ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/1/3
        ᠡᠪᠡᠳᠴᠢᠨ ᠡᠭᠦᠰᠬᠡᠭᠴᠢ ᠮᠢᠺᠷᠣᠪ ᠤᠨ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠪᠡᠳᠴᠢᠨ ᠡᠭᠦᠰᠬᠡᠭᠴᠢ ᠮᠢᠺᠷᠣᠪ ᠤᠨ ᠲᠤᠷᠰᠢᠯᠲᠠ ᠶᠢᠨ ᠲᠠᠰᠤᠭ ᠤᠨ ᠵᠢᠷᠤᠮᠵᠢᠯ ᠲᠠᠢ ᠡᠮᠬᠢ ᠵᠢᠷᠤᠮ ᠲᠠᠢ ᠠᠵᠢᠯᠯᠠᠬᠤ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠶᠢᠨ ᠲᠥᠯᠥᠭᠡ᠃ ᠣᠶᠢᠷ᠎ᠠ ᠳᠤ᠂ ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠡᠷᠡᠭᠦᠯ ᠬᠠᠮᠠᠭᠠᠯᠠᠯ ᠤᠨ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠵᠤ ᠰᠢᠭᠤᠶᠢᠲᠤ ᠣᠷᠣᠨ ᠤ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠳᠤ ᠲᠤᠰᠬᠠᠢ ᠬᠢᠨᠠᠯᠲᠠ ᠲᠠᠯᠪᠢᠵᠤ ᠪᠠᠶᠢᠴᠠᠭᠠᠯᠲᠠ ᠥᠷᠨᠢᠭᠦᠯᠪᠡ᠃
        ᠳᠠᠷᠠᠭᠠᠴᠢ ᠶᠢᠨ ᠠᠯᠬᠤᠮ ᠳᠤ᠂ ᠲᠤᠷᠰᠢᠯᠲᠠ ᠶᠢᠨ ᠲᠠᠰᠤᠭ ᠢ ᠬᠢᠨᠠᠨ ᠵᠢᠯᠤᠭᠤᠳᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠥᠪᠴᠢ ᠶᠢ ᠴᠢᠩᠭᠠᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠶᠠᠰᠤ ᠴᠢᠨᠠᠷ ᠢ ᠡᠵᠡᠮᠳᠡᠬᠦ ᠪᠠ ᠬᠠᠮᠢᠶᠠᠷᠬᠤ ᠶᠢ ᠴᠢᠩᠭ᠎ᠠ ᠠᠳᠬᠤᠵᠤ᠂ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠢ ᠪᠠᠲᠤᠯᠠᠨ᠎ᠠ᠃        ᠡᠬᠡ ᠪᠢᠴᠢᠭ ᠬᠠᠩᠭᠠᠭᠴᠢ᠄ ᠲᠠᠯ᠎ᠠ
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号