ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/1/3
        ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠭᠦᠨᠵᠡᠭᠡᠢ ᠥᠷᠨᠢᠭᠦᠯᠵᠦ᠂ ᠥᠷᠭᠡᠨ ᠤᠯᠠᠨ ᠺᠠᠳ᠋ᠷ ᠠᠵᠢᠯᠲᠠᠨ ᠠᠵᠢᠯᠴᠢᠨ ᠢ ᠬᠥᠲᠥᠯᠥᠨ ᠵᠢᠯᠤᠭᠤᠳᠴᠤ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠶᠢ ᠭᠦᠨᠵᠡᠭᠡᠢ ᠣᠶᠢᠯᠠᠭᠠᠭᠤᠯᠵᠤ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃ 12 ᠰᠠᠷ᠎ᠠ ᠶᠢᠨ 28᠎ ᠤ ᠡᠳᠦᠷ ᠤᠨ ᠦᠳᠡ ᠶᠢᠨ ᠬᠤᠶᠢᠨ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠰᠢᠯᠢᠳᠡᠭ ᠤᠬᠠᠭᠤᠯᠤᠨ ᠲᠠᠶᠢᠯᠪᠤᠷᠢᠯᠠᠭᠴᠢ ᠯᠢᠦ ᠵᠢᠩ ᠶᠤᠸᠠᠢ ᠶᠢ ᠤᠷᠢᠵᠤ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠲᠤᠬᠠᠢ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠥᠷᠨᠢᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠪᠥᠬᠦ ᠺᠠᠳ᠋ᠷ ᠠᠵᠢᠯᠲᠠᠨ ᠠᠵᠢᠯᠴᠢᠨ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠬᠤᠷᠠᠯ ᠳᠤ ᠣᠷᠣᠯᠴᠠᠪᠠ᠃
        ᠤᠬᠠᠭᠤᠯᠤᠨ ᠲᠠᠶᠢᠯᠪᠤᠷᠢᠯᠠᠭᠴᠢ ︽︿ᠤᠳᠠᠯ ᠦᠭᠡᠢ﹀᠎ ᠤᠨ ᠵᠢᠷᠤᠭ ᠲᠥᠰᠥᠪ ᠢ ᠬᠠᠮᠲᠤᠪᠠᠷ ᠵᠢᠷᠤᠭᠯᠠᠵᠤ᠂ ᠳᠤᠮᠳᠠᠳᠤ ᠶᠢᠨ ᠰᠣᠶᠣᠯ ᠤᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠴᠣᠭᠴᠠᠯᠠᠶ᠎ᠠ︾ ᠭᠡᠬᠦ ᠭᠤᠣᠯ ᠰᠡᠳᠦᠪ ᠢᠶᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ᠂ ᠪᠠᠶᠠᠯᠢᠭ ᠠᠭᠤᠯᠤᠭᠳᠠᠬᠤᠨ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠵᠡᠷᠭᠡ ᠲᠠᠯ᠎ᠠ ᠪᠠᠷ ᠪᠦᠬᠦ ᠲᠠᠯ᠎ᠠ ᠪᠠᠷ ᠰᠢᠰᠲ᠋ᠧᠮ ᠲᠠᠢ ᠲᠠᠶᠢᠯᠤᠮᠵᠢ ᠬᠢᠵᠡᠢ᠃ ᠡᠭᠦᠨ ᠤ ᠬᠠᠮᠲᠤ ︽ᠭᠤᠷᠪᠠᠨ ᠮᠣᠷᠢ︾᠎ ᠶᠢᠨ ᠠᠮᠢᠳᠤᠯᠢᠭ ᠵᠢᠱᠢᠶ᠎ᠡ ᠪᠠᠷ ᠳᠠᠮᠵᠢᠭᠤᠯᠤᠨ ᠪᠢᠳᠡᠨ ᠳᠤ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠰᠥᠰᠥ ᠵᠣᠷᠢᠭ᠂ ᠰᠥᠰᠥ ᠵᠣᠷᠢᠭ᠂ ᠢᠳᠡ ᠬᠦᠴᠦ ᠪᠠᠨ ᠴᠢᠩᠭᠠᠳᠬᠠᠬᠤ ᠪᠠᠷ ︽ᠮᠣᠷᠢ︾᠎ ᠶᠢᠨ ᠵᠢᠷᠤᠭ ᠲᠥᠰᠥᠪ ᠢ ᠵᠢᠷᠤᠭᠯᠠᠪᠠ︔ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢᠶᠠᠷ ᠰᠠᠭᠤᠷᠢ ᠪᠣᠯᠭᠠᠨ ︽ᠮᠣᠷᠢ︾᠎ ᠶᠢᠨ ᠵᠢᠷᠤᠭ ᠲᠥᠰᠥᠪ ᠢ ᠵᠢᠷᠤᠭᠯᠠᠪᠠ︔ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠪᠠᠷ ᠪᠢᠷ ᠪᠡᠬᠡᠰ ᠢᠶᠠᠷ ︽ᠮᠣᠷᠢ︾᠎ ᠶᠢᠨ ᠵᠢᠷᠤᠭ ᠲᠥᠰᠥᠪ ᠢ ᠵᠢᠷᠤᠭᠯᠠᠪᠠ᠃ ᠪᠦᠬᠦ ᠺᠠᠳ᠋ᠷ ᠠᠵᠢᠯᠲᠠᠨ ᠠᠵᠢᠯᠴᠢᠨ ᠢ ᠰᠤᠷᠭᠠᠨ ᠬᠥᠮᠥᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠴᠢ ᠡᠨᠡᠷᠢᠯ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠡᠷᠡᠰ ᠵᠣᠷᠢᠭ ᠢ ᠪᠠᠲᠤᠳᠬᠠᠵᠤ᠂ ᠪᠦᠬᠦ ᠬᠥᠮᠥᠰ ᠲᠤ ᠥᠨᠥᠳᠥᠷ ᠤᠨ ᠰᠠᠶᠢᠨ ᠰᠠᠶᠢᠬᠠᠨ ᠠᠮᠢᠳᠤᠷᠠᠯ ᠬᠢᠯᠪᠠᠷ ᠪᠤᠰᠤ ᠪᠠᠷ ᠢᠷᠡᠭᠰᠡᠨ ᠭᠡᠳᠡᠭ ᠢ ᠭᠦᠨᠵᠡᠭᠡᠢ ᠲᠣᠳᠣᠷᠬᠠᠢ ᠣᠶᠢᠯᠠᠭᠠᠭᠤᠯᠵᠤ᠂ ᠥᠷᠭᠡᠨ ᠤᠯᠠᠨ ᠺᠠᠳ᠋ᠷ ᠠᠵᠢᠯᠲᠠᠨ ᠠᠵᠢᠯᠴᠢᠨ ᠢ ᠦᠨᠡᠨ ᠬᠦ ᠬᠥᠲᠥᠯᠥᠨ ᠵᠢᠯᠤᠭᠤᠳᠴᠤ ᠪᠠᠶᠢᠭᠠᠳ ᠠᠷᠠᠳ ᠲᠦᠮᠡᠨ ᠳᠤ ᠦᠢᠯᠡᠴᠢᠯᠡᠬᠦ ᠬᠠᠷᠢᠭᠤᠴᠠᠯᠭ᠎ᠠ ᠡᠭᠦᠷᠭᠡᠯᠡᠯ ᠢ ᠨᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃        ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠠᠷᠠᠳ ᠤᠨ ᠠᠮᠢᠳᠤᠷᠠᠯ ᠤᠨ ᠴᠢᠬᠤᠯᠠ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠣᠯᠠᠨ ᠲᠦᠮᠡᠨ ᠬᠢᠭᠡᠳ ᠵᠠᠰᠠᠭ ᠤᠨ ᠣᠷᠳᠣᠨ ᠤ ᠨᠡᠪᠲᠡᠷᠡᠯᠴᠡᠬᠦ ᠬᠥᠭᠦᠷᠭᠡ ᠬᠤᠯᠪᠣᠭᠠᠰᠤ ᠶᠢ ᠡᠭᠦᠷᠭᠡᠯᠡᠵᠦ ᠪᠣᠶ᠃ ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠳᠠᠷᠠᠭ᠎ᠠ᠂ ᠺᠠᠳ᠋ᠷ ᠠᠵᠢᠯᠲᠠᠨ ᠠᠵᠢᠯᠴᠢᠨ ᠮᠣᠩᠭᠤᠯ ᠮᠣᠷᠢ ᠲᠠᠢ ᠠᠳᠠᠯᠢ ᠪᠠᠷ ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠴᠤᠴᠠᠯᠲᠠ ᠦᠭᠡᠢ ᠤᠷᠤᠭᠰᠢᠯᠠᠬᠤ ᠵᠣᠷᠢᠭ ᠰᠠᠨᠠᠭ᠎ᠠ ᠪᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠷᠮᠠᠶᠢᠨ ᠪᠡᠶᠡᠯᠡᠭᠦᠯᠵᠦ᠂ ︽ᠲᠠᠶᠢᠯᠪᠤᠷᠢᠯᠠᠬᠤ ᠰᠡᠳᠬᠢᠬᠦᠢ︾᠂ ︽ᠰᠢᠯᠢᠳᠡᠭ ᠰᠡᠳᠬᠢᠬᠦᠢ︾᠎ ᠶᠢ ᠬᠡᠷᠡᠭᠯᠡᠨ ︽ᠨᠢᠭᠡ ᠨᠠᠰᠤᠨ ᠳᠤ ᠪᠠᠨ ᠦᠢᠯᠡᠴᠢᠯᠡᠵᠦ᠂ ᠨᠢᠭᠡ ᠨᠠᠰᠤ ᠪᠠᠨ ᠪᠠᠲᠤᠯᠠᠵᠤ᠂ ᠨᠢᠭᠡ ᠨᠠᠰᠤ ᠪᠠᠨ ᠲᠡᠮᠳᠡᠭᠯᠡᠬᠦ︾ ᠵᠣᠷᠢᠯᠲᠠ ᠶᠢᠨ ᠤᠰᠤᠯᠠᠯᠲᠠ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠢ ᠪᠡᠶᠡᠯᠡᠭᠦᠯᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号