭᠤᠯᠤᠯᠲᠠ ᠶᠢᠨ ᠲᠤᠷᠰᠢᠯᠲᠠ ᠶᠢ ᠭᠦᠨᠵᠡᠭᠡᠢ ᠥᠷᠨᠢᠭᠦᠯᠦᠨ᠂ ᠬᠢᠯᠢ ᠬᠢᠵᠠᠭᠠᠷ ᠣᠷᠣᠨ ᠤ ᠤᠰᠤ ᠴᠠᠬᠢᠯᠭᠠᠨ ᠵᠠᠮ | ᠬᠤᠯᠪᠣᠭ᠎ᠠ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠬᠢᠯᠢ | ᠬᠢᠵᠠᠭᠠᠷ ᠣᠷᠣᠨ ᠤ ᠳᠠᠪᠠᠭᠤᠯᠢᠭ ᠪᠦᠬᠦᠢ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠲᠡᠳᠬᠦᠨ᠂ ᠬᠢᠯᠢ | ᠳᠠᠭᠠᠤ ᠣᠷᠣᠨ ᠤ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠰᠢᠨ᠎ᠡ ᠶᠢ ᠡᠭᠦᠳᠬᠦ | ᠬᠥᠭᠵᠢᠯᠲᠡ ᠶᠢ ᠲᠦᠯᠬᠢᠨ ᠠᠬᠢᠭᠤᠯᠵᠤ᠂ ᠬᠢᠯᠢ ᠶᠢᠨ ︽ᠳᠥᠷᠪᠡᠨ ᠬᠠᠮᠲᠤ︾ ᠶᠢᠨ ᠤᠷᠲᠤ ᠬᠤᠩᠭᠢᠯ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤᠪᠠᠷ ᠬᠢᠯᠢ ᠬᠢᠵᠠᠭᠠᠷ ᠢ | ᠰᠠᠬᠢᠵᠤ ᠬᠢᠯᠢ ᠬᠢᠵᠠᠭᠠᠷ ᠢᠶᠠᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ | 21. ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠦᠬᠦ ᠠᠷᠠᠳ ᠤᠨ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠳᠤ | ᠰᠠᠭᠤᠭ᠎ᠠ ᠴᠡᠷᠢᠭ ᠠᠩᠭᠢ ᠯᠤᠭ᠎ᠠ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠠᠵᠢᠯ ᠢ ᠴᠢᠩᠭᠠᠳᠬᠠᠵᠤ᠂ | ᠨᠡᠶᠢᠭᠡᠮ ᠲᠣᠭᠤᠷᠢᠭ ᠨᠢ ᠴᠡᠷᠢᠭ ᠢᠶᠠᠨ ᠬᠦᠷᠢᠶᠡᠯᠡᠬᠦ᠂ ᠠᠵᠢᠯ ᠲᠥᠷᠥᠯ ᠢᠶᠠᠷ ᠢᠶᠠᠨ ᠴᠡᠷᠢᠭ ᠢᠶᠠᠨ ᠬᠦᠷᠢᠶᠡᠯᠡᠬᠦ ᠵᠡᠷᠭᠡ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠢ᠃ ᠤᠯᠠᠭᠠᠨᠮᠥ᠋ᠴᠢᠷ ᠤᠨ ᠭᠡᠰᠢᠭᠦᠳ ᠢ ᠰᠢᠯᠢᠳᠡᠭ ᠡᠷᠦᠬᠡ ᠶᠢᠨ | ᠴᠡᠷᠢᠭ ᠤᠨ ᠴᠤᠪᠤᠷᠠᠯ ᠤᠨ ᠬᠠᠮᠢᠶᠠᠷᠤᠯᠲᠠ ᠳᠤ ᠣᠷᠣᠭᠤᠯᠵᠤ᠂ ᠵᠢᠯ ᠪᠦᠷᠢ ᠶᠢᠨ ᠪᠣᠯᠪᠠᠰᠤᠷᠠᠯ ᠤᠨ ᠴᠠᠭ ᠢ ᠠᠰᠢᠭᠯᠠᠨ | ᠬᠢᠯᠢ ᠶᠢᠨ ᠬᠠᠷᠠᠭᠤᠯ ᠤᠨ ᠭᠠᠵᠠᠷ ᠲᠤ ᠬᠦᠷᠴᠦ ᠲᠣᠬᠤᠨᠢᠭᠤᠯᠬᠤ ᠲᠣᠭᠯᠠᠯᠲᠠ ᠭᠠᠷᠭᠠᠪᠠ᠃ ᠥᠪᠡᠷᠲᠡᠭᠡᠨ ᠵᠠᠰᠠᠬᠤ | ᠣᠷᠣᠨ ᠳᠤ ᠰᠠᠭᠤᠭ᠎ᠠ ᠴᠡᠷᠢᠭ ᠠᠩᠭᠢ ᠶᠢᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠳᠤ ᠢᠳᠡᠪᠬᠢᠲᠡᠢ ᠣᠷᠣᠯᠴᠠᠬᠤ ᠶᠢ ᠳᠡᠮᠵᠢᠨ᠎ᠡ᠃ | 22. ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠦᠬᠦ ᠨᠡᠶᠢᠭᠡᠮ ᠳᠤ ︽ᠵᠣᠪᠠᠭᠤᠷᠢ | ᠵᠦᠳᠡᠭᠦᠷᠢ ᠶᠢ ᠲᠡᠰᠪᠦᠷᠢᠯᠡᠵᠦ᠂ ᠴᠤᠴᠠᠯᠲᠠ ᠦᠭᠡᠢ ᠤᠷᠤᠭᠰᠢᠯᠠᠵᠤ᠂ ᠵᠣᠷᠢᠯᠭ᠎ᠠ ᠳᠠᠭᠠᠨ ᠬᠦᠷᠬᠦ ᠦᠭᠡᠢ ᠪᠣᠯ | ᠶᠠᠭᠠᠬᠢᠭᠰᠠᠨ ᠴᠤ ᠵᠣᠭᠰᠣᠬᠤ ᠦᠭᠡᠢ︾ ᠭᠡᠬᠦ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ᠲᠡᠰᠪᠦᠷᠢ | ᠬᠠᠲᠠᠭᠤᠵᠢᠯᠲᠠᠢ ᠲᠡᠮᠡᠴᠡᠬᠦ᠂ ᠬᠠᠷᠠᠮ ᠦᠭᠡᠢ ᠵᠣᠷᠢᠭᠤᠯᠬᠤ᠂ ᠰᠢᠨᠲᠠᠷᠠᠰᠢ ᠦᠭᠡᠢ ᠴᠢᠷᠮᠠᠶᠢᠬᠤ᠂ ᠤᠷᠳᠤ ᠬᠤᠭᠤᠴᠠᠭ᠎ᠠ ᠪᠠᠷ | ᠴᠢᠷᠮᠠᠶᠢᠬᠤ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠨᠢᠭᠡ ᠪᠦᠯᠦᠭ ᠰᠢᠯᠢᠳᠡᠭ | ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠠᠶᠢᠭᠤᠯᠤᠨ ᠵᠣᠬᠢᠶᠠᠨ ᠪᠦᠲᠦᠭᠡᠵᠦ᠂ ᠨᠢᠭᠡ ᠪᠦᠯᠦᠭ ᠲᠡᠷᠢᠭᠦᠨ ᠤ | ᠨᠡᠶᠢᠲᠡᠯᠢᠭ ᠵᠢᠱᠢᠶ᠎ᠡ ᠶᠢ ᠰᠣᠩᠭᠤᠨ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠢᠮᠠᠭᠲᠠ ᠠᠵᠢᠯ | ᠬᠢᠵᠦ ᠦᠢᠯᠡᠰ ᠪᠣᠰᠬᠠᠬᠤ ᠬᠠᠳᠠᠨ ᠵᠣᠷᠢᠭ᠂ ᠡᠷᠴᠢ ᠵᠣᠷᠢᠭ ᠪᠠ ᠡᠷᠴᠢ ᠵᠣᠷᠢᠭ ᠢᠶᠠᠨ ᠪᠠᠷᠢᠮᠲᠠᠯᠠᠬᠤ ᠶᠢ | ᠵᠣᠷᠢᠭᠵᠢᠭᠤᠯᠬᠤ ᠬᠡᠷᠡᠭᠲᠡᠢ᠃ | 23. ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ | ᠲᠤᠤᠱᠯᠠᠭᠤᠯᠤᠨ ᠨᠠᠮ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠳᠦᠷᠢᠮ ᠳᠤ ᠣᠷᠣᠭᠤᠯᠵᠤ᠂ ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠭᠤᠯᠤᠯᠲᠠ᠂ | ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠬᠤ ᠠᠵᠢᠯ ᠪᠠ ᠵᠠᠰᠠᠭ ᠤᠨ ᠠᠵᠢᠯ ᠤᠨ ᠪᠦᠲᠦᠮᠵᠢ ᠶᠢ ᠬᠢᠨᠠᠨ | ᠰᠢᠯᠭᠠᠬᠤ ᠳᠤ ᠣᠷᠣᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ | ᠮᠡᠳᠡᠭᠦᠯᠦᠯᠲᠡ ᠶᠢ ᠦᠨᠡᠯᠡᠨ ᠬᠢᠨᠠᠨ ᠰᠢᠯᠭᠠᠬᠤ᠂ ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠪᠠ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠬᠠᠷᠢᠴᠠᠭᠤᠯᠤᠨ ᠪᠠᠶᠢᠴᠠᠭᠠᠬᠤ ᠴᠢᠬᠤᠯᠠ ᠠᠭᠤᠯᠭ᠎ᠠ ᠪᠣᠯᠭᠠᠬᠤ | ᠬᠡᠷᠡᠭᠲᠡᠢ᠃ | 24. ᠡᠯ᠎ᠡ ᠱᠠᠲᠤᠨ ᠤ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠤᠳ ᠺᠠᠳ᠋ᠷ ᠢ | ᠰᠣᠩᠭᠤᠨ ᠬᠥᠮᠥᠵᠢᠭᠦᠯᠬᠦ ᠲᠤᠰᠠᠲᠠᠢ ᠪᠦᠬᠦ ᠶᠠᠪᠤᠴᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠱᠤᠭᠤᠮ ᠤᠨ ᠱᠠᠭᠠᠷᠳᠠᠯᠭ᠎ᠠ ᠶᠢ ᠲᠣᠪᠤᠶᠢᠯᠭᠠᠨ | ᠲᠤᠤᠱᠯᠠᠭᠤᠯᠵᠤ᠂ ᠤᠯᠤᠰ ᠲᠦᠷᠦ ᠶᠢᠨ ᠬᠡᠪ ᠴᠢᠨᠠᠷ ᠤᠨ ᠰᠢᠨᠵᠢᠯᠡᠨ ᠪᠠᠶᠢᠴᠠᠭᠠᠯᠲᠠ ᠶᠢ ᠴᠢᠩᠭᠠᠳᠬᠠᠵᠤ᠂ ︽ᠲᠦᠷᠪᠡᠨ | ᠣᠨᠴᠠᠭᠠᠢ︾ ᠴᠢᠬᠤᠯᠠ ᠱᠠᠭᠠᠷᠳᠠᠯᠭ᠎ᠠ ᠶᠢ ᠺᠠᠳ᠋ᠷ ᠤᠨ ᠳᠠᠪᠰᠢᠵᠤ ᠪᠠᠭᠤᠵᠤ ᠪᠣᠯᠬᠤ᠂ ︽ᠬᠠᠷᠢᠭᠤᠴᠠᠯᠭ᠎ᠠ ᠡᠭᠦᠷᠭᠡᠯᠡᠵᠦ | ᠰᠠᠶᠢᠨ ᠺᠠᠳ᠋ᠷ ᠪᠣᠯᠬᠤ︾ ᠰᠢᠯᠭᠠᠷᠠᠭᠤᠯᠤᠯᠲᠠ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠢ᠃ | 25. ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠱᠤᠭᠤᠮ ᠢ ᠪᠠᠲᠤ ᠴᠢᠩᠭ᠎ᠠ ᠪᠠᠬᠢᠯᠡᠯᠲᠡ ᠶᠢᠨ | ︽ᠵᠢᠱᠢᠶᠡᠴᠢ︾ ᠶᠢᠨ ᠨᠠᠮ ᠤᠨ ᠡᠭᠦᠷ᠂ ︽ᠤᠮᠠᠷᠠᠲᠤ ᠬᠢᠯᠢ ᠶᠢᠨ ᠵᠢᠱᠢᠶᠡᠴᠢ ᠪᠠᠶᠢᠭᠤᠯᠭ᠎ᠠ ᠶᠢᠨ ᠲᠡᠷᠢᠭᠦᠨ ᠤ ᠨᠢᠭᠡᠴᠢ︾ | ᠶᠢᠨ ᠡᠭᠦᠳᠦᠨ ᠪᠠᠶᠢᠭᠤᠯᠬᠤ ᠠᠵᠢᠯ ᠤᠨ ᠪᠦᠬᠦ ᠶᠠᠪᠤᠴᠠ ᠶᠢᠨ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠨᠠᠮ ᠤᠨ | ᠭᠡᠰᠢᠭᠦᠨ ᠡᠯᠰᠡᠬᠦ ᠤᠯᠤᠰ ᠲᠦᠷᠦ ᠶᠢᠨ ᠬᠢᠨᠠᠨ ᠪᠠᠶᠢᠴᠠᠭᠠᠬᠤ᠂ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ | ᠴᠢᠬᠤᠯᠠ ᠠᠭᠤᠯᠭ᠎ᠠ ᠪᠣᠯᠭᠠᠬᠤ ᠬᠡᠷᠡᠭᠲᠡᠢ᠃ | 26. ᠡᠯ᠎ᠡ ᠱᠠᠲᠤᠨ ᠤ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷᠴᠤᠳ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠤᠤᠱᠯᠠᠭᠤᠯᠤᠨ ᠪᠠᠲᠤ ᠪᠠᠬᠢ ᠪᠤᠢ ᠪᠣᠯᠭᠠᠬᠤ ᠭᠤᠣᠯ | ᠱᠤᠭᠤᠮ ᠤᠨ ᠤᠨᠤᠯ ᠪᠣᠯᠣᠨ ᠦᠢᠯᠡᠳᠦᠯᠭᠡ ᠶᠢᠨ ᠠᠰᠠᠭᠤᠳᠠᠯ ᠤᠨ ᠲᠤᠬᠠᠢ ᠰᠤᠳᠤᠯᠭᠠᠨ ᠢᠶᠠᠨ ᠴᠢᠩᠭᠠᠳᠬᠠᠵᠤ᠂ | ᠲᠡᠭᠦᠨ ᠢ ᠣᠨ ᠤ ᠪᠠᠶᠢᠴᠠᠭᠠᠨ ᠰᠤᠳᠤᠯᠬᠤ ᠲᠥᠯᠥᠪᠯᠡᠭᠡ ᠳᠤ ᠣᠷᠣᠭᠤᠯᠬᠤ ᠬᠡᠷᠡᠭᠲᠡᠢ᠃ ᠮᠤᠵᠢ ᠶᠢᠨ ᠱᠠᠲᠤᠨ ᠤ | ᠤᠳᠤᠷᠢᠳᠬᠤ ᠺᠠᠳ᠋ᠷᠴᠤᠳ ᠲᠦᠷᠦᠭᠦᠯᠡᠨ ᠪᠠᠶᠢᠴᠠᠭᠠᠨ ᠰᠤᠳᠤᠯᠤᠯᠲᠠ ᠬᠢᠵᠦ᠂ ᠵᠢᠯ ᠪᠦᠷᠢ ᠠᠳᠠᠭ ᠲᠠᠭᠠᠨ ᠨᠢᠭᠡ ᠴᠢᠨᠠᠷ | ᠰᠠᠶᠢᠲᠠᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠪᠤᠢ ᠪᠣᠯᠭᠠᠬᠤ ᠬᠡᠷᠡᠭᠲᠡᠢ᠃ | 27. ᠡᠯ᠎ᠡ ᠱᠠᠲᠤᠨ ᠤ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠠᠪᠤᠴᠠ ᠳᠠᠬᠢ ᠵᠢᠱᠢᠶ᠎ᠡ ᠦᠵᠡᠭᠦᠯᠦᠨ ᠳᠠᠶᠢᠴᠢᠯᠠᠬᠤ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠬᠢᠨᠠᠯᠲᠠ ᠲᠠᠯᠪᠢᠬᠤ ᠳᠤ | ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ | ᠭᠠᠷᠭᠠᠬᠤ ᠬᠡᠷᠡᠭᠲᠡᠢ᠃ ᠡᠯ᠎ᠡ ᠱᠠᠲᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠪᠠᠶᠢᠭᠤᠯᠤᠮᠵᠢ | ᠬᠤᠯᠪᠣᠭᠳᠠᠯ ᠪᠦᠬᠦᠢ ᠰᠠᠨᠠᠯ ᠰᠠᠨᠠᠭᠤᠯᠭ᠎ᠠ ᠶᠢ ᠡᠮᠬᠢᠳᠬᠡᠬᠦ ᠪᠠ ᠬᠤᠪᠢᠷᠠᠭᠤᠯᠬᠤ ᠶᠢ ᠠᠬᠢᠭᠤᠯᠬᠤ ᠠᠵᠢᠯ ᠢ ᠰᠠᠶᠢᠲᠤᠷ | ᠬᠢᠬᠦ ᠬᠡᠷᠡᠭᠲᠡᠢ᠃ | 28. ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠡ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠭᠰᠠᠨ ᠭᠤᠣᠯ ᠱᠤᠭᠤᠮ ᠢ ᠲᠤᠭᠤᠰᠢᠯᠠᠭᠤᠯᠤᠭᠰᠠᠨ ᠪᠠᠶᠢᠳᠠᠯ ᠳᠤ ᠬᠢᠨᠠᠯᠲᠠ | ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠢᠶᠠᠷ ᠬᠦᠴᠦᠨ ᠦᠭᠡᠢ | ᠪᠠᠶᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠬᠡᠷᠡᠭᠲᠡᠢ᠃ ᠥᠪᠡᠷᠲᠡᠭᠡᠨ ᠵᠠᠰᠠᠬᠤ | ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠢᠨᠠᠯᠲᠠ ᠲᠠᠯᠪᠢᠬᠤ ᠶᠢ | ᠨᠡᠪᠲᠡᠷᠡᠭᠦᠯᠦᠨ ᠵᠣᠬᠢᠴᠠᠭᠤᠯᠬᠤ ᠲᠣᠭᠲᠠᠴᠠ ᠪᠠ ᠲᠠᠪᠴᠠᠩ ᠢ ᠰᠠᠶᠢᠲᠤᠷ ᠬᠡᠷᠡᠭᠯᠡᠵᠦ᠂ ᠠᠰᠠᠭᠤᠳᠠᠯ ᠢ ᠴᠠᠭ ᠲᠤᠬᠠᠢ ᠳᠤ | ᠨᠢ ᠢᠯᠡᠷᠡᠭᠦᠯᠵᠦ᠂ ᠠᠯᠳᠠᠭ᠎ᠠ ᠪᠤᠷᠤᠭᠤ ᠶᠢ ᠵᠠᠯᠠᠷᠠᠭᠤᠯᠬᠤ ᠬᠡᠷᠡᠭᠲᠡᠢ᠃ | |