【ᠦᠨᠳᠦᠰᠦᠨ ᠱᠠᠲᠤᠨ ᠤ ᠵᠡᠮᠳᠡᠭᠴᠦᠳ ᠤᠨ ᠨᠡᠶᠢᠭᠡᠮᠯᠢᠭ ‍ᠤᠨ‌‍ᠬᠥ᠋ᠳᠡᠯᠦᠩᠭᠦᠢ ᠪᠠᠶᠢᠳᠠᠯ】ᠵᠡᠮᠳᠡᠭᠴᠦᠳ ᠨᠢᠭᠡ ᠲᠠᠩᠬᠢᠮ ᠳᠤ ᠴᠤᠭᠯᠠᠷᠠᠵᠤ᠂ ᠴᠠᠶᠢᠯᠠᠯᠭ᠎ᠠ ᠶᠢᠨ ᠬᠤᠷᠠᠯ ᠳᠡᠭᠡᠷ᠎ᠡ ᠴᠤᠭ ᠵᠢᠪᠬᠤᠭ᠎ᠠ ᠪᠠᠨ ᠪᠠᠳᠠᠷᠠᠭᠤᠯᠤᠨ᠎ᠠ
ᠨᠡᠶᠢᠲᠡᠯᠡᠭᠰᠡᠨ ᠴᠠᠭ᠄
2024/1/3
        12 ᠰᠠᠷ᠎ᠠ ᠶᠢᠨ 28᠎ ᠤ ᠡᠳᠦᠷ ᠤᠨ ᠦᠳᠡ ᠶᠢᠨ ᠡᠮᠦᠨ᠎ᠡ᠂ ᠵᠡᠮᠳᠡᠭᠴᠦᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠢᠨ᠎ᠡ ᠵᠢᠯ ᠤᠨ ᠬᠦᠷᠴᠦ ᠢᠷᠡᠬᠦ ᠶᠢ ᠤᠭᠲᠤᠬᠤ ᠶᠢᠨ ᠲᠥᠯᠥᠭᠡ᠂ ᠦ᠋ ᠳ᠋ᠠᠩ ᠭᠧᠦ ᠲᠣᠰᠬᠤᠨ ᠤ ᠵᠡᠮᠳᠡᠭᠴᠦᠳ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ︽ᠰᠢᠨ᠎ᠡ ᠵᠢᠯ ᠤᠨ ᠪᠠᠶᠠᠷ ᠢ ᠪᠡᠯᠭᠡᠯᠡᠬᠦ︾ ᠴᠠᠶᠢᠯᠠᠯᠭ᠎ᠠ ᠶᠢ ᠥᠷᠨᠢᠭᠦᠯᠪᠡ᠃ ᠬᠠᠷᠢᠶ᠎ᠠ ᠣᠷᠣᠨ ᠤ ᠵᠡᠮᠳᠡᠭᠴᠦᠳ ᠤᠨ ᠭᠡᠷ ᠪᠦᠯᠢ ᠶᠢᠨ ᠬᠢᠨ ᠲᠠᠢ ᠬᠠᠮᠵᠢᠯᠴᠠᠨ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃                 ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠲᠣᠰᠬᠤᠨ ᠤ ᠵᠡᠮᠳᠡᠭᠴᠦᠳ ᠤᠨ ᠨᠡᠶᠢᠭᠡᠮᠯᠢᠭ ᠬᠡᠩᠭᠡᠷᠭᠡ ᠳᠡᠯᠡᠳᠦᠨ ᠴᠡᠴᠡᠭ ᠳᠠᠮᠵᠢᠭᠤᠯᠬᠤ ᠲᠣᠭᠯᠠᠭᠠᠮ ᠪᠡᠯᠡᠳᠬᠡᠵᠦ᠂ ᠬᠥᠮᠥᠨ ᠪᠦᠬᠦᠨ ᠴᠥᠮ ᠲᠡᠭᠦᠨ ᠳᠤ ᠣᠷᠣᠯᠴᠠᠬᠤ ᠪᠣᠯᠣᠨ᠎ᠠ᠃ ᠬᠡᠩᠭᠡᠷᠭᠡᠨ ᠳᠤᠤᠭᠠᠷᠬᠤ ᠶᠢ ᠳᠠᠭᠠᠯᠳᠤᠨ᠂ ᠤᠯᠠᠭᠠᠨ ᠬᠤᠸᠠᠷ ᠠᠭᠠᠷ ᠲᠤ ᠦᠰᠦᠷᠴᠦ ᠬᠠᠷᠠᠶᠢᠵᠤ᠂ ᠬᠡᠩᠭᠡᠷᠭᠡᠨ ᠳᠠᠭᠤᠨ ᠨᠠᠮᠵᠢᠭᠤᠨ᠂ ᠠᠯᠠᠭ᠎ᠠ ᠲᠡᠰᠢᠯᠲᠡ ᠶᠢᠨ ᠳᠠᠭᠤᠨ ᠭᠠᠷᠴᠤ᠂ ᠤᠯᠠᠭᠠᠨ ᠴᠡᠴᠡᠭ ᠢᠶᠠᠷ ᠰᠣᠩᠭᠤᠭᠳᠠᠭᠰᠠᠨ ᠵᠣᠯ ᠢᠶᠠᠷ ᠠᠯᠢ ᠡᠷᠲᠡ ᠥᠪᠡᠷ ᠤᠨ ᠵᠢᠵᠢᠭ ᠲᠣᠭᠯᠠᠯᠲᠠ ᠪᠠᠨ ᠪᠡᠯᠡᠳᠴᠦ᠂ ᠳᠠᠭᠤᠤ ᠳᠠᠭᠤᠯᠠᠵᠤ᠂ ᠶᠠᠩᠭᠠᠷ ᠪᠥᠵᠢᠭᠯᠡᠵᠦ᠂ ᠢᠨᠢᠶᠡᠳᠦᠮ ᠶᠠᠷᠢᠵᠤ᠂ ᠣᠯᠠᠨ ᠳᠤ ᠬᠢᠵᠠᠭᠠᠯᠠᠰᠢ ᠦᠭᠡᠢ ᠪᠠᠶᠠᠷ ᠪᠠᠶᠠᠰᠤᠯ ᠢ ᠠᠪᠴᠢᠷᠠᠵᠤ ᠥᠭᠪᠡ᠃ ᠲᠣᠭᠯᠠᠭᠠᠮ ᠳᠠᠭᠤᠰᠤᠭᠰᠠᠨ ᠤ ᠳᠠᠷᠠᠭ᠎ᠠ᠂ ᠣᠯᠠᠨ ᠢᠶᠠᠷ ᠢᠶᠠᠨ ᠴᠠᠢ ᠤᠤᠭᠤᠵᠤ᠂ ᠰᠤᠯᠠ ᠢᠳᠡᠭᠡᠨ ᠢᠳᠡᠵᠦ᠂ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠰᠢᠨ᠎ᠡ ᠨᠢᠭᠡ ᠵᠢᠯ ᠤᠨ ᠬᠡᠬᠦᠳᠡᠭ ᠳᠦᠭᠦᠷᠡᠩ ᠬᠦᠰᠡᠯ ᠡᠷᠡᠮᠡᠯᠵᠡᠯ ᠳᠤ ᠲᠤᠯᠭᠠᠷᠠᠪᠠ᠃        ᠲᠤᠰ ᠤᠳᠠᠭᠠᠨ ᠤ ᠴᠠᠶᠢᠯᠠᠯᠭ᠎ᠠ ᠨᠢ ᠦ᠋ ᠳ᠋ᠠᠩ ᠭᠧᠦ ᠲᠣᠰᠬᠤᠨ ᠤ ᠵᠡᠮᠳᠡᠭᠴᠦᠳ ᠤᠨ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠨᠡᠩ ᠴᠤ ᠵᠡᠮᠳᠡᠭᠴᠦᠳ ᠤᠨ ᠬᠤᠪᠢ ᠬᠥᠮᠥᠨ ᠤ ᠴᠤᠭ ᠵᠢᠪᠬᠤᠭ᠎ᠠ ᠶᠢ ᠢᠯᠡᠷᠡᠭᠦᠯᠬᠦ ᠲᠠᠪᠴᠠᠩ ᠬᠠᠩᠭᠠᠵᠤ᠂ ᠵᠡᠮᠳᠡᠭᠴᠦᠳ ᠢ ᠪᠠᠶᠠᠷ ᠤᠨ ᠡᠳᠦᠷ ᠢᠶᠠᠨ ᠪᠠᠶᠠᠷ ᠪᠠᠶᠠᠰᠬᠤᠯᠠᠩ ᠲᠠᠢ ᠥᠩᠭᠡᠷᠡᠭᠦᠯᠬᠦ ᠠᠭᠤᠷ ᠠᠮᠢᠰᠬᠤᠯ ᠤᠨ ᠳᠤᠮᠳᠠ ᠳᠠᠭᠤᠯᠠᠨ ᠪᠥᠵᠢᠭᠯᠡᠵᠦ᠂ ᠰᠢᠨ᠎ᠡ ᠵᠢᠯ ᠤᠨ ᠡᠷᠡᠮᠡᠯᠵᠡᠯ ᠳᠤ ᠣᠷᠣᠭᠤᠯᠵᠠᠢ᠃        ᠡᠬᠡ ᠪᠢᠴᠢᠭ ᠲᠤᠭᠤᠷᠪᠢᠭᠴᠢ᠄ ᠸᠠᠩ ᠢᠦᠢ ᠹᠠᠩ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号