12 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠵᠡᠮᠳᠡᠭᠴᠦᠳ ᠤᠨ ᠤᠶᠤᠨ ᠰᠠᠨᠠᠭ᠎ᠠ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠢᠨ᠎ᠡ ᠵᠢᠯ ᠤᠨ ᠬᠦᠷᠴᠦ ᠢᠷᠡᠬᠦ ᠶᠢ ᠤᠭᠲᠤᠬᠤ ᠶᠢᠨ ᠲᠥᠯᠥᠭᠡ᠂ ᠦ᠋ | ᠳ᠋ᠠᠩ ᠭᠧᠦ ᠲᠣᠰᠬᠤᠨ ᠤ ᠵᠡᠮᠳᠡᠭᠴᠦᠳ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ︽ᠰᠢᠨ᠎ᠡ ᠵᠢᠯ ᠤᠨ ᠪᠠᠶᠠᠷ ᠢ | ᠪᠡᠯᠭᠡᠯᠡᠬᠦ︾ ᠴᠠᠶᠢᠯᠠᠯᠭ᠎ᠠ ᠶᠢ ᠥᠷᠨᠢᠭᠦᠯᠪᠡ᠃ ᠬᠠᠷᠢᠶ᠎ᠠ ᠣᠷᠣᠨ ᠤ ᠵᠡᠮᠳᠡᠭᠴᠦᠳ ᠤᠨ ᠭᠡᠷ ᠪᠦᠯᠢ ᠶᠢᠨ ᠬᠢᠨ ᠲᠠᠢ | ᠬᠠᠮᠵᠢᠯᠴᠠᠨ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃ | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠲᠣᠰᠬᠤᠨ ᠤ ᠵᠡᠮᠳᠡᠭᠴᠦᠳ ᠤᠨ ᠨᠡᠶᠢᠭᠡᠮᠯᠢᠭ ᠬᠡᠩᠭᠡᠷᠭᠡ | ᠳᠡᠯᠡᠳᠦᠨ ᠴᠡᠴᠡᠭ ᠳᠠᠮᠵᠢᠭᠤᠯᠬᠤ ᠲᠣᠭᠯᠠᠭᠠᠮ ᠪᠡᠯᠡᠳᠬᠡᠵᠦ᠂ ᠬᠥᠮᠥᠨ ᠪᠦᠬᠦᠨ ᠴᠥᠮ ᠲᠡᠭᠦᠨ ᠳᠤ ᠣᠷᠣᠯᠴᠠᠬᠤ | ᠪᠣᠯᠣᠨ᠎ᠠ᠃ ᠬᠡᠩᠭᠡᠷᠭᠡᠨ ᠳᠤᠤᠭᠠᠷᠬᠤ ᠶᠢ ᠳᠠᠭᠠᠯᠳᠤᠨ᠂ ᠤᠯᠠᠭᠠᠨ ᠬᠤᠸᠠᠷ ᠠᠭᠠᠷ ᠲᠤ ᠦᠰᠦᠷᠴᠦ ᠬᠠᠷᠠᠶᠢᠵᠤ᠂ | ᠬᠡᠩᠭᠡᠷᠭᠡᠨ ᠳᠠᠭᠤᠨ ᠨᠠᠮᠵᠢᠭᠤᠨ᠂ ᠠᠯᠠᠭ᠎ᠠ ᠲᠡᠰᠢᠯᠲᠡ ᠶᠢᠨ ᠳᠠᠭᠤᠨ ᠭᠠᠷᠴᠤ᠂ ᠤᠯᠠᠭᠠᠨ ᠴᠡᠴᠡᠭ ᠢᠶᠠᠷ | ᠰᠣᠩᠭᠤᠭᠳᠠᠭᠰᠠᠨ ᠵᠣᠯ ᠢᠶᠠᠷ ᠠᠯᠢ ᠡᠷᠲᠡ ᠥᠪᠡᠷ ᠤᠨ ᠵᠢᠵᠢᠭ ᠲᠣᠭᠯᠠᠯᠲᠠ ᠪᠠᠨ ᠪᠡᠯᠡᠳᠴᠦ᠂ ᠳᠠᠭᠤᠤ ᠳᠠᠭᠤᠯᠠᠵᠤ᠂ | ᠶᠠᠩᠭᠠᠷ ᠪᠥᠵᠢᠭᠯᠡᠵᠦ᠂ ᠢᠨᠢᠶᠡᠳᠦᠮ ᠶᠠᠷᠢᠵᠤ᠂ ᠣᠯᠠᠨ ᠳᠤ ᠬᠢᠵᠠᠭᠠᠯᠠᠰᠢ ᠦᠭᠡᠢ ᠪᠠᠶᠠᠷ ᠪᠠᠶᠠᠰᠤᠯ ᠢ ᠠᠪᠴᠢᠷᠠᠵᠤ | ᠥᠭᠪᠡ᠃ ᠲᠣᠭᠯᠠᠭᠠᠮ ᠳᠠᠭᠤᠰᠤᠭᠰᠠᠨ ᠤ ᠳᠠᠷᠠᠭ᠎ᠠ᠂ ᠣᠯᠠᠨ ᠢᠶᠠᠷ ᠢᠶᠠᠨ ᠴᠠᠢ ᠤᠤᠭᠤᠵᠤ᠂ ᠰᠤᠯᠠ ᠢᠳᠡᠭᠡᠨ ᠢᠳᠡᠵᠦ᠂ | ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠰᠢᠨ᠎ᠡ ᠨᠢᠭᠡ ᠵᠢᠯ ᠤᠨ ᠬᠡᠬᠦᠳᠡᠭ ᠳᠦᠭᠦᠷᠡᠩ ᠬᠦᠰᠡᠯ ᠡᠷᠡᠮᠡᠯᠵᠡᠯ ᠳᠤ | ᠲᠤᠯᠭᠠᠷᠠᠪᠠ᠃ | ᠲᠤᠰ ᠤᠳᠠᠭᠠᠨ ᠤ ᠴᠠᠶᠢᠯᠠᠯᠭ᠎ᠠ ᠨᠢ ᠦ᠋ ᠳ᠋ᠠᠩ ᠭᠧᠦ ᠲᠣᠰᠬᠤᠨ ᠤ ᠵᠡᠮᠳᠡᠭᠴᠦᠳ ᠤᠨ ᠰᠠᠶᠢᠨ ᠰᠠᠶᠢᠬᠠᠨ | ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠨᠡᠩ ᠴᠤ ᠵᠡᠮᠳᠡᠭᠴᠦᠳ ᠤᠨ ᠬᠤᠪᠢ ᠬᠥᠮᠥᠨ ᠤ | ᠴᠤᠭ ᠵᠢᠪᠬᠤᠭ᠎ᠠ ᠶᠢ ᠢᠯᠡᠷᠡᠭᠦᠯᠬᠦ ᠲᠠᠪᠴᠠᠩ ᠬᠠᠩᠭᠠᠵᠤ᠂ ᠵᠡᠮᠳᠡᠭᠴᠦᠳ ᠢ ᠪᠠᠶᠠᠷ ᠤᠨ ᠡᠳᠦᠷ ᠢᠶᠠᠨ ᠪᠠᠶᠠᠷ | ᠪᠠᠶᠠᠰᠬᠤᠯᠠᠩ ᠲᠠᠢ ᠥᠩᠭᠡᠷᠡᠭᠦᠯᠬᠦ ᠠᠭᠤᠷ ᠠᠮᠢᠰᠬᠤᠯ ᠤᠨ ᠳᠤᠮᠳᠠ ᠳᠠᠭᠤᠯᠠᠨ ᠪᠥᠵᠢᠭᠯᠡᠵᠦ᠂ ᠰᠢᠨ᠎ᠡ ᠵᠢᠯ ᠤᠨ | ᠡᠷᠡᠮᠡᠯᠵᠡᠯ ᠳᠤ ᠣᠷᠣᠭᠤᠯᠵᠠᠢ᠃ | ᠡᠬᠡ ᠪᠢᠴᠢᠭ ᠲᠤᠭᠤᠷᠪᠢᠭᠴᠢ᠄ ᠸᠠᠩ ᠢᠦᠢ ᠹᠠᠩ | |